ᠰᠠᠮᠠᠢ ᠰᠤᠮᠤ ᠨᠢ ᠨᠠᠮ ᠤᠨ ᠬᠤᠷᠢᠶᠠᠨ ᠤ ᠤᠨᠤᠯ ᠤᠨ ᠰᠣᠷᠣᠯᠴᠠᠬᠤ ᠭᠤᠣᠯ ᠳᠤᠭᠤᠶᠢᠯᠠᠩ ᠤᠨ ᠵᠢᠷᠭᠤᠳᠤᠭᠠᠷ ᠣᠳᠠᠭᠠᠨ ᠤ ᠲᠥᠪᠯᠡᠷᠡᠭᠦᠯᠦᠨ ᠰᠤᠷᠤᠯᠴᠠᠬᠤ  ︵ᠥᠷᠭᠡᠳᠭᠡᠭᠰᠡᠨ︶ ᠬᠤᠷᠠᠯ ᠵᠢᠴᠢ ᠨᠠᠮ ᠤᠨ ᠳᠣᠲᠣᠭᠠᠳᠤ  ᠶᠢᠨ ᠤᠯᠤᠰ ᠲᠦᠷᠦ ᠶᠢᠨ ᠠᠮᠢᠳᠤᠷᠠᠯ ᠳᠠᠬᠢ ᠪᠣᠯᠬᠢ ᠪᠦᠳᠦᠭᠦᠯᠢᠭ ᠬᠢᠭᠡᠳ ᠡᠷᠬᠡ ᠳᠣᠰᠢᠶᠠᠯ ᠢ ᠠᠷᠠᠯᠵᠢᠶᠠᠯᠠᠬᠤ ᠠᠰᠠᠭᠤᠳᠠᠯ ᠢ ᠳᠦᠪᠯᠡᠷᠡᠭᠦᠯᠦᠨ ᠵᠠᠰᠠᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/19
      5 ᠰᠠᠷ᠎ᠠ ᠶᠢᠨ 7 ᠤ ᠡᠳᠦᠷ᠂ ᠰᠡᠮᠠᠢ ᠰᠤᠮᠤ ᠨᠢ ᠨᠠᠮ ᠤᠨ ᠬᠤᠷᠢᠶᠠᠨ ᠤ ᠤᠨᠤᠯ ᠤᠨ ᠰᠣᠷᠣᠯᠴᠠᠬᠤ ᠭᠤᠣᠯ ᠳᠤᠭᠤᠶᠢᠯᠠᠩ ᠤᠨ ᠵᠢᠷᠭᠤᠳᠤᠭᠠᠷ ᠣᠳᠠᠭᠠᠨ ᠤ ᠲᠥᠪᠯᠡᠷᠡᠭᠦᠯᠦᠨ ᠰᠤᠷᠤᠯᠴᠠᠬᠤ  ︵ᠥᠷᠭᠡᠳᠭᠡᠭᠰᠡᠨ︶ ᠬᠤᠷᠠᠯ ᠵᠢᠴᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠳᠠᠬᠢ ᠪᠣᠯᠬᠢ ᠪᠦᠳᠦᠭᠦᠯᠢᠭ ᠬᠢᠭᠡᠳ ᠡᠷᠬᠡ ᠳᠣᠰᠢᠶᠠᠯ  ᠢ ᠠᠷᠠᠯᠵᠢᠶᠠᠯᠠᠬᠤ ᠠᠰᠠᠭᠤᠳᠠᠯ ᠢ ᠳᠦᠪᠯᠡᠷᠡᠭᠦᠯᠦᠨ ᠵᠠᠰᠠᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠵᠤ᠂ ᠬᠤᠷᠠᠯ ᠢ ᠨᠠᠮ ᠤᠨ ᠬᠤᠷᠢᠶᠠᠨ ᠤ ᠱᠦᠵᠢ ᠰᠢᠷᠠᠶᠢᠪᠠᠨᠽᠠᠷ ᠠᠴᠠ ᠡᠷᠬᠢᠯᠡᠵᠦ᠂ ᠨᠠᠮ ᠵᠠᠰᠠᠭ ᠤᠨ ᠤᠳᠤᠷᠢᠳᠬᠤ ᠪᠠᠭ ᠤᠨ  ᠭᠡᠰᠢᠭᠦᠳ᠂ ᠨᠠᠮ ᠤᠨ ᠭᠡᠰᠢᠭᠦᠨ ᠣᠳᠣᠷᠢᠳᠬᠤ ᠺᠠᠳ᠋ᠷ ᠬᠤᠷᠠᠯ ᠳᠤ ᠣᠷᠣᠯᠴᠠᠪᠠ᠃      ᠬᠤᠷᠠᠯ ᠳᠤ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠲᠥᠪ ᠴᠢᠩᠭ᠎ᠠ ᠪᠣᠯᠭᠠᠬᠤ ᠲᠤᠬᠠᠢ ᠴᠢᠬᠤᠯᠠ ᠥᠭᠦᠯᠡᠯᠲᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠦᠷᠢᠮ︾ ᠪᠣᠯᠤᠨ ︽ᠰᠢᠨ᠎ᠡ ᠪᠠᠶᠢᠳᠠᠯ ᠳᠣᠣᠷᠠᠬᠢ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠲᠤᠬᠠᠢ ᠪᠠᠷᠢᠮᠵᠢᠶ᠎ᠠ ᠨᠤᠭᠤᠳ︾ ᠢ ᠤᠯᠠᠮᠵᠢᠯᠠᠨ ᠰᠤᠷᠤᠯᠴᠠᠪᠠ᠃ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠳ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠵᠢᠭᠰᠠᠭᠠᠭᠰᠠᠨ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠳᠠᠬᠢ ᠪᠣᠯᠬᠢ ᠪᠦᠳᠦᠭᠦᠯᠢᠭ ᠬᠢᠭᠡᠳ ᠡᠷᠬᠡ ᠳᠣᠰᠢᠶᠠᠯ ᠢ ᠠᠷᠠᠯᠵᠢᠶᠠᠯᠠᠬᠤ ᠠᠰᠠᠭᠤᠳᠠᠯ ᠤᠨ ᠨᠠᠷᠢᠨ ᠲᠠᠩᠰᠠ ᠶᠢᠨ ᠲᠣᠭᠤᠷᠢᠨ ᠳᠤ᠂ ᠲᠤᠰ ᠪᠡᠶ᠎ᠡ ᠶᠢᠨ ᠠᠵᠢᠯ ᠲᠠᠢ ᠪᠠᠨ ᠤᠶᠠᠯᠳᠤᠭᠤᠯᠵᠤ᠂ ᠲᠠᠨᠢᠯᠲᠠ ᠪᠠᠨ ᠶᠠᠷᠢᠨ᠂ ᠣᠶᠢᠯᠠᠭᠠᠯᠲᠠ ᠪᠠᠨ ᠶᠠᠷᠢᠵᠤ᠂ 11 ᠲᠦᠷᠦᠯ ᠤᠨ ᠠᠰᠠᠭᠤᠳᠠᠯ 54 ᠵᠦᠢᠯ ᠤᠨ ᠪᠣᠳᠠᠳᠦ ᠪᠠᠶᠢᠳᠠᠯ ᠢ ᠬᠡᠷᠬᠢᠨ ᠡᠷᠡᠰ ᠬᠤᠷᠢᠭᠯᠠᠬᠤ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ ᠰᠠᠨᠠᠯ ᠢᠶᠠᠨ ᠰᠣᠯᠢᠯᠴᠠᠵᠤ᠂ ᠤᠯᠤᠰ ᠲᠦᠷᠦ ᠶᠢᠨ ᠠᠷᠢᠭᠤᠳᠬᠠᠯ ᠬᠦᠷᠳᠡᠪᠡ᠃      ᠬᠤᠷᠠᠯ ᠠᠴᠠ ᠵᠢᠭᠠᠵᠦ ᠭᠠᠷᠭᠠᠭᠰᠠᠨ ᠨᠢ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ  ᠳᠠᠬᠢ ᠪᠣᠯᠬᠢ ᠪᠦᠳᠦᠭᠦᠯᠢᠭ ᠬᠢᠭᠡᠳ ᠡᠷᠬᠡ ᠳᠣᠰᠢᠶᠠᠯ ᠢ ᠠᠷᠠᠯᠵᠢᠶᠠᠯᠠᠬᠤ ᠠᠰᠠᠭᠤᠳᠠᠯ ᠢ ᠲᠥᠪᠯᠡᠷᠡᠭᠦᠯᠦᠨ ᠵᠠᠰᠠᠬᠤ ᠪᠣᠯ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠠᠪᠤᠳᠤᠭᠠᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ  ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠪᠣᠳᠠᠲᠠᠢ ᠠᠷᠭ᠎ᠠ ᠬᠡᠮᠵᠢᠶ᠎ᠡ ᠮᠥᠨ᠂ ᠮᠦᠠᠴᠡ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠴᠢᠬᠤᠯᠠ ᠰᠠᠭᠤᠷᠢ ᠪᠣᠯᠬᠤ ᠪᠦᠭᠡᠳ ᠨᠠᠮ ᠤᠨ ᠳᠣᠲᠣᠭᠠᠳᠤ ᠳᠤ ᠣᠷᠣᠰᠢᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠬᠦ ᠴᠢᠬᠤᠯᠠ ᠠᠷᠭ᠎ᠠ ᠵᠠᠮ ᠮᠥᠨ᠃      ᠬᠤᠷᠠᠯ ᠠᠴᠠ ᠴᠢᠩᠭᠠᠳᠬᠠᠭᠰᠠᠨ ᠨᠢ᠂ ᠨᠢᠭᠡ ᠳᠤ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠭᠤᠣᠯ ᠴᠣᠭᠴᠠ ᠶᠢᠨ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠥᠪᠯᠡᠷᠡᠭᠦᠯᠦᠨ ᠵᠠᠰᠠᠬᠤ ᠠᠵᠢᠯ ᠢ ᠴᠢᠬᠤᠯᠠ ᠶᠡᠭᠡ ᠤᠯᠤᠰ ᠲᠦᠷᠦ ᠶᠢᠨ ᠡᠭᠦᠷᠭᠡ ᠪᠣᠯᠭᠠᠵᠤ᠂ ᠨᠠᠮ ᠤᠨ ᠳᠣᠲᠣᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠭ᠎ᠠ ᠪᠣᠳᠠᠲᠠᠢ ᠠᠳᠬᠤᠵᠤ᠂ ᠨᠠᠮ ᠤᠨ ᠭᠡᠰᠢᠭᠦᠨ ᠺᠠᠳ᠋ᠷ ᠨᠢᠭᠡᠪᠦᠷᠢ ᠶᠢ ᠦᠵᠡᠯ ᠰᠠᠨᠠᠭᠠᠨ ᠤ ᠲᠠᠯ᠎ᠠ ᠪᠠᠷ ᠳᠡᠭᠡᠭᠰᠢᠯᠡᠯᠲᠡ ᠲᠠᠢ᠂ ᠠᠵᠢᠯᠯᠠᠭ᠎ᠠ ᠶᠢᠨ ᠲᠠᠯ᠎ᠠ ᠪᠠᠷ ᠥᠭᠡᠷᠡᠴᠢᠯᠡᠯᠲᠡ ᠲᠠᠢ᠂ ᠲᠠᠨᠢᠯᠲᠠ ᠶᠢᠨ ᠣᠯᠣᠯᠲᠠ ᠲᠠᠢ ᠪᠣᠯᠭᠠᠬᠤ ᠬᠡᠷᠡᠭᠲᠡᠢ᠃ ᠬᠤᠶᠠᠷ ᠲᠤ ︽ᠭᠤᠷᠪᠠᠨ ᠬᠤᠷᠠᠯ ᠨᠢᠭᠡ ᠬᠢᠴᠢᠶᠡᠯ︾ ᠵᠡᠷᠭᠡ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠰᠠᠭᠤᠷᠢ ᠶᠢ ᠪᠠᠬᠢᠵᠢᠭᠦᠯᠦᠨ᠂ ᠲᠥᠪ ᠴᠢᠩᠭ᠎ᠠ ᠠᠭᠤᠯᠭ᠎ᠠ᠂ ᠲᠡᠷᠢᠭᠦᠨ ᠤ ᠦᠵᠡᠯ ᠰᠠᠨᠠᠭ᠎ᠠ ᠪᠠᠷ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠢ ᠲᠡᠭᠦᠯᠳᠡᠷᠵᠢᠭᠦᠯᠵᠦ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠤᠨ ᠴᠢᠨᠠᠷ ᠴᠢᠨᠰᠠᠭ᠎ᠠ ᠶᠢ ᠦᠨᠡᠨ ᠬᠦ ᠳᠡᠭᠡᠭᠰᠢᠯᠡᠭᠦᠯᠬᠦ ᠭᠡᠷᠡᠭᠲᠡᠢ︔ ᠥᠷᠭᠡᠨ ᠣᠯᠠᠨ ᠨᠠᠮ ᠤᠨ ᠭᠡᠰᠢᠭᠦᠨ ᠢ ᠬᠥᠲᠥᠯᠥᠨ ᠵᠢᠯᠣᠭᠤᠳᠴᠤ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠬᠤ ᠶᠢ ᠴᠢᠬᠤᠯᠠᠴᠢᠯᠠᠵᠦ᠂ ᠪᠥᠬᠦ ᠨᠠᠮ ᠤᠨ ᠭᠡᠰᠢᠭᠦᠨ ᠺᠠᠳ᠋ᠷ ᠤᠨ ︽ᠠᠷᠪᠠᠨ ᠨᠢᠭᠡᠨ ᠴᠢᠩᠭ᠎ᠠ ᠴᠠᠭᠠᠵᠠᠯᠠᠯ︾ ᠢ ᠴᠢᠩᠭ᠎ᠠ ᠵᠢᠷᠤᠮᠯᠠᠬᠤ ᠶᠢ ᠦᠨᠡᠨ ᠬᠦ ᠪᠠᠲᠤᠯᠠᠵᠤ᠂ ᠲᠥᠪᠯᠡᠷᠡᠭᠦᠯᠦᠨ ᠵᠠᠰᠠᠬᠤ ᠠᠵᠢᠯ ᠤᠨ ᠳᠤᠮᠳᠠ ᠨᠢᠭᠡ ᠤᠳᠠᠭᠠᠨ ᠤ ᠪᠥᠬᠦ ᠲᠠᠯ᠎ᠠ ᠶᠢᠨ ᠭᠦᠨᠵᠡᠭᠡᠶ ᠤᠯᠤᠰ ᠲᠥᠷᠥ ᠶᠢᠨ ᠬᠥᠮᠦᠵᠢᠯ᠂ ᠦᠵᠡᠯ ᠰᠠᠨᠠᠭᠠᠨ ᠤ ᠳᠠᠪᠲᠠᠯᠲᠠ᠂ ᠣᠶᠤᠨ ᠰᠠᠨᠠᠭᠠᠨ ᠤ ᠳᠠᠪᠲᠠᠯᠲᠠ᠂ ᠨᠠᠮᠴᠢ ᠴᠢᠨᠠᠷ ᠤᠨ ᠳᠠᠪᠲᠠᠯᠲᠠ  ᠶᠢ ᠦᠨᠡᠨ ᠬᠦ ᠭᠥᠷᠳᠡᠬᠦ ᠬᠡᠷᠡᠭᠲᠡᠶ᠃ ᠭᠤᠷᠪᠠ ᠳᠤ᠂ ᠨᠠᠮ ᠤᠨ ᠭᠡᠰᠢᠭᠦᠨ ᠤᠳᠤᠷᠢᠳᠬᠤ ᠺᠠᠳ᠋ᠷ ᠳᠠᠭᠠᠭᠤᠯᠤᠨ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷ ᠲᠤ ᠵᠢᠱᠢᠶ᠎ᠡ ᠦᠵᠡᠭᠦᠯᠵᠦ᠂ ᠭᠦᠨ ᠵᠤᠵᠠᠭᠠᠨ ᠠᠭᠤᠷ ᠠᠮᠢᠰᠬᠤᠯ ᠢ ᠪᠤᠢ  ᠪᠣᠯᠭᠠᠵᠦ᠂ ᠪᠠᠶᠢᠩᠭᠤ ᠶᠢᠨ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠴᠢᠬᠤᠯᠠᠴᠢᠯᠠᠵᠤ᠂ ᠲᠥᠪᠯᠡᠷᠡᠭᠦᠯᠦᠨ ᠵᠠᠰᠠᠬᠤ ᠠᠵᠢᠯ ᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠪᠠᠶᠢᠩᠭᠤᠵᠢᠭᠤᠯᠬᠤ ᠲᠠᠢ ᠤᠶᠠᠯᠳᠤᠭᠤᠯᠵᠤ᠂ ᠲᠣᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠲᠠᠢ ᠤᠶᠠᠯᠳᠤᠭᠤᠯᠵᠤ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠰᠤᠷᠲᠠᠯ ᠴᠢᠬᠡᠴᠢ ᠣᠪᠣᠷ ᠲᠥᠪ ᠤᠯᠤᠰ ᠲᠥᠷᠥ ᠶᠢᠨ ᠣᠷᠴᠢᠨ ᠲᠣᠭᠤᠷᠢᠨ ᠢ ᠪᠣᠶ ᠪᠣᠯᠭᠠᠬᠤ ᠬᠡᠷᠡᠭᠲᠡᠶ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号