ᠳᠡᠯᠡᠬᠡᠢ ᠶᠢᠨ ᠭᠡᠷ ᠪᠦᠯᠢ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠭᠠᠬᠢᠯ ᠰᠤᠮᠤᠨ ᠤ | ᠡᠮᠡᠭᠲᠡᠶᠢᠴᠦᠳ ᠤᠨ ᠬᠤᠯᠪᠣᠭᠠᠲᠤ ᠬᠤᠷᠠᠯ ᠠᠴᠠ ︽ᠵᠢᠷᠦᠬᠡᠨ ᠤ ᠤᠶᠠᠩᠭ᠎ᠠ ᠪᠠᠨ ᠨᠠᠮ ᠳᠠᠭᠠᠨ ᠡᠷᠭᠦᠵᠦ᠂ ᠨᠠᠮ ᠤᠨ | ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠬᠡᠷ ᠪᠦᠯᠢ ᠶᠢᠨ ᠬᠥᠮᠦᠵᠢᠯ ᠤᠨ ᠤᠬᠠᠭᠤᠯᠭ᠎ᠠ ᠶᠢᠨ | ᠭᠠᠷᠠᠭ ᠤᠨ ᠰᠢᠷᠢᠰ ᠠᠵᠢᠯᠯᠠᠭ᠎ᠠ ᠶᠢ ᠢᠳᠡᠪᠬᠢᠲᠡᠢ ᠥᠷᠨᠢᠭᠦᠯᠵᠦ᠂ ᠰᠢ ᠶᠢᠨ ᠫᠢᠩ ᠶᠡᠷᠦᠩᠬᠡᠢ ᠱᠦᠵᠢ ᠶᠢᠨ ᠭᠡᠷ | ᠪᠦᠯᠢ ᠂ ᠭᠡᠷ ᠤᠨ ᠬᠥᠮᠦᠵᠢᠯ᠂ ᠭᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ ᠲᠤᠬᠠᠢ ᠴᠢᠬᠤᠯᠠ | ᠥᠭᠦᠯᠡᠯᠲᠡ ᠶᠢ ᠥᠷᠭᠡᠨ ᠢᠶᠠᠷ ᠤᠬᠠᠭᠤᠯᠤᠨ᠂ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ ᠶᠢ | ᠲᠦᠭᠡᠮᠡᠯᠵᠢᠭᠦᠯᠵᠦ᠂ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠭᠡᠷ ᠪᠦᠯᠢ ᠳᠤ | ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠪᠠ᠃ | ᠤᠬᠠᠭᠤᠯᠭ᠎ᠠ ᠶᠢᠨ ᠠᠵᠢᠯ ᠢ ᠰᠠᠢᠲᠤᠷ ᠬᠢᠪᠡ᠃ 2022 ᠣᠨ ᠤ 5 ᠰᠠᠷ᠎ᠠ ᠶᠢᠨ 7 ᠤ | ᠡᠳᠦᠷ ᠠᠴᠠ 15 ᠤ ᠡᠳᠦᠷ ᠪᠣᠯᠲᠠᠯ᠎ᠠ᠂ ᠪᠥᠬᠦ ᠤᠯᠤᠰ ᠤᠨ ᠬᠡᠷ ᠪᠦᠯᠢ ᠶᠢᠨ ᠬᠥᠮᠦᠵᠢᠯ ᠤᠨ ᠤᠬᠠᠭᠤᠯᠭ᠎ᠠ ᠶᠢᠨ | ᠭᠠᠷᠠᠭ ᠤᠨ ᠰᠦᠯᠵᠢᠶᠡᠨ ᠳᠡᠭᠡᠷᠡᠬᠢ ᠭᠤᠤᠯ ᠰᠡᠳᠦᠪᠲᠦ ᠠᠵᠢᠯᠯᠠᠭ᠎ᠠ ᠶᠢᠨ ᠰᠢᠭᠤᠳ ᠨᠡᠪᠲᠡᠷᠡᠭᠦᠯᠭᠡ ᠶᠢ ᠦᠵᠡᠬᠦ᠂ | ᠸᠢᠴᠠᠲ ᠬᠤᠯᠪᠣᠭ᠎ᠠ ᠪᠠᠷ ᠳᠠᠮᠵᠢᠨ ᠬᠡᠷ ᠪᠦᠯᠢ ᠶᠢᠨ ᠬᠥᠮᠦᠵᠢᠯ ᠤᠨ ᠬᠠᠮᠢᠶ᠎ᠠ ᠪᠥᠬᠦᠶ ᠮᠡᠳᠡᠯᠭᠡ ᠶᠢ ᠳᠠᠮᠵᠢᠭᠤᠯᠤᠨ | ᠲᠠᠷᠬᠠᠭᠠᠬᠤ ᠪᠠ ᠬᠠᠤᠯᠢ ᠴᠠᠭᠠᠵᠠ ᠶᠢᠨ ᠮᠡᠳᠡᠯᠭᠡ ᠶᠢᠨ ᠲᠤᠰᠬᠠᠶ ᠰᠤᠷᠤᠯᠴᠠᠯᠭ᠎ᠠ ᠵᠡᠷᠭᠡ ᠬᠡᠯᠪᠡᠷᠢ ᠪᠠᠷ ᠳᠠᠮᠵᠢᠭᠤᠯᠤᠨ᠂ | ᠰᠤᠮᠤᠨ ᠤ ᠥᠷᠭᠡᠨ ᠣᠯᠠᠨ ᠲᠦᠮᠡᠨ ᠢ ᠬᠥᠲᠥᠯᠦᠨ ᠵᠢᠯᠣᠭᠤᠳᠴᠤ ᠬᠡᠷ ᠪᠦᠯᠢ ᠬᠡᠷ ᠤᠨ ᠬᠥᠮᠦᠵᠢᠯ ᠬᠡᠷ ᠤᠨ | ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠵᠤ᠂ ᠰᠢᠨᠵᠢᠯᠡᠬᠦ ᠤᠬᠠᠭᠠᠨᠴᠢ ᠬᠡᠷ ᠪᠦᠯᠢ ᠶᠢᠨ ᠬᠥᠮᠦᠵᠢᠯ ᠤᠨ | ᠣᠶᠢᠯᠠᠭᠠᠭᠳᠠᠬᠤᠨ ᠢ ᠤᠯᠠᠮ ᠨᠢᠭᠡ ᠠᠯᠬᠤᠮ ᠪᠣᠶ ᠪᠣᠯᠭᠠᠵᠤ᠂ ᠨᠡᠶᠢᠭᠡᠮ ᠤᠨ ᠢᠳᠡᠪᠬᠢ ᠬᠦᠴᠦᠨ ᠢ ᠤᠯᠠᠮᠵᠢᠯᠠᠨ | ᠲᠠᠷᠬᠠᠭᠠᠵᠤ᠂ ᠬᠡᠷ ᠪᠦᠯᠢ ᠶᠢᠨ ᠪᠣᠯᠪᠠᠰᠤᠨ ᠤ ᠰᠢᠨ᠎ᠡ ᠬᠡᠪ ᠰᠤᠷᠲᠠᠯ ᠢ ᠬᠥᠮᠥᠵᠢᠭᠦᠯᠪᠡ᠃ | ᠬᠠᠤᠯᠢ ᠴᠠᠭᠠᠵᠠ ᠶᠢᠨ ᠰᠤᠷᠤᠯᠴᠠᠯᠭ᠎ᠠ ᠶᠢᠨ ᠠᠵᠢᠯᠯᠠᠭ᠎ᠠ ᠥᠷᠨᠢᠭᠦᠯᠪᠡ᠃ ᠰᠤᠮᠤᠨ ᠤ ᠡᠮᠡᠭᠲᠡᠶᠢᠴᠦᠳ ᠤᠨ | ᠬᠤᠯᠪᠣᠭᠠᠲᠤ ᠬᠤᠷᠠᠯ ᠪᠣᠯᠤᠨ ᠵᠡᠭᠦᠨ ᠦᠵᠦᠮᠦᠴᠢᠨ ᠬᠤᠰᠢᠭᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ | ᠬᠠᠮᠲᠤᠷᠠᠨ ︽ᠬᠠᠤᠯᠢ ᠴᠠᠭᠠᠵᠠ ᠶᠢ ᠡᠷᠦᠬᠡ ᠪᠣᠯᠭᠠᠨ ᠳᠤ ᠲᠦᠭᠡᠮᠡᠯᠵᠢᠭᠦᠯᠵᠦ᠂ ᠬᠡᠷ ᠤᠨ ᠰᠤᠷᠭᠠᠯ ᠢᠶᠠᠷ ᠬᠡᠦᠬᠡᠳ ᠢ | ᠥᠰᠬᠡᠨ ᠬᠥᠮᠥᠵᠢᠭᠦᠯᠬᠦ︾ ᠬᠡᠷ ᠪᠦᠯᠢ ᠶᠢᠨ ᠬᠥᠮᠦᠵᠢᠯ ᠤᠨ ᠤᠬᠠᠭᠤᠯᠭ᠎ᠠ ᠶᠢᠨ ᠭᠠᠷᠠᠭ ᠤᠨ ᠠᠵᠢᠯᠯᠠᠭ᠎ᠠ ᠥᠷᠨᠢᠭᠦᠯᠵᠦ | ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ ᠳᠡᠳ᠋ ᠲᠡᠷᠢᠭᠦᠯᠡᠭᠴᠢ ᠤᠷᠢᠬᠠᠨ ᠠᠴᠠ ︽ᠪᠦᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠡᠷ ᠪᠦᠯᠢ ᠶᠢᠨ ᠬᠥᠮᠦᠵᠢᠯ ᠢ ᠠᠬᠢᠭᠤᠯᠬᠤ ᠬᠠᠤᠯᠢ︾ ᠶᠢᠨ ᠬᠢᠯᠠᠰ | ᠴᠡᠭ ᠤᠨ ᠠᠭᠤᠯᠭ᠎ᠠ ᠪᠠᠷ ᠭᠠᠷᠳᠠᠴᠠ ᠪᠣᠯᠭᠠᠵᠤ᠂ ᠬᠠᠤᠯᠢ ᠲᠣᠭᠲᠠᠭᠠᠭᠰᠠᠨ ᠵᠣᠷᠢᠯᠭ᠎ᠠ᠂ ᠭᠡᠷ ᠪᠦᠯᠢ ᠶᠢᠨ | ᠬᠥᠮᠦᠵᠢᠯ ᠤᠨ ᠱᠠᠭᠠᠷᠳᠠᠯᠭ᠎ᠠ᠂ ᠭᠡᠷ ᠪᠦᠯᠢ ᠶᠢᠨ ᠬᠥᠮᠦᠵᠢᠯ ᠤᠨ ᠬᠠᠷᠢᠭᠤᠴᠠᠯᠭ᠎ᠠ ᠵᠢᠴᠢ ᠭᠡᠷ ᠪᠦᠯᠢ ᠶᠢᠨ | ᠬᠥᠮᠦᠵᠢᠯ ᠤᠨ ᠠᠷᠭ᠎ᠠ ᠵᠡᠷᠭᠡ ᠲᠠᠯ᠎ᠠ ᠪᠠᠷ ᠲᠠᠶᠢᠯᠤᠮᠵᠢ ᠬᠢᠪᠡ᠃ | ︽ᠬᠠᠮᠤᠭ ᠤᠨ ᠭᠤᠶᠣ ᠭᠡᠷ ᠪᠦᠯᠢ︾ ᠠᠴᠠ ᠰᠢᠯᠢᠳᠡᠭ ᠬᠡᠷ ᠤᠨ ᠰᠤᠷᠲᠠᠯ ᠭᠡᠷ ᠤᠨ ᠰᠤᠷᠭᠠᠯ ᠢ | ᠬᠤᠪᠢᠶᠠᠯᠴᠠᠬᠤ ᠠᠵᠢᠯᠯᠠᠭ᠎ᠠ ᠶᠢ ᠥᠷᠨᠢᠭᠦᠯᠪᠡ᠃ ᠰᠤᠮᠤᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠤᠨ | ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠭᠡᠰᠢᠭᠦᠨ᠂ ᠠᠶᠢᠮᠠᠭ ᠳᠡᠰ ᠤᠨ ︽ᠬᠠᠮᠤᠭ ᠤᠨ ᠭᠤᠶᠤ ᠭᠡᠷ ᠪᠦᠯᠢ︾ | ᠶᠢᠨ ᠲᠥᠯᠥᠭᠡᠯᠡᠭᠴᠢ ᠴᠣᠯᠮᠣᠨᠴᠡᠴᠡᠭ ᠠᠴᠠ ᠭᠡᠷ ᠤᠨ ᠰᠤᠷᠲᠠᠯ ᠤᠨ ᠦᠯᠢᠭᠡᠷ ᠵᠢᠱᠢᠶ᠎ᠡ ᠶᠢ ᠬᠤᠪᠢᠶᠠᠯᠴᠠᠵᠤ᠂ ᠥᠷᠭᠡᠨ | ᠤᠯᠠᠨ ᠡᠮᠡᠭᠲᠡᠶᠢᠴᠦᠳ ᠰᠢᠯᠢᠳᠡᠭ ᠭᠡᠷ ᠤᠨ ᠰᠤᠷᠲᠠᠯ ᠭᠡᠷ ᠤᠨ ᠰᠤᠷᠭᠠᠯ ᠢ ᠤᠯᠠᠮᠵᠢᠯᠠᠨ ᠪᠠᠳᠠᠷᠠᠭᠤᠯᠵᠤ᠂ ᠡᠭᠡᠯ | ᠵᠢᠷ ᠤᠨ ᠠᠮᠢᠳᠤᠷᠠᠯ ᠤᠨ ᠳᠤᠮᠳᠠ ᠪᠠᠨ ᠥᠭᠡᠳᠡᠷᠬᠡᠭ ᠵᠦᠢᠯᠡᠰ ᠢ ᠡᠷᠬᠢᠮᠯᠡᠨ᠂ ᠰᠢᠨ᠎ᠡ ᠴᠠᠭ ᠦᠶ᠎ᠡ ᠶᠢᠨ ᠰᠣᠳᠣᠨ | ᠡᠮᠡᠭᠲᠡᠢ ᠶᠢᠨ ᠲᠦᠷᠢ ᠪᠠᠶᠢᠳᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ | ᠤᠭᠲᠤᠬᠤ ᠶᠢ ᠤᠷᠢᠶᠠᠯᠠᠭᠰᠠᠨ ᠪᠠᠢᠨ᠎ᠠ᠃ | ᠭᠡᠷ ᠪᠦᠯᠢ ᠶᠢᠨ ᠬᠥᠮᠦᠵᠢᠯ ᠤᠨ ᠲᠤᠬᠠᠢ ᠮᠡᠳᠡᠯᠭᠡ ᠶᠢᠨ ᠤᠷᠤᠯᠳᠤᠭᠠᠨ ᠶᠠᠪᠤᠭᠳᠠᠭᠤᠯᠪᠠ᠃ 5 ᠰᠠᠷ᠎ᠠ ᠶᠢᠨ | 14 ᠤ ᠡᠳᠦᠷ᠂ ︽ᠬᠡᠷ ᠪᠦᠯᠢ ᠬᠡᠷ ᠤᠨ ᠰᠤᠷᠭᠠᠯ ᠬᠡᠷ ᠤᠨ ᠰᠤᠷᠲᠠᠯ ᠤᠨ ᠪᠠᠶᠢᠭᠤᠯᠤᠯᠲᠠ ᠶᠢ ᠴᠢᠬᠤᠯᠠᠴᠢᠯᠠᠬᠤ | ᠲᠤᠬᠠᠶ ᠰᠢ ᠶᠢᠨ ᠫᠢᠩ ᠶᠡᠷᠦᠩᠬᠡᠶ ᠱᠦᠵᠢ ᠶᠢᠨ ᠥᠭᠦᠯᠡᠯᠲᠡ ᠶᠢᠨ ᠲᠡᠭᠦᠪᠦᠷᠢ︾ ︽ᠬᠡᠷ ᠪᠦᠯᠢ ᠶᠢᠨ ᠬᠥᠮᠦᠵᠢᠯ ᠢ | ᠠᠬᠢᠭᠤᠯᠬᠤ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠬᠦᠴᠦᠷᠬᠡᠭᠯᠡᠯ ᠢ | ᠡᠰᠡᠷᠭᠦᠴᠡᠬᠦ ᠲᠦᠷᠢᠮ︾ ᠢᠶᠠᠷ ᠭᠤᠤᠯ ᠠᠭᠤᠯᠭ᠎ᠠ ᠪᠣᠯᠭᠠᠭᠰᠠᠨ ᠮᠡᠳᠡᠯᠭᠡ ᠶᠢᠨ ᠤᠷᠤᠯᠳᠤᠭᠠᠨ ᠬᠢᠵᠦ᠂ | ᠡᠮᠡᠭᠲᠡᠢᠴᠦᠳ ᠤᠨ ᠰᠤᠷᠤᠯᠴᠠᠬᠤ ᠤᠷᠮ᠎ᠠ ᠪᠠᠬ᠎ᠠ ᠶᠢ ᠪᠦᠲᠦᠮᠵᠢᠲᠡᠶ ᠬᠦ᠋ᠭᠵᠢᠭᠡᠨ᠂ ᠤᠷᠤᠯᠳᠤᠭᠠᠨ ᠢᠶᠠᠷ | ᠰᠤᠷᠤᠯᠴᠠᠯᠭ᠎ᠠ ᠶᠢ ᠳᠠᠶᠢᠴᠢᠯᠠᠬᠤ᠂ ᠰᠤᠷᠤᠯᠴᠠᠯᠭ᠎ᠠ ᠪᠠᠷ ᠬᠡᠷᠡᠭᠯᠡᠬᠦ ᠶᠢ ᠠᠬᠢᠭᠤᠯᠬᠤ ᠵᠣᠷᠢᠯᠭ᠎ᠠ ᠳᠠᠭᠠᠨ ᠭᠦᠷᠦᠭᠰᠡᠨ | ᠪᠠᠶᠢᠨ᠎ᠠ᠃ | ︽ᠬᠠᠮᠤᠭ ᠤᠨ ᠭᠤᠶᠣ ᠭᠡᠷ ᠪᠦᠯᠢ︾ ᠶᠢ ᠰᠢᠯᠭᠠᠷᠠᠭᠤᠯᠬᠤ ᠠᠵᠢᠯᠯᠠᠭ᠎ᠠ ᠥᠷᠨᠢᠭᠦᠯᠪᠡ᠃ 5 ᠰᠠᠷ᠎ᠠ ᠶᠢᠨ | 7 ᠤ ᠡᠳᠦᠷ ᠠᠴᠠ 10 ᠤ ᠡᠳᠦᠷ ᠪᠣᠯᠲᠠᠯ᠎ᠠ᠂ ᠰᠤᠮᠤᠨ ᠤ ᠡᠯ᠎ᠡ ᠭᠠᠴᠠᠭ᠎ᠠ᠂ ᠨᠡᠶᠢᠭᠡᠮ ᠲᠣᠭᠤᠷᠢᠭ ᠲᠤ ︽ᠬᠡᠷ ᠤᠨ | ᠰᠤᠷᠲᠠᠯ ᠢ ᠳᠡᠭᠡᠳᠦᠯᠡᠨ ᠬᠡᠷ ᠤᠨ ᠰᠤᠷᠭᠠᠯ ᠢ ᠡᠷᠬᠢᠮᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ | ᠤᠭᠲᠤᠶ᠎ᠠ︾ ᠭᠤᠣᠯ ᠰᠡᠳᠦᠪᠲᠦ ︽ᠬᠠᠮᠤᠭ ᠤᠨ ᠭᠤᠶᠣ ᠬᠡᠷ ᠪᠦᠯᠢ︾ ᠶᠢ ᠰᠢᠯᠭᠠᠷᠠᠭᠤᠯᠬᠤ ᠠᠵᠢᠯᠯᠠᠭ᠎ᠠ | ᠥᠷᠨᠢᠭᠦᠯᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠲᠥᠷᠥᠯ ᠰᠠᠳᠤᠨ ᠤ ᠬᠠᠶᠢᠷ᠎ᠠ ᠰᠡᠳᠬᠢᠯᠭᠡ ᠪᠠᠨ | ᠨᠠᠨᠳᠢᠩᠨᠠᠨ᠂ ᠰᠠᠶᠢᠨ ᠰᠠᠶᠢᠬᠠᠨ ᠶᠣᠰᠣ ᠮᠣᠷᠠᠯ ᠢ ᠤᠯᠠᠮᠵᠢᠯᠠᠨ᠂ ᠰᠢᠯᠢᠳᠡᠭ ᠬᠡᠷ ᠤᠨ ᠰᠤᠷᠲᠠᠯ ᠬᠡᠷ ᠤᠨ ᠰᠤᠷᠭᠠᠯ ᠢ | ᠪᠠᠳᠠᠷᠠᠭᠤᠯᠤᠨ ᠵᠠᠯᠭᠠᠮᠵᠢᠯᠠᠬᠤ ᠶᠢ ᠠᠬᠢᠭᠤᠯᠪᠠ᠃ ᠥᠷᠭᠡᠨ ᠤᠯᠠᠨ ᠡᠮᠡᠭᠲᠡᠢᠴᠦᠳ ᠰᠠᠶᠢᠨ ᠳᠤᠷ᠎ᠠ ᠠᠴᠠ ᠪᠠᠨ ᠨᠡᠷ᠎ᠡ | ᠮᠡᠳᠡᠭᠦᠯᠬᠦ᠂ ᠰᠤᠮᠤᠨ ᠪᠠ ᠭᠠᠴᠠᠭᠠᠨ ᠤ ᠡᠮᠡᠭᠲᠡᠢᠴᠦᠳ ᠤᠨ ᠬᠤᠯᠪᠣᠭᠠᠲᠤ ᠬᠤᠷᠠᠯ ᠠᠴᠠ ᠬᠢᠨᠠᠨ ᠰᠢᠯᠭᠠᠷᠠᠭᠤᠯᠬᠤ ᠪᠠᠷ | ᠳᠡᠮᠵᠢᠨ᠂ ᠬᠠᠮᠤᠭ ᠡᠴᠦᠰ ᠲᠤ 13 ᠡᠷᠦᠬᠡ ︽ᠬᠠᠮᠤᠭ ᠤᠨ ᠭᠤᠶᠣ ᠬᠡᠷ ᠪᠦᠯᠢ︾ ᠶᠢ ᠱᠠᠩᠨᠠᠨ ᠬᠥᠬᠢᠭᠦᠯᠪᠡ᠃ |