ᠵᠡᠮᠳᠡᠭᠴᠦᠳ ᠤᠨ ᠠᠮᠢᠳᠤᠷᠠᠯ ᠢ ᠬᠦᠴᠦᠯᠡᠨ ᠪᠠᠲᠤᠯᠠᠨ ᠰᠠᠶᠢᠵᠢᠷᠠᠭᠤᠯᠵᠤ᠂ ᠵᠡᠮᠳᠡᠭᠴᠦᠳ ᠤᠨ ᠬᠠᠤᠯᠢ | ᠶᠣᠰᠣᠨ ᠤ ᠡᠷᠬᠡ ᠠᠰᠢᠭ ᠢ ᠨᠠᠩ ᠰᠠᠶᠢᠲᠤᠷ ᠬᠠᠮᠠᠭᠠᠯᠠᠵᠤ᠂ ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠬᠤ | ᠰᠠᠶᠢᠨ ᠰᠠᠶᠢᠬᠠᠨ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 5 ᠰᠠᠷ᠎ᠠ ᠶᠢᠨ 15 ᠤ ᠡᠳᠦᠷ | ᠂ ᠭᠤᠴᠢᠨ ᠬᠤᠶᠠᠳᠤᠭᠠᠷ ᠣᠳᠠᠭᠠᠨ ᠤ ᠪᠥᠬᠦ ᠤᠯᠤᠰ ᠤᠨ ᠵᠡᠮᠳᠡᠭᠴᠦᠳ ᠢ ᠲᠤᠰᠠᠯᠠᠬᠤ ᠡᠳᠦᠷ ᠬᠦᠷᠴᠦ ᠢᠷᠡᠬᠦ | ᠲᠠᠰᠢᠷᠠᠮ ᠳᠤ᠂ ᠮᠠᠨ ᠤ ᠬᠤᠰᠢᠭᠤᠨ ᠤ ᠵᠡᠮᠳᠡᠭᠴᠦᠳ ᠤᠨ ᠬᠤᠯᠪᠣᠭᠠᠲᠤ ᠬᠤᠷᠠᠯ ᠨᠢ ᠡᠯ᠎ᠡ ᠰᠠᠯᠠᠭ᠎ᠠ ᠮᠥᠴᠢᠷ ᠪᠣᠯᠤᠨ | ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠲᠠᠢ ᠬᠠᠮᠲᠤᠷᠠᠨ ᠬᠤᠰᠢᠭᠤ ᠳᠥᠷᠪᠡᠳᠦᠭᠡᠷ ᠪᠠᠭ᠎ᠠ ᠰᠤᠷᠭᠠᠭᠤᠯᠢ ᠳᠤ ︽ | ᠵᠡᠮᠳᠡᠭᠴᠦᠳ ᠤᠨ ᠠᠵᠢᠯ ᠣᠯᠭᠤᠯᠲᠠ ᠶᠢ ᠠᠬᠢᠭᠤᠯᠵᠤ᠂ ᠵᠡᠮᠳᠡᠭᠴᠦᠳ ᠤᠨ ᠡᠷᠬᠡ ᠠᠰᠢᠭ ᠢ ᠪᠠᠲᠤᠯᠠᠬᠤ︾ | ᠠᠵᠢᠯᠯᠠᠭ᠎ᠠ ᠶᠢᠨ ᠭᠤᠤᠯ ᠰᠡᠳᠦᠪ ᠤᠨ ᠲᠣᠭᠤᠷᠢᠨ ᠳᠤ ᠠᠭᠤᠯᠭ᠎ᠠ ᠪᠠᠷ ᠪᠠᠶᠠᠯᠢᠭ ᠭᠤᠤᠯ ᠰᠡᠳᠦᠪᠲᠦ ᠠᠵᠢᠯᠯᠠᠭ᠎ᠠ | ᠦᠷᠨᠢᠭᠦᠯᠵᠡᠢ᠃ | ᠬᠤᠰᠢᠭᠤ ᠵᠡᠮᠳᠡᠭᠴᠦᠳ ᠤᠨ ᠬᠤᠯᠪᠤᠭᠠᠳᠤ ᠬᠤᠷᠠᠯ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ | ᠬᠤᠰᠢᠭᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ᠂ ᠡᠳ᠋ ᠤᠨ ᠵᠠᠰᠠᠭ ᠤᠨ ᠲᠣᠪᠴᠢᠶ᠎ᠠ᠂ ᠬᠠᠤᠯᠢ ᠴᠠᠭᠠᠵᠠ ᠶᠢᠨ | ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠵᠡᠷᠭᠡ ᠰᠠᠯᠠᠭ᠎ᠠ ᠮᠥᠴᠢᠷ ᠤᠨ ᠬᠠᠮᠢᠶ᠎ᠠ ᠪᠦᠬᠦᠢ | ᠬᠠᠷᠢᠭᠤᠴᠠᠯᠭᠠᠲᠠᠨ᠂ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠤᠨ ᠲᠥᠯᠥᠭᠡᠯᠡᠭᠴᠢ ᠵᠢᠴᠢ ᠪᠥᠬᠦ ᠬᠤᠰᠢᠭᠤᠨ ᠤ | ᠵᠡᠮᠳᠡᠭᠴᠦᠳ ᠠᠵᠢᠯᠯᠠᠭ᠎ᠠ ᠳᠤ ᠣᠷᠣᠯᠴᠠᠪᠠ᠃ | ᠠᠵᠢᠯᠯᠠᠭᠠᠨ ᠤ ᠠᠬᠤᠢ ᠲᠠᠯᠠᠪᠠᠶ ᠳᠤ ᠠᠵᠢᠯᠲᠠᠨ ᠡᠯᠰᠡᠬᠦ ᠠᠵᠢᠯᠯᠠᠭ᠎ᠠ ᠶᠠᠪᠤᠭᠳᠠᠵᠤ᠂ ᠬᠤᠸᠠ ᠯᠦᠩ | ᠴᠢᠯᠦᠭᠡᠲᠦ ᠳᠡᠯᠭᠡᠭᠦᠷ᠂ ᠷᠦᠩ ᠭᠤᠸᠠᠨ ᠠᠭᠤᠷᠬᠠᠶ ᠶᠢᠨ ᠦᠢᠯᠡᠰ ᠵᠡᠷᠭᠡ ᠬᠠᠶᠢᠷ᠎ᠠ ᠬᠠᠯᠠᠮᠵᠢ ᠶᠢᠨ ᠠᠵᠤ | ᠠᠬᠤᠶᠢᠯᠠᠯ ᠤᠨ ᠬᠢᠨ ᠠᠴᠠ ᠲᠤᠰᠬᠠᠶᠢᠯᠠᠨ ᠵᠡᠮᠳᠡᠭᠴᠦᠳ ᠲᠤ ᠵᠣᠷᠢᠭᠤᠯᠤᠭᠰᠠᠨ ᠠᠵᠢᠯᠲᠠᠨ ᠡᠯᠰᠡᠬᠦ ᠠᠵᠢᠯ ᠤᠨ | ᠪᠠᠶᠢᠷᠢ ᠶᠢᠨ ᠮᠡᠳᠡᠭᠡ ᠵᠠᠩᠭᠢ ᠪᠠᠨ ᠨᠡᠶᠢᠲᠡᠯᠡᠵᠦ᠂ ᠠᠰᠠᠭᠤᠨ ᠯᠠᠪᠯᠠᠬᠤ ᠪᠠᠷ ᠢᠷᠡᠭᠰᠡᠨ ᠵᠡᠮᠳᠡᠭᠠᠵᠢᠯ ᠡᠷᠢᠭᠰᠡᠳ ᠤᠨ | ᠠᠰᠠᠭᠤᠯᠲᠠ ᠶᠢ ᠬᠦᠯᠢᠴᠡᠩᠭᠦᠶ᠂ ᠨᠠᠷᠢᠨ ᠨᠢᠮᠪᠠᠶ ᠬᠠᠷᠢᠭᠤᠯᠪᠠ᠃ ᠲᠤᠬᠠᠢ ᠶᠢᠨ ᠲᠠᠯᠠᠪᠠᠢ ᠳᠤ ᠪᠠᠰᠠ ᠬᠠᠤᠯᠢ | ᠴᠠᠭᠠᠵᠠ ᠶᠢᠨ ᠠᠰᠠᠭᠤᠨ ᠯᠠᠪᠯᠠᠬᠤ ᠲᠠᠪᠴᠠᠩ᠂ ᠠᠵᠢᠯ ᠣᠯᠭᠤᠯᠲᠠ ᠶᠢᠨ ᠠᠰᠠᠭᠤᠨ ᠯᠠᠪᠯᠠᠬᠤ ᠲᠠᠪᠴᠠᠩ᠂ ᠡᠷᠡᠭᠦᠯ | ᠮᠡᠨᠳᠦ ᠶᠢᠨ ᠠᠯᠪᠠᠨ ᠵᠢᠷᠤᠮ ᠤᠨ ᠡᠮᠴᠢᠯᠡᠭᠡᠨ ᠤ ᠲᠣᠭᠤᠷᠢᠭ ᠵᠡᠷᠭᠡ ᠶᠢ ᠣᠨᠴᠠᠭᠠᠶᠢᠯᠠᠨ ᠲᠤᠬᠢᠷᠠᠭᠤᠯᠵᠤ᠂ ᠵᠡᠮᠳᠡᠭ | ᠬᠥᠮᠦᠰ ᠢ ᠬᠠᠪᠰᠤᠷᠤᠨ ᠦᠢᠯᠡᠰ ᠪᠤᠰᠬᠠᠬᠤ ᠳᠡᠮᠵᠢᠯᠭᠡ᠂ ᠵᠡᠮᠳᠡᠭᠴᠦᠳ ᠤᠨ ᠬᠠᠤᠯᠢ ᠴᠠᠭᠠᠵᠠ ᠶᠢᠨ ᠲᠤᠰᠠᠯᠠᠮᠵᠢ᠂ | ᠤᠳᠠᠭᠠᠨ ᠴᠢᠨᠠᠷᠲᠠᠢ ᠡᠪᠡᠳᠴᠢᠨ ᠢ ᠰᠡᠷᠭᠡᠶᠢᠯᠡᠨ ᠵᠠᠰᠠᠬᠤ ᠵᠡᠷᠭᠡ ᠠᠯᠢ ᠤᠯᠠᠨ ᠠᠰᠠᠭᠤᠳᠠᠯ ᠢ ᠬᠠᠪᠰᠤᠷᠤᠨ | ᠰᠢᠢᠳᠪᠦᠷᠢᠯᠡᠵᠡᠢ᠃ | ᠵᠡᠮᠳᠡᠭᠴᠦᠳ ᠤᠨ ᠰᠣᠨᠢᠷᠬᠠᠯᠲᠤ ᠪᠡᠶ᠎ᠡ ᠶᠢᠨ ᠲᠠᠮᠢᠷ ᠤᠨ ᠴᠤᠭᠯᠠᠭᠠᠨ ᠨᠢ ᠨᠠᠩ ᠴᠤ ᠣᠯᠠᠨ ᠤ ᠪᠡᠶ᠎ᠡ ᠶᠢᠨ | ᠲᠠᠮᠢᠷ ᠤᠨ ᠬᠦᠳᠡᠯᠭᠡᠭᠡᠨ ᠳᠤ ᠤᠷᠤᠯᠴᠠᠬᠤ ᠤᠷᠮᠠᠰᠢᠯ ᠢ ᠬᠥᠭᠵᠢᠭᠡᠵᠦ᠂ ᠬᠤᠪᠢ ᠬᠥᠮᠦᠨ ᠤ ᠲᠡᠪᠡᠭ᠂ ᠱᠠᠭ᠎ᠠ᠂ | ᠪᠤᠤᠯᠢᠩ ᠪᠥᠮᠪᠦᠭᠡ ᠵᠡᠷᠭᠡ ᠤᠷᠤᠯᠳᠤᠭᠠᠨ ᠳᠤ᠂ ᠤᠷᠤᠯᠳᠤᠭᠠᠨ ᠳᠤ ᠤᠷᠤᠯᠴᠠᠭᠰᠠᠨ ᠲᠠᠮᠢᠷᠴᠢᠳ ᠲᠣᠰ ᠲᠣᠰ ᠤᠨ | ᠳᠠᠪᠠᠭᠤᠯᠢᠭ ᠢᠶᠠᠨ ᠪᠠᠳᠠᠷᠠᠭᠤᠯᠵᠤ᠂ ᠥᠷᠢᠰᠥᠯᠳᠦᠭᠡᠨ ᠬᠤᠷᠴᠠ ᠰᠢᠷᠦᠭᠦᠨ ᠶᠠᠪᠤᠭᠳᠠᠵᠤ᠂ ᠣᠯᠠᠨ ᠤ ᠬᠠᠯᠠᠭᠤᠨ | ᠠᠯᠠᠭ᠎ᠠ ᠲᠠᠰᠢᠯᠲᠠ ᠶᠢ ᠣᠯᠵᠠᠶ᠃ ᠬᠠᠮᠲᠤ ᠨᠡᠶᠢᠲᠡ ᠶᠢᠨ ᠫᠢᠩᠫᠠᠩ ᠪᠥᠮᠪᠦᠭᠡ ᠶᠢᠨ ᠬᠦᠴᠦᠨ ᠵᠠᠯᠭᠠᠬᠤ | ᠤᠷᠤᠯᠳᠤᠭᠠᠨ ᠳᠤ᠂ ᠲᠠᠮᠢᠷᠴᠢᠳ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠯᠴᠠᠨ ᠬᠠᠮᠵᠢᠯᠴᠠᠵᠤ᠂ | ᠵᠡᠮᠳᠡᠭᠴᠦᠳ ᠤᠨ ᠢᠳᠡᠪᠬᠢᠲᠡᠶ ᠪᠠᠷ ᠥᠭᠡᠳᠡᠯᠡᠨ ᠳᠠᠪᠰᠢᠬᠤ᠂ ᠡᠷᠡᠯᠬᠡᠭᠯᠡᠨ ᠤᠷᠤᠭᠰᠢᠯᠠᠬᠤ ᠣᠶᠤᠨ ᠰᠠᠨᠠᠭᠠᠨ ᠤ | ᠳᠦᠷᠰᠦ ᠪᠠᠶᠢᠳᠠᠯ ᠢ ᠢᠯᠡᠷᠡᠭᠦᠯᠵᠡᠢ᠃ | ᠲᠤᠰ ᠣᠳᠠᠭᠠᠨ ᠤ ᠠᠵᠢᠯᠯᠠᠭ᠎ᠠ ᠨᠢ ᠵᠡᠮᠳᠡᠭᠴᠦᠳ ᠤᠨ ᠠᠵᠢᠯ ᠮᠡᠷᠭᠡᠵᠢᠯ ᠤᠨ ᠪᠣᠯᠪᠠᠰᠤᠷᠠᠯ ᠪᠣᠯᠤᠨ ᠠᠵᠢᠯ | ᠣᠯᠭᠤᠯᠲᠠ ᠪᠠᠷ ᠬᠠᠪᠰᠤᠷᠤᠨ ᠲᠡᠳᠬᠦᠬᠦ ᠶᠢ ᠴᠢᠩᠭᠠᠳᠬᠠᠵᠤ᠂ ᠵᠡᠮᠳᠡᠭᠴᠦᠳ ᠤᠨ ᠠᠮᠢᠳᠤᠷᠠᠯ ᠤᠨ ᠴᠢᠨᠠᠷ ᠴᠢᠨᠰᠠᠭ᠎ᠠ | ᠶᠢ ᠰᠠᠶᠢᠵᠢᠷᠠᠭᠤᠯᠵᠤ᠂ ᠪᠦᠬᠦ ᠨᠡᠶᠢᠭᠡᠮ ᠢᠶᠠᠷ ᠢᠶᠠᠨ ᠵᠡᠮᠳᠡᠭᠴᠦᠳ ᠢ ᠣᠶᠢᠯᠠᠭᠠᠬᠤ᠂ ᠬᠦᠨᠳᠦᠳᠬᠡᠬᠦ᠂ ᠬᠠᠯᠠᠮᠵᠢᠯᠠᠬᠤ᠂ | ᠬᠠᠪᠰᠤᠷᠬᠤ ᠠᠭᠤᠷ ᠠᠮᠢᠰᠬᠤᠯ ᠢ ᠪᠤᠢ ᠪᠣᠯᠭᠠᠵᠠᠢ᠃ |