ᠤᠶᠢᠷ᠎ᠠ ᠳᠤ᠂ ᠭᠠᠬᠢᠯ ᠰᠣᠮᠣ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ 70 ᠵᠢᠯ ᠤᠨ ᠤᠢ ᠵᠢᠴᠢ | 34 ᠳᠠᠬᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢ ᠤᠭᠲᠤᠬᠤ ᠶᠢᠨ ᠲᠦᠯᠦᠭᠡ᠂ ︽ | ᠪᠣᠯᠪᠠᠰᠤᠨ ᠡᠷᠡᠭᠦᠯ ᠮᠡᠨᠳᠦ᠂ ᠪᠣᠬᠢᠷᠳᠤᠯ ᠦᠭᠡᠢ ᠣᠷᠴᠢᠨ ᠠᠬᠤᠢ ᠶᠢ ᠬᠠᠮᠠᠭᠠᠯᠠᠬᠤ︾ ᠭᠤᠣᠯ ᠰᠡᠳᠦᠪᠲᠦ ᠰᠢᠷᠢᠰ | ᠠᠵᠢᠯᠯᠠᠭ᠎ᠠ ᠶᠢ ᠦᠷᠨᠢᠭᠦᠯᠵᠦ᠂ ᠤᠷᠴᠢᠨ ᠲᠤᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠰᠠᠶᠢᠨ ᠰᠠᠶᠢᠬᠠᠨ | ᠨᠡᠶᠢᠭᠡᠮ ᠤᠨ ᠤᠷᠴᠢᠨ ᠠᠬᠤᠢ ᠶᠢ ᠪᠤᠢ ᠪᠤᠯᠭᠠᠭᠰᠠᠨ ᠪᠠᠶᠢᠨ᠎ᠠ᠃ | ᠨᠢᠭᠡ᠂ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠠᠵᠢᠯᠯᠠᠭᠠᠨ ᠤ ᠠᠭᠤᠷ ᠠᠮᠢᠰᠬᠤᠯ ᠢ ᠪᠣᠶ ᠪᠤᠯᠭᠠᠪᠠ᠃ | ᠤᠬᠠᠭᠤᠯᠵᠤ ᠬᠥᠲᠥᠯᠥᠨ ᠵᠢᠯᠤᠭᠤᠳᠬᠤ ᠶᠢ ᠤᠯᠠᠨ ᠲᠦᠮᠡᠨ ᠢ ᠤᠯᠤᠰ ᠢᠶᠠᠨ ᠬᠠᠶᠢᠷᠠᠯᠠᠬᠤ ᠡᠷᠡᠭᠦᠯ | ᠬᠠᠮᠠᠭᠠᠯᠠᠯ ᠤᠨ ᠠᠵᠢᠯᠯᠠᠭᠠᠨ ᠳᠤ ᠣᠷᠣᠯᠴᠠᠭᠤᠯᠬᠤ ᠴᠢᠬᠤᠯᠠ ᠠᠷᠭ᠎ᠠ ᠪᠠᠷᠢᠯ ᠪᠣᠯᠭᠠᠬᠤ ᠶᠢ ᠢᠮᠠᠭᠲᠠ ᠪᠠᠷᠢᠮᠲᠠᠯᠠᠵᠤ᠂ | ᠰᠠᠭᠤᠭᠠᠯᠢ ᠠᠷᠠᠳ ᠤᠨ ᠡᠷᠡᠭᠦᠯ ᠮᠡᠨᠳᠦ ᠶᠢᠨ ᠤᠬᠠᠮᠰᠠᠷ ᠪᠣᠯᠣᠨ ᠨᠡᠶᠢᠭᠡᠮ ᠤᠨ ᠪᠣᠯᠪᠠᠰᠤᠨ ᠤ ᠬᠡᠮᠵᠢᠶ᠎ᠡ ᠶᠢ ᠬᠦᠴᠦᠯᠡᠨ | ᠳᠡᠭᠡᠭᠰᠢᠯᠡᠭᠦᠯᠵᠦ᠂ ᠤᠬᠠᠭᠤᠯᠭ᠎ᠠ ᠶᠢᠨ ᠬᠠᠭᠤᠳᠠᠰᠤ ᠲᠠᠷᠬᠠᠭᠠᠬᠤ᠂ ᠤᠬᠠᠭᠤᠯᠭ᠎ᠠ ᠶᠢᠨ ᠤᠷᠢᠶ᠎ᠠ ᠨᠠᠭᠠᠬᠤ᠂ ᠸᠢᠴᠠᠲ | ᠤᠯᠠᠨ ᠨᠡᠶᠢᠲᠡ ᠶᠢᠨ ᠲᠠᠪᠴᠠᠩ ᠳᠤ ᠬᠠᠮᠢᠶ᠎ᠠ ᠪᠦᠬᠦᠢ ᠤᠬᠠᠭᠤᠯᠭ᠎ᠠ ᠶᠢᠨ ᠠᠭᠤᠯᠭ᠎ᠠ ᠨᠡᠶᠢᠲᠡᠯᠡᠬᠦ ᠵᠡᠷᠭᠡ ᠠᠷᠭ᠎ᠠ | ᠬᠡᠯᠪᠡᠷᠢ ᠪᠠᠷ ᠳᠠᠮᠵᠢᠨ᠂ ︽ᠪᠣᠯᠪᠠᠰᠤᠨ ᠡᠷᠡᠭᠦᠯ ᠮᠡᠨᠳᠦ᠂ ᠪᠣᠬᠢᠷᠳᠤᠯ ᠦᠭᠡᠢ ᠣᠷᠴᠢᠨ ᠠᠬᠤᠢ ᠶᠢ ᠬᠠᠮᠠᠭᠠᠯᠠᠬᠤ︾ | ᠠᠮᠢᠳᠤᠷᠠᠯ ᠤᠨ ᠠᠷᠭ᠎ᠠ ᠬᠡᠯᠪᠡᠷᠢ ᠶᠢ ᠥᠷᠭᠡᠨ ᠢᠶᠠᠷ ᠤᠬᠠᠭᠤᠯᠵᠤ᠂ ᠤᠯᠠᠨ ᠲᠦᠮᠡᠨ ᠤ ᠬᠦᠴᠦᠨ ᠢ ᠳᠠᠶᠢᠴᠢᠯᠠᠨ᠂ | ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠤᠯᠭᠠᠵᠠᠢ᠃ ᠡᠭᠦᠨ ᠤ ᠬᠠᠮᠲᠤ᠂ ᠰᠤᠮᠤᠨ ᠤ ᠭᠤᠤᠯᠳᠠᠯᠭᠠᠲᠤ | ᠠᠵᠢᠯ ᠲᠠᠢ ᠤᠶᠠᠯᠳᠤᠭᠤᠯᠵᠤ᠂ ᠡᠷᠦᠬᠡ ᠳᠤ ᠭᠦᠨᠵᠡᠭᠡᠶᠢᠷᠡᠨ ︽ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ | ᠬᠥᠳᠡᠯᠭᠡᠭᠡᠨ ᠤ ᠰᠠᠨᠠᠭᠠᠴᠢᠯᠠᠭ᠎ᠠ ᠶᠢᠨ ᠪᠢᠴᠢᠭ︾ ᠤᠨ ᠤᠬᠠᠭᠤᠯᠬᠤ ᠬᠠᠭᠤᠳᠠᠰᠤ 300 ᠭᠠᠷᠤᠢ ᠬᠤᠪᠢ᠂ ᠨᠤᠲᠤᠭ | ᠪᠡᠯᠴᠢᠭᠡᠷ ᠤᠨ ᠳᠡᠩᠴᠡᠭᠦᠷᠢ ᠶᠢ ᠪᠠᠲᠤᠯᠠᠬᠤ ᠲᠤᠬᠠᠢ ᠤᠬᠠᠭᠤᠯᠭ᠎ᠠ ᠶᠢᠨ ᠬᠠᠭᠤᠳᠠᠰᠤ 700 ᠭᠠᠷᠤᠢ ᠬᠤᠪᠢ᠂ ᠭᠠᠯ | ᠰᠡᠷᠭᠡᠶᠢᠯᠡᠬᠦ ᠲᠤᠬᠠᠢ ᠤᠬᠠᠭᠤᠯᠭ᠎ᠠ ᠶᠢᠨ ᠬᠠᠭᠤᠳᠠᠰᠤ 700 ᠭᠠᠷᠤᠢ ᠬᠤᠪᠢ ᠲᠠᠷᠠᠭᠠᠵᠤ᠂ ᠣᠷᠴᠢᠨ ᠲᠣᠭᠤᠷᠢᠨ ᠤ | ᠡᠷᠡᠭᠦᠯ ᠬᠠᠮᠠᠭᠠᠯᠠᠯ ᠤᠨ ᠠᠭᠤᠯᠭ᠎ᠠ ᠪᠦᠬᠦᠢ ᠤᠬᠠᠭᠤᠯᠭ᠎ᠠ ᠶᠢᠨ ᠤᠷᠢᠶ᠎ᠠ ᠯᠣᠽᠦ᠋ᠩ ᠢ 6 ᠵᠤᠷᠪᠤᠰ ᠨᠠᠭᠠᠵᠤ᠂ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠤᠨ ᠤᠬᠠᠭᠤᠯᠭ᠎ᠠ ᠶᠢᠨ ᠡᠷᠴᠢᠮ ᠢ ᠲᠠᠰᠤᠷᠠᠯᠲᠠ | ᠦᠭᠡᠢ ᠴᠢᠩᠭᠠᠷᠠᠭᠤᠯᠵᠠᠢ᠃ | ᠬᠤᠶᠠᠷ᠂ ᠠᠷᠢᠭᠤᠳᠬᠠᠨ ᠴᠡᠪᠡᠷᠯᠡᠬᠦ ᠠᠵᠢᠯᠯᠠᠭ᠎ᠠ ᠶᠢ ᠴᠢᠩᠭᠠᠳᠬᠠᠵᠤ᠂ ᠬᠥᠮᠥᠰ ᠤᠨ ᠣᠷᠣᠰᠢᠨ ᠰᠠᠭᠤᠬᠤ | ᠣᠷᠴᠢᠨ ᠲᠣᠭᠤᠷᠢᠨ ᠢ ᠬᠦᠴᠦᠯᠡᠨ ᠰᠠᠶᠢᠵᠢᠷᠠᠭᠤᠯᠪᠠ᠃ | ᠨᠠᠮ ᠤᠨ ᠭᠡᠰᠢᠭᠦᠨ᠂ ᠺᠠᠳ᠋ᠷ ᠠᠵᠢᠯᠲᠠᠨ᠂ ᠰᠠᠶᠢᠨ ᠳᠤᠷᠠᠴᠤᠤᠯ ᠢ ᠳᠠᠶᠢᠴᠢᠯᠠᠨ ︽ᠮᠠᠯᠵᠢᠬᠤ ᠣᠷᠣᠨ ᠤ | ᠬᠦᠮᠦᠨ ᠠᠷᠠᠳ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ︾ ᠠᠵᠢᠯᠯᠠᠭ᠎ᠠ ᠶᠢ ᠶᠡᠬᠡᠪᠡᠷ | ᠥᠷᠨᠢᠭᠦᠯᠵᠦ᠂ ᠵᠠᠮ ᠤᠨ ᠬᠤᠶᠠᠷ ᠲᠠᠯ᠎ᠠ᠂ ᠨᠡᠶᠢᠭᠡᠮ ᠲᠣᠭᠤᠷᠢᠭ ᠤᠨ ᠬᠤᠭ ᠨᠤᠪᠰᠢ ᠶᠢ ᠴᠡᠪᠡᠷᠯᠡᠨ ᠵᠠᠰᠠᠵᠤ᠂ | ᠠᠯᠪᠠᠨ ᠠᠰᠠᠷ ᠤᠨ ᠡᠳᠦᠷ ᠳᠤᠲᠤᠮ ᠤᠨ ᠠᠷᠢᠭᠤᠨ ᠴᠡᠪᠡᠷ ᠢ ᠴᠢᠩᠭᠠᠳᠬᠠᠵᠤ᠂ ᠲᠡᠮᠦᠷ ᠵᠠᠮ ᠤᠨ ᠬᠤᠶᠠᠷ | ᠬᠠᠵᠠᠭᠤ ᠶᠢᠨ ᠬᠤᠭ ᠨᠣᠪᠰᠢ ᠶᠢ ᠲᠡᠭᠦᠵᠦ᠂ ᠭᠤᠣᠯ ᠤᠨ ᠰᠠᠪᠠ ᠭᠠᠵᠠᠷ ᠤᠨ ᠬᠤᠭ ᠨᠤᠪᠰᠢ ᠶᠢ ᠴᠡᠪᠡᠷᠯᠡᠨ | ᠴᠡᠭᠴᠡᠯᠡᠪᠡ᠃ ᠤᠳᠤᠬᠠᠨ ᠪᠤᠯᠲᠠᠯ᠎ᠠ᠂ ᠴᠡᠪᠡᠷᠯᠡᠨ ᠴᠡᠭᠴᠡᠯᠡᠬᠦ ᠠᠵᠢᠯᠯᠠᠭ᠎ᠠ ᠨᠡᠶᠢᠲᠡ 8 ᠤᠳᠠᠭ᠎ᠠ ᠦᠷᠨᠢᠭᠦᠯᠵᠦ᠂ 50 | ᠭᠠᠷᠤᠢ ᠬᠥᠮᠥᠨ ᠤᠳᠠᠭ᠎ᠠ᠂ 12 ᠤᠳᠠᠭ᠎ᠠ ᠲᠡᠷᠭᠡ ᠤᠨᠤᠭ᠎ᠠ ᠬᠥᠳᠡᠯᠭᠡᠵᠦ᠂ 12 ᠲᠣᠨ ᠬᠤᠭ ᠨᠣᠪᠰᠢ ᠶᠢ | ᠴᠡᠪᠡᠷᠯᠡᠨ ᠠᠷᠢᠯᠭᠠᠵᠠᠢ᠃ ︽ᠡᠭᠦᠳᠡᠨ ᠡᠮᠦᠨᠡᠬᠢ ᠭᠤᠷᠪᠠᠨ ᠳᠠᠭᠠᠭᠠᠴᠢᠯᠠᠯᠲᠠ︾ ᠶᠢᠨ ᠬᠠᠷᠢᠭᠤᠴᠠᠯᠭ᠎ᠠ ᠶᠢᠨ | ᠳᠦᠷᠢᠮ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠷᠢᠭᠤᠴᠠᠯᠭ᠎ᠠ ᠶᠢᠨ ᠪᠢᠴᠢᠭ ᠢ 700 ᠭᠠᠷᠤᠢ ᠬᠤᠪᠢ | ᠲᠣᠭᠲᠠᠭᠠᠵᠠᠢ᠃ | ᠭᠤᠷᠪᠠ᠂ ᠦᠢᠯᠡᠳᠦᠯᠭᠡ ᠶᠢᠨ ᠠᠵᠢᠯᠯᠠᠭ᠎ᠠ ᠶᠢ ᠴᠢᠩᠭᠠᠳᠬᠠᠵᠤ᠂ ᠪᠣᠯᠪᠠᠰᠤᠨ ᠡᠷᠡᠭᠦᠯ ᠮᠡᠨᠳᠦ ᠠᠮᠢᠳᠤᠷᠠᠯ ᠤᠨ | ᠳᠠᠳᠬᠠᠯ ᠢ ᠤᠬᠠᠭᠤᠯᠤᠨ ᠰᠠᠨᠠᠭᠠᠴᠢᠯᠠᠪᠠ᠃ | ᠨᠢᠭᠡ ᠳᠤ᠂ ᠰᠢᠨ᠎ᠡ ᠲᠢᠲᠢᠮᠯᠢᠭ ᠠᠭᠤᠰᠬᠢᠨ ᠥᠷᠪᠢᠰᠤᠯ ᠤᠨ ᠬᠢᠵᠢᠭ ᠤᠨ ᠪᠠᠶᠢᠳᠠᠯ ᠢ ᠨᠠᠩ ᠰᠠᠶᠢᠲᠤᠷ | ᠰᠡᠷᠭᠡᠶᠢᠯᠡᠨ ᠡᠵᠡᠮᠳᠡᠬᠦ ᠶᠢᠨ ᠲᠥᠯᠥᠭᠡ᠂ ᠭᠠᠬᠢᠯ ᠰᠤᠮᠤ ᠨᠢ ᠨᠡᠶᠢᠭᠡᠮ ᠲᠣᠭᠤᠷᠢᠭ ᠤᠨ ᠠᠵᠢᠯ ᠡᠷᠦᠬᠡ ᠪᠠᠷ | ᠭᠦᠨᠵᠡᠭᠡᠶᠢᠷᠡᠨ᠂ ᠭᠠᠷ ᠠᠷᠢᠭᠤᠳᠬᠠᠬᠤ ᠰᠢᠩᠭᠡᠨ᠂ ᠠᠮᠠᠪᠴᠢ ᠵᠡᠷᠭᠡ ᠬᠢᠵᠢᠭ ᠢ ᠰᠡᠷᠭᠡᠶᠢᠯᠡᠬᠦ ᠡᠳ᠋ ᠪᠣᠳᠠᠰ ᠢ 150 | ᠭᠠᠷᠤᠢ ᠬᠤᠪᠢ ᠬᠦᠷᠭᠡᠬᠦ ᠶᠢᠨ ᠬᠠᠮᠲᠦ ᠬᠠᠮᠢᠶ᠎ᠠ ᠪᠦᠬᠦᠢ ᠰᠡᠷᠭᠡᠶᠢᠯᠡᠯᠲᠡ ᠶᠢᠨ ᠮᠡᠳᠡᠯᠭᠡ ᠶᠢ ᠨᠠᠷᠢᠨ ᠳᠠᠶᠢᠯᠪᠤᠷᠢᠯᠠᠨ | ᠤᠬᠠᠭᠤᠯᠵᠠᠢ᠃ ᠬᠤᠶᠠᠷ ᠲᠤ᠂ ᠡᠷᠡᠭᠦᠯ ᠰᠠᠷᠠᠭᠤᠯ ᠠᠮᠢᠳᠤᠷᠠᠯ ᠤᠨ ᠠᠷᠭ᠎ᠠ ᠬᠡᠯᠪᠡᠷᠢ ᠶᠢ ᠰᠠᠨᠠᠭᠠᠴᠢᠯᠠᠨ᠂ ᠰᠣᠶᠣᠯ ᠤᠨ | ᠠᠮᠢᠳᠤᠷᠠᠯ ᠢ ᠪᠠᠶᠠᠯᠢᠭᠵᠢᠭᠤᠯᠬᠤ ᠶᠢᠨ ᠲᠥᠯᠥᠭᠡ᠂ ᠭᠠᠬᠢᠯ ᠰᠣᠮᠣᠨ ᠤ ᠡᠮᠡᠭᠲᠡᠶᠢᠴᠦᠳ ᠤᠨ ᠬᠤᠯᠪᠤᠭᠠᠲᠦ ᠬᠤᠷᠠᠯ ᠤᠨ | ᠬᠢᠨ ︽ᠪᠡᠶ᠎ᠡ ᠮᠠᠬᠠᠪᠤᠳ ᠢᠶᠠᠨ ᠪᠤᠯᠪᠠᠰᠤᠷᠠᠭᠤᠯᠵᠤ᠂ ᠴᠤᠭ ᠵᠢᠪᠬᠤᠭ᠎ᠠ ᠪᠠᠨ ᠪᠠᠳᠠᠷᠠᠭᠤᠯᠤᠶ᠎ᠠ︾ ᠭᠤᠣᠯ ᠰᠡᠳᠦᠪᠲᠦ | ᠠᠵᠢᠯᠯᠠᠭ᠎ᠠ ᠦᠷᠨᠢᠭᠦᠯᠦᠨ᠂ ᠺᠠᠳ᠋ᠷᠴᠤᠳ ᠲᠤ ᠪᠡᠶ᠎ᠡ ᠮᠠᠬᠠᠪᠤᠳ ᠢᠶᠠᠨ ᠪᠤᠯᠪᠠᠰᠤᠷᠠᠭᠤᠯᠬᠤ ᠶᠢᠨ ᠪᠠᠶᠠᠷ ᠪᠠᠭ᠋ᠠᠳᠣᠯ ᠢ | ᠤᠶᠢᠯᠠᠭᠠᠭᠤᠯᠬᠤ ᠶᠢᠨ ᠬᠠᠮᠲᠤ᠂ ᠪᠣᠯᠪᠠᠰᠤᠨ ᠡᠷᠡᠭᠦᠯ ᠴᠢᠭᠢᠷᠠᠭ᠂ ᠪᠣᠬᠢᠷᠳᠤᠯ ᠦᠭᠡᠢ ᠣᠷᠴᠢᠨ ᠠᠬᠤᠢ ᠶᠢ | ᠬᠠᠮᠠᠭᠠᠯᠠᠬᠤ ᠣᠶᠢᠯᠠᠭᠠᠭᠳᠠᠬᠤᠨ ᠢ ᠤᠯᠠᠮᠵᠢᠯᠠᠨ ᠲᠠᠷᠬᠠᠭᠠᠵᠤ᠂ ᠬᠥᠮᠥᠨ ᠪᠦᠬᠦᠨ ᠣᠷᠤᠯᠴᠠᠬᠤ᠂ ᠬᠥᠮᠥᠨ ᠪᠦᠬᠦᠨ | ᠠᠰᠢᠭ ᠭᠥᠷᠳᠡᠬᠦ᠂ ᠬᠥᠮᠥᠨ ᠪᠦᠬᠦᠨ ᠡᠷᠡᠭᠦᠯ ᠴᠢᠭᠢᠷᠠᠭ ᠪᠠᠶᠢᠬᠤ ᠠᠭᠤᠷ ᠠᠮᠢᠰᠬᠤᠯ ᠢ ᠪᠤᠢ ᠪᠤᠯᠭᠠᠭᠰᠠᠨ ᠪᠠᠶᠢᠨ᠎ᠠ᠃ | ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠰᠠᠷ᠎ᠠ ᠶᠢᠨ ᠠᠵᠢᠯᠯᠠᠭ᠎ᠠ ᠶᠢ ᠥᠷᠨᠢᠭᠦᠯᠬᠦ ᠪᠠᠷ | ᠳᠠᠮᠵᠢᠭᠤᠯᠤᠨ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ ᠤᠨ ᠬᠢᠷᠢ ᠲᠦᠪᠰᠢᠨ ᠪᠠ ᠰᠠᠭᠤᠭᠠᠯᠢ ᠠᠷᠠᠳ ᠤᠨ | ᠠᠮᠢᠳᠤᠷᠠᠯ ᠤᠨ ᠣᠷᠴᠢᠨ ᠨᠥᠬᠦᠴᠡᠯ ᠢ ᠪᠦᠲᠦᠮᠵᠢᠲᠡᠶ ᠪᠠᠷ ᠰᠠᠶᠢᠵᠢᠷᠠᠭᠤᠯᠵᠤ᠂ ᠤᠯᠠᠨ ᠲᠦᠮᠡᠨ ᠤ ᠡᠪᠡᠳᠴᠢᠨ | ᠡᠮᠭᠡᠭ ᠢ ᠰᠡᠷᠭᠡᠶᠢᠯᠡᠬᠦ ᠤᠬᠠᠮᠰᠠᠷ ᠢ ᠳᠡᠭᠡᠭᠰᠢᠯᠡᠭᠦᠯᠵᠦ᠂ ᠪᠤᠬᠢᠷᠳᠤᠯ ᠦᠭᠡᠢ ᠠᠮᠢ ᠠᠬᠤᠢ ᠶᠢ ᠡᠭᠦᠳᠦᠨ | ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠪᠡ᠃ ᠤᠳᠤᠬᠠᠨ ᠳᠤ᠂ ᠤᠯᠤᠰ ᠢᠶᠠᠨ | ᠬᠠᠶᠢᠷᠠᠯᠠᠬᠤ ᠡᠷᠡᠭᠦᠯ ᠬᠠᠮᠠᠭᠠᠯᠠᠯ ᠤᠨ ᠠᠵᠢᠯ ᠪᠣᠯ ᠮᠥᠨ ᠬᠦ ᠨᠢᠭᠡᠨ ᠤᠷᠳᠤ ᠬᠤᠭᠤᠴᠠᠭᠠᠨ ᠤ ᠪᠥᠭᠡᠳ ᠪᠡᠷᠬᠡ | ᠬᠠᠲᠠᠭᠤᠵᠢᠯᠲᠠᠢ ᠡᠭᠦᠷᠭᠡ ᠮᠥᠨ᠂ ᠳᠠᠷᠠᠭᠠᠴᠢ ᠶᠢᠨ ᠠᠯᠬᠤᠮ ᠳᠤ ᠪᠢᠳᠡ ᠣᠷᠴᠢᠨ ᠠᠬᠤᠢ ᠶᠢᠨ ᠡᠷᠡᠭᠦᠯ ᠬᠠᠮᠠᠭᠠᠯᠠᠯ ᠢ | ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠤᠯᠠᠨ ᠲᠦᠮᠡᠨᠴᠢ | ᠴᠢᠨᠠᠷᠲᠠᠢ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠢ ᠥᠷᠭᠡᠨ ᠳᠡᠯᠭᠡᠷᠡᠩᠭᠦᠢ ᠪᠠᠷ | ᠥᠷᠨᠢᠭᠦᠯᠵᠦ᠂ ᠪᠣᠯᠪᠠᠰᠤᠨ ᠡᠷᠡᠭᠦᠯ᠂ ᠪᠣᠬᠢᠷᠳᠤᠯ ᠦᠭᠡᠢ ᠣᠷᠴᠢᠨ ᠠᠬᠤᠢ ᠶᠢ ᠬᠠᠮᠠᠭᠠᠯᠠᠬᠤ ᠠᠮᠢᠳᠤᠷᠠᠯ ᠤᠨ ᠠᠷᠭ᠎ᠠ | ᠮᠠᠶ᠋ᠢᠭ ᠢ ᠰᠠᠨᠠᠭᠠᠴᠢᠯᠠᠨ᠎ᠠ᠃ |