ᠶᠡᠷᠦᠩᠬᠡᠶ ᠱᠦᠵᠢ ᠰᠢ ᠶᠢᠨ ᠫᠢᠩ ᠤᠨ ᠬᠡᠷ ᠪᠦᠯᠢ ᠶᠢᠨ ᠬᠥᠮᠦᠵᠢᠯ ᠬᠡᠷ ᠤᠨ ᠰᠤᠷᠲᠠᠯ ᠤᠨ ᠪᠠᠶᠢᠭᠤᠯᠤᠯᠲᠠ | ᠶᠢ ᠴᠢᠬᠤᠯᠠᠴᠢᠯᠠᠬᠤ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠵᠤ᠂ ᠬᠡᠷ ᠪᠦᠯᠢ ᠶᠢᠨ ᠪᠣᠯᠪᠠᠰᠤᠨ ᠤ | ᠰᠢᠨ᠎ᠡ ᠬᠡᠪ ᠰᠤᠷᠲᠠᠯ ᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 12 ᠤᠨ ᠡᠳᠦᠷ᠂ ᠵᠡᠭᠦᠨ ᠦᠵᠦᠮᠦᠴᠢᠨ | ᠬᠤᠰᠢᠭᠤᠨ ᠤ ᠰᠠᠮᠠᠢ ᠰᠤᠮᠤᠨ ᠤ ᠵᠢᠷᠠᠨᠪᠤᠯᠠᠭ ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ | ᠰᠦᠯᠵᠢᠶᠡᠨ ᠳᠡᠭᠡᠷᠡᠬᠢ ᠬᠠᠤᠯᠢ ᠴᠠᠭᠠᠵᠠ ᠶᠢᠨ ᠬᠠᠮᠢᠶ᠎ᠠ ᠪᠦᠬᠦᠢ ᠮᠡᠳᠡᠯᠭᠡ ᠶᠢ ᠤᠬᠠᠭᠤᠯᠬᠤ ᠭᠤᠤᠯ ᠰᠡᠳᠦᠪᠲᠦ | ᠬᠦᠳᠡᠯᠭᠡᠭᠡᠨ ᠢ ᠥᠷᠨᠢᠭᠦᠯᠪᠡ ᠃ | ᠲᠣᠰ ᠤᠳᠠᠭᠠᠨ ᠤ ᠬᠦᠳᠡᠯᠭᠡᠭᠡᠨ ᠨᠢ ᠂ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠠᠴᠠ | ᠳᠦᠷᠰᠦ ᠰᠢᠩᠭᠡᠭᠡᠯᠲᠡ ᠶᠢᠨ ᠬᠡᠯᠪᠡᠷᠢ ᠪᠠᠷ ᠬᠦᠳᠡᠯᠭᠡᠭᠡᠨ ᠢᠶᠠᠨ ᠶᠠᠪᠤᠭᠳᠠᠭᠤᠯᠤᠨ᠂ ᠶᠢᠰᠦᠨ ᠰᠣᠷᠣᠭᠴᠢ ᠪᠣᠯᠤᠨ | ᠬᠡᠦᠬᠡᠳ ᠤᠳ ᠢᠳᠡᠪᠬᠢᠲᠡᠢ ᠤᠷᠤᠯᠴᠠᠵᠤ ᠂ ᠥᠷᠭᠡᠨ ᠣᠯᠠᠨ ᠮᠠᠯᠴᠢᠨ ᠲᠦᠮᠡᠨ ᠳᠤ《 ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠤᠯᠤᠰ ᠤᠨ ᠲᠤᠭ ᠤᠨ ᠬᠠᠤᠯᠢ᠂ ᠤᠯᠤᠰ ᠤᠨ ᠰᠦᠯᠳᠡ ᠶᠢᠨ ᠬᠠᠤᠯᠢ᠂ ᠤᠯᠤᠰ | ᠤᠨ ᠳᠠᠭᠤᠤ ᠶᠢᠨ ᠬᠠᠤᠯᠢ 》《 ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ 》 ᠵᠡᠷᠭᠡ ᠬᠠᠮᠢᠶ᠎ᠠ | ᠪᠥᠬᠦᠶ ᠮᠡᠳᠡᠯᠭᠡ ᠶᠢ ᠲᠠᠶᠢᠯᠪᠤᠷᠢᠯᠠᠵᠤ᠂ ᠬᠡᠷ ᠪᠦᠯᠢ ᠶᠢᠨ ᠬᠥᠮᠦᠵᠢᠯ ᠪᠠ ᠪᠣᠯᠪᠠᠰᠤᠨ ᠤ ᠣᠶᠢᠯᠠᠭᠠᠭᠳᠠᠬᠤᠨ ᠢ ᠥᠷᠭᠡᠨ | ᠣᠯᠠᠨ ᠬᠡᠷ ᠪᠦᠯᠢ ᠳᠤ ᠳᠠᠮᠵᠢᠭᠤᠯᠵᠤ᠂ ᠬᠡᠷ ᠤᠨ ᠠᠬᠠᠮᠠᠳ ᠲᠤ ᠬᠡᠷ ᠪᠦᠯᠢ ᠶᠢ ᠴᠢᠬᠤᠯᠠᠴᠢᠯᠠᠬᠤ᠂ ᠬᠡᠷ ᠤᠨ | ᠰᠤᠷᠭᠠᠯ ᠢ ᠴᠢᠬᠤᠯᠠᠴᠢᠯᠠᠬᠤ᠂ ᠬᠡᠷ ᠤᠨ ᠰᠤᠷᠲᠠᠯ ᠢ ᠴᠢᠬᠤᠯᠠᠴᠢᠯᠠᠬᠤ᠂ ᠡᠷᠬᠡ ᠲᠡᠭᠰᠢ ᠠᠷᠠᠳᠴᠢᠯᠠᠯ ᠲᠠᠢ ᠡᠶ᠎ᠡ | ᠵᠣᠬᠢᠴᠠᠯ ᠲᠠᠢ ᠬᠡᠷ ᠪᠦᠯᠢ ᠶᠢᠨ ᠬᠠᠷᠢᠴᠠᠭ᠎ᠠ ᠶᠢ ᠪᠠᠶᠢᠭᠤᠯᠬᠤ ᠶᠢ ᠭᠦᠨᠵᠡᠭᠡᠶ ᠣᠶᠢᠯᠠᠭᠠᠭᠤᠯᠵᠠᠶ ᠃ | ᠬᠦᠳᠡᠯᠭᠡᠭᠡᠨ ᠪᠠᠷ ᠳᠡᠮᠵᠢᠨ᠂ ᠥᠷᠭᠡᠨ ᠣᠯᠠᠨ ᠬᠡᠷ ᠤᠨ ᠠᠬᠠᠮᠠᠳ ᠮᠠᠨ ᠤ ᠤᠯᠤᠰ ᠤᠨ ᠬᠠᠮᠢᠶ᠎ᠠ ᠪᠥᠬᠦᠶ | ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠶᠢᠨ ᠲᠤᠬᠠᠶ ᠨᠠᠩ ᠭᠦᠨᠵᠡᠭᠡᠶ ᠣᠶᠢᠯᠠᠭᠠᠯᠲᠠ ᠲᠠᠢ ᠪᠣᠯᠵᠣ᠂ | ᠤᠶᠢᠯᠠᠭᠠᠭᠰᠠᠨ ᠬᠠᠤᠯᠢ ᠴᠠᠭᠠᠵᠠ ᠬᠠᠤᠯᠢ ᠲᠣᠭᠲᠠᠭᠠᠯ ᠤᠨ ᠮᠡᠳᠡᠯᠭᠡ ᠪᠠᠨ ᠳᠡᠷᠭᠡᠳᠡᠬᠢ ᠬᠡᠷ ᠤᠨ ᠠᠬᠠᠮᠠᠳ ᠲᠠᠭᠠᠨ | ᠬᠤᠪᠢᠶᠠᠯᠴᠠᠨ ᠥᠭᠴᠦ᠂ ᠬᠡᠦᠬᠡᠳ ᠤᠨ ᠡᠷᠡᠭᠦᠯ ᠢᠶᠠᠷ ᠦᠰᠦᠨ ᠪᠣᠶᠢᠵᠢᠬᠤ ᠣᠷᠴᠢᠨ ᠨᠥᠬᠦᠴᠡᠯ ᠢ ᠪᠣᠶ ᠪᠤᠯᠭᠠᠪᠠ | ᠃ |