ᠮᠠᠨ ᠤ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠠᠷᠭ᠎ᠠ ᠴᠢᠨᠠᠷ ᠢᠯᠡᠷᠡᠬᠦ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠰᠤᠷᠢᠯᠲᠠ ᠦᠷᠨᠢᠭᠦᠯᠪᠡ
ᠨᠡᠶᠢᠲᠡᠯᠡᠭᠰᠡᠨ ᠴᠠᠭ᠄
2022/5/20
      ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ‌ᠠᠯᠬᠤᠮ ᠳᠡᠭᠡᠭᠰᠢᠯᠡᠭᠦᠯᠬᠦ ᠶᠢᠨ ᠲᠥᠯᠦᠭᠡ᠂ ᠠᠶᠢᠮᠠᠭ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠨᠢᠭᠡᠳᠦᠯᠲᠡᠶ ᠲᠣᠬᠢᠷᠠᠭᠤᠯᠤᠯᠲᠠ ᠶᠣᠰᠣᠭᠠᠷ᠂  5 ᠰᠠᠷ᠎ᠠ ᠶᠢᠨ 13 ᠤ ᠡᠳᠦᠷ᠂ ᠮᠠᠨ ᠤ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠠᠷᠭ᠎ᠠ ᠴᠢᠨᠠᠷ ᠢᠯᠡᠷᠡᠬᠦ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠪᠥᠬᠦ ᠶᠠᠪᠤᠴᠠ ᠶᠢᠨ ᠪᠣᠳᠠᠲᠤ ᠰᠣᠷᠢᠯᠲᠠ ᠥᠷᠨᠢᠭᠦᠯᠪᠡ᠃      ᠰᠣᠷᠢᠯᠲᠠ ᠨᠢ ︽ᠬᠤᠰᠢᠭᠤ ᠬᠤᠶᠠᠳᠤᠭᠠᠷ ᠪᠠᠭ᠎ᠠ ᠰᠤᠷᠭᠠᠭᠤᠯᠢ ᠪᠠ ᠨᠠᠨᠳᠢᠨ ᠰᠠᠭᠤᠭᠠᠯᠢ ᠠᠷᠠᠳ ᠤᠨ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢᠨ ᠢᠨᠵᠧᠨᠧᠷᠢᠩ ᠤᠨ ᠲᠤᠬᠠᠶ ᠶᠢᠨ ᠲᠠᠯᠠᠪᠠᠶ ᠳᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠬᠢᠭᠡᠳ ᠠᠷᠭ᠎ᠠ ᠴᠢᠨᠠᠷᠲᠠᠶ ᠡᠪᠡᠳᠴᠢᠲᠡᠨ ᠢ ᠢᠯᠡᠷᠡᠭᠦᠯᠦᠭᠰᠡᠨ︾ ᠢᠶᠠᠷ ᠠᠬᠤᠶ ᠪᠠᠶᠢᠳᠠᠯ ᠪᠣᠯᠭᠠᠵᠤ᠂ ᠪᠠᠴᠢᠮ ᠪᠠᠶᠢᠳᠠᠯ ᠢ ᠠᠷᠭᠠᠴᠠᠭᠠᠨ  ᠰᠢᠢᠳᠪᠦᠷᠢᠯᠡᠬᠦ ᠠᠵᠢᠯ ᠢ ᠦᠳᠲᠡᠷ ᠲᠦᠷᠭᠡᠨ ᠦᠷᠨᠢᠭᠦᠯᠵᠡᠢ᠃      ᠪᠥᠬᠦ ᠠᠵᠢᠯᠲᠠᠨ ᠤ ᠪᠥᠭᠡᠮ ᠬᠦᠴᠢᠯ ᠤᠨ ᠵᠠᠭᠪᠤᠷ ᠢ ᠰᠢᠯᠭᠠᠨ ᠪᠠᠶᠢᠴᠠᠭᠠᠬᠤ ᠶᠠᠪᠤᠴᠠ ᠳᠤ ᠠᠩᠬᠠᠨ ᠤ ᠰᠢᠭᠰᠢᠨ ᠪᠠᠶᠢᠴᠠᠭᠠᠯᠲᠠ ᠳᠤ ᠠᠷᠭ᠎ᠠ ᠴᠢᠨᠠᠷᠲᠠᠶ ᠡᠪᠡᠳᠴᠢᠲᠡᠨ ᠢ ᠢᠯᠡᠷᠡᠭᠦᠯᠦᠭᠰᠡᠨ ᠤ ᠳᠠᠷᠠᠭ᠎ᠠ᠂ ᠮᠠᠨ ᠤ ᠬᠤᠰᠢᠭᠤ ᠲᠡᠷᠡ ᠳᠠᠷᠤᠶ ᠳᠤᠨᠢ ᠬᠢᠵᠢᠭ ᠤᠨ ᠪᠠᠶᠢᠳᠠᠯ ᠢ ᠲᠤᠬᠠᠶ ᠶᠢᠨ ᠲᠠᠯᠠᠪᠠᠢ ᠳᠤ ᠰᠢᠢᠳᠪᠦᠷᠢᠯᠡᠬᠦ ᠵᠢᠯᠣᠭᠤᠳᠬᠤ ᠭᠠᠵᠠᠷ ᠢ ᠠᠵᠢᠯᠯᠠᠭᠤᠯᠵᠤ᠂ ᠪᠠᠶᠢᠩᠭᠤᠵᠢᠭᠰᠠᠨ ᠰᠡᠷᠭᠡᠶᠢᠯᠡᠨ ᠡᠵᠡᠮᠳᠡᠬᠦ ᠠᠴᠠ ᠪᠠᠴᠢᠮ ᠪᠠᠶᠢᠳᠠᠯ ᠢ ᠠᠷᠭᠠᠴᠠᠭᠠᠬᠤ ᠪᠠᠶᠢᠳᠠᠯ ᠳᠤ ᠤᠷᠤᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠲᠠᠷᠬᠠᠭᠠᠨ᠂ ᠴᠠᠭᠳᠠᠭᠠᠨ ᠤ ᠬᠦᠴᠦᠨ ᠢ ᠲᠣᠬᠢᠷᠠᠭᠤᠯᠵᠤ ᠡᠮᠬᠢ ᠳᠢᠭᠯᠢᠮ ᠢ ᠬᠠᠮᠠᠭᠠᠯᠠᠭᠰᠠᠨ ᠤ ᠬᠠᠮᠲᠤ ᠡᠪᠡᠳᠴᠢᠨ ᠤ ᠵᠢᠱᠢᠶ᠎ᠡ ᠶᠢ ᠢᠯᠡᠷᠡᠭᠦᠯᠬᠦ᠂ ᠮᠡᠳᠡᠭᠡ ᠵᠠᠩᠭᠢ ᠶᠢ ᠮᠡᠳᠡᠭᠦᠯᠬᠦ᠂ ᠡᠪᠡᠳᠴᠢᠨ ᠤ ᠡᠬᠢ ᠰᠤᠷᠪᠤᠯᠵᠢ ᠶᠢ ᠮᠦᠷᠳᠡᠨ ᠪᠠᠶᠢᠴᠠᠭᠠᠬᠤ᠂ ᠡᠪᠡᠳᠴᠢᠨ ᠤ ᠵᠢᠱᠢᠶ᠎ᠡ ᠪᠠᠷ ᠣᠨᠣᠰᠢᠯᠠᠬᠤ᠂ ᠡᠮᠨᠡᠨ ᠠᠪᠤᠷᠠᠬᠤ᠂ ︽ᠭᠤᠷᠪᠠᠨ ᠣᠷᠣᠨ︾ ᠢ ᠬᠤᠪᠢᠶᠠᠷᠢᠯᠠᠨ ᠬᠠᠮᠢᠶᠠᠷᠴᠤ ᠡᠵᠮᠡᠳᠡᠬᠦ᠂ ᠮᠡᠳᠡᠭᠡ ᠵᠠᠩᠭᠢ ᠶᠢ ᠵᠢᠭᠰᠠᠭᠠᠨ ᠪᠠᠶᠢᠴᠠᠭᠠᠬᠤ᠂ ᠬᠥᠮᠦᠰ ᠢ ᠰᠢᠯᠵᠢᠭᠦᠯᠦᠨ ᠵᠥᠭᠡᠭᠡᠪᠦᠷᠢᠯᠡᠬᠦ᠂ ᠲᠤᠰᠠᠭᠠᠷᠯᠠᠨ ᠬᠠᠮᠢᠶᠠᠷᠤᠨ ᠡᠵᠡᠮᠳᠡᠬᠦ᠂ ᠲᠦᠭᠰᠢᠭᠦᠷᠢ ᠶᠢᠨ ᠬᠥᠳᠡᠯᠦᠩᠭᠦᠶ ᠪᠠᠶᠢᠳᠠᠯ ᠤᠨ ᠦᠨᠡᠯᠡᠯᠲᠡ᠂ ᠭᠤᠣᠯᠳᠠᠯᠭ᠎ᠠ ᠲᠠᠢ ᠣᠷᠣᠨ ᠪᠦᠰᠡ ᠶᠢᠨ ᠬᠠᠮᠢᠶᠠᠷᠤᠯᠲᠠ ᠡᠵᠡᠮᠳᠡᠯ᠂ ᠨᠡᠶᠢᠭᠡᠮ ᠤᠨ ᠲᠠᠯ᠎ᠠ ᠶᠢᠨ ᠬᠠᠮᠢᠶᠠᠷᠤᠯᠲᠠ ᠡᠵᠡᠮᠳᠡᠯ᠂ ᠮᠡᠳᠡᠭᠡ ᠵᠠᠩᠭᠢ ᠨᠡᠶᠢᠲᠡᠯᠡᠬᠦ ᠪᠠ ᠶᠠᠷᠢᠶ᠎ᠠ ᠬᠡᠯᠡᠯᠴᠡᠭᠡᠨ ᠤ ᠪᠠᠶᠢᠳᠠᠯ ᠢ ᠪᠠᠶᠢᠴᠠᠭᠠᠨ ᠬᠡᠮᠵᠢᠬᠦ᠂ ᠶᠡᠷᠦᠩᠬᠡᠶᠢᠯᠡᠭᠰᠡᠨ ᠪᠠᠲᠤᠯᠠᠭ᠎ᠠ ᠵᠡᠷᠭᠡ ᠪᠦᠬᠦ ᠶᠠᠪᠤᠴᠠ᠂ ᠪᠦᠬᠦ ᠡᠯᠧᠮᠧᠨ᠋ᠲ ᠤᠨ ᠬᠢᠵᠢᠭ ᠤᠨ ᠪᠠᠶᠢᠳᠠᠯ ᠢ ᠪᠠᠴᠢᠮ ᠠᠷᠭᠠᠴᠠᠭᠠᠨ ᠰᠢᠢᠳᠪᠦᠷᠢᠯᠡᠬᠦ ᠠᠵᠢᠯ ᠢ ᠦᠷᠨᠢᠭᠦᠯᠵᠡᠢ᠃      ᠬᠤᠰᠢᠭᠤ ᠬᠢᠵᠢᠭ ᠤᠨ ᠪᠠᠶᠢᠳᠠᠯ ᠢ ᠲᠤᠬᠠᠶ ᠶᠢᠨ ᠲᠠᠯᠠᠪᠤᠷ ᠲᠤ ᠰᠢᠢᠳᠪᠦᠷᠢᠯᠡᠬᠦ ᠵᠢᠯᠣᠭᠤᠳᠬᠤ ᠭᠠᠵᠠᠷ ᠲᠡᠷᠡ ᠳᠠᠷᠤᠶ ᠳᠤᠨᠢ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠵᠤ᠂ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠠᠷᠭ᠎ᠠ ᠴᠢᠨᠠᠷ ᠢᠯᠡᠷᠡᠭᠰᠡᠨ ᠬᠥᠮᠦᠰ ᠵᠢᠴᠢ ᠰᠢᠯᠭᠠᠨ ᠪᠠᠶᠢᠴᠠᠭᠠᠯᠲᠠ ᠶᠢᠨ ᠪᠣᠳᠠᠲᠠᠶ ᠪᠠᠶᠢᠳᠠᠯ ᠢ ᠮᠡᠳᠡᠭᠳᠡᠪᠡ᠃      ᠲᠣᠰ ᠤᠳᠠᠭᠠᠨ ᠤ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢᠨ ᠰᠢᠢᠳᠪᠦᠷᠢᠯᠡᠯᠲᠡ ᠲᠦᠷᠭᠡᠨ᠂ ᠮᠠᠭᠠᠳᠯᠠᠯᠲᠠ ᠣᠨᠣᠪᠴᠢᠲᠠᠶ ᠪᠠᠶᠢᠵᠤ᠂ ᠬᠤᠰᠢᠭᠤ ᠪᠠᠴᠢᠮ ᠪᠠᠶᠢᠳᠠᠯ ᠢ ᠠᠷᠭᠠᠴᠠᠭᠠᠬᠤ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠪᠣᠯᠤᠨ ᠠᠵᠢᠯᠲᠠᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠠᠷᠭ᠎ᠠ ᠴᠢᠨᠠᠷ ᠢᠯᠡᠷᠡᠬᠦ ᠪᠠᠴᠢᠮ ᠪᠠᠶᠢᠳᠠᠯ ᠢ ᠠᠷᠭᠠᠴᠠᠭᠠᠬᠤ ᠠᠵᠢᠯ ᠳᠤ ᠬᠠᠷᠢᠴᠠᠩᠭᠤᠶ ᠪᠠᠷ ᠦᠨᠡᠨ ᠪᠣᠳᠠᠲᠠᠶ ᠪᠠᠷ ᠤᠷᠤᠯᠴᠠᠵᠠᠢ᠃ ᠰᠣᠷᠢᠯᠲᠠ ᠨᠢ  ᠮᠠᠨ ᠤ ᠬᠤᠰᠢᠭᠤᠨ ᠤ ᠭᠡᠨᠡᠳᠲᠡ ᠡᠭᠦᠰᠬᠦ ᠪᠠᠶᠢᠳᠠᠯ ᠢ ᠠᠷᠭᠠᠴᠠᠭᠠᠬᠤ ᠵᠣᠬᠢᠶᠠᠨ ᠪᠠᠶᠢᠭᠤᠯᠬᠤ ᠪᠠ ᠵᠣᠬᠢᠴᠠᠭᠤᠯᠬᠤ ᠴᠢᠳᠠᠪᠤᠷᠢ ᠶᠢ ᠪᠦᠲᠦᠮᠵᠢᠲᠡᠶ ᠰᠢᠯᠭᠠᠨ ᠪᠠᠶᠢᠴᠠᠭᠠᠵᠤ᠂ ᠪᠠᠴᠢᠮ ᠪᠠᠶᠢᠳᠠᠯ ᠢ ᠠᠷᠭᠠᠴᠠᠭᠠᠨ ᠠᠪᠤᠷᠠᠨ ᠵᠠᠰᠠᠬᠤ ᠲᠦᠪᠰᠢᠨ ᠪᠠ ᠬᠠᠮᠵᠢᠯᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠭᠡᠨᠡᠳᠲᠡ ᠠᠷᠭ᠎ᠠ ᠴᠢᠨᠠᠷ ᠢᠯᠡᠷᠡᠭᠰᠡᠨ ᠬᠥᠮᠦᠰ ᠢ ᠪᠦᠲᠦᠮᠵᠢᠲᠡᠶ ᠵᠣᠬᠢᠶᠠᠨ ᠪᠠᠶᠢᠭᠤᠯᠵᠤ᠂ ᠲᠦᠷᠭᠡᠨ ᠲᠤᠰᠬᠠᠯ ᠭᠠᠷᠭᠠᠵᠤ᠂ ᠥᠨᠳᠥᠷ ᠪᠦᠲᠦᠮᠵᠢᠲᠡᠶ ᠠᠷᠭᠠᠴᠠᠭᠠᠬᠤ ᠶᠢ ᠦᠨᠡᠨ ᠬᠦ ᠪᠠᠲᠤᠯᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号