ᠰᠡᠮᠠᠢ ᠰᠤᠮᠤ ᠨᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ︽ᠴᠢᠳᠠᠪᠦᠷᠢ ᠶᠢᠨ ᠮᠥᠷᠦᠶᠢᠴᠡᠭᠡᠨ ᠢᠶᠠᠷ ᠣᠳᠣᠨ ᠳᠡᠰ ᠰᠢᠯᠭᠠᠷᠠᠭᠤᠯᠬᠤ︾ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠣᠭᠳᠠᠭᠤᠯᠪᠠ
ᠨᠡᠶᠢᠲᠡᠯᠡᠭᠰᠡᠨ ᠴᠠᠭ᠄
2022/5/20
      ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠠᠬᠢ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠶᠢ ᠴᠢᠩᠭᠠᠳᠬᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠨ᠂ ᠠᠵᠢᠯ ᠬᠢᠵᠦ ᠦᠶᠯᠡᠰ ᠴᠣᠭᠴᠠᠯᠠᠬᠤ ᠣᠷᠮ᠎ᠠ ᠶᠢ ᠬᠥᠭᠵᠢᠭᠡᠬᠦ ᠶᠢᠨ ᠲᠥᠯᠥᠭᠡ᠂ 5 ᠰᠠᠷ᠎ᠠ ᠶᠢᠨ 11 ᠤ ᠡᠳᠦᠷ᠂  ᠰᠡᠮᠠᠢ ᠰᠤᠮᠤ ᠨᠢ ᠭᠠᠴᠠᠭᠠᠨ ᠤ ᠨᠠᠮ  ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠦᠷᠢ  ᠶᠢᠨ ᠮᠥᠷᠦᠶᠢᠴᠡᠭᠡᠨ ᠢᠶᠠᠷ ᠣᠳᠣᠨ ᠳᠡᠰ ᠰᠢᠯᠭᠠᠷᠠᠭᠤᠯᠬᠤ︾ ᠠᠵᠢᠯᠯᠠᠭ᠎ᠠ ᠶᠢᠨ ᠡᠬᠢᠯᠡᠯᠲᠡ ᠶᠢᠨ ᠶᠣᠰᠣᠯᠠᠯ ᠶᠠᠪᠣᠭᠳᠠᠭᠤᠯᠵᠦ᠂ ᠨᠠᠮ ᠵᠠᠰᠠᠭ ᠤᠨ ᠤᠳᠤᠷᠢᠳᠬᠤ ᠪᠠᠭ᠂ ᠭᠠᠴᠠᠭᠠᠨ ᠤ ᠨᠠᠮ ᠤᠨ ᠡᠭᠦᠷ ᠤᠨ ᠱᠦᠵᠢ᠂ ᠪᠥᠬᠦ ᠺᠠᠳ᠋ᠷ ᠠᠵᠢᠯᠲᠠᠨ ᠬᠤᠷᠠᠯ ᠳᠤ ᠣᠷᠣᠯᠴᠠᠪᠠ᠃      ᠬᠤᠷᠠᠯ ᠳᠤ᠂ ︽ᠰᠡᠮᠠᠢ ᠰᠣᠮᠣᠨ ᠤ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︿ᠴᠢᠳᠠᠪᠦᠷᠢ ᠶᠢᠨ ᠮᠥᠷᠦᠶᠢᠴᠡᠭᠡᠨ ᠢᠶᠠᠷ ᠣᠳᠣᠨ ᠳᠡᠰ ᠰᠢᠯᠭᠠᠷᠠᠭᠤᠯᠬᠤ﹀ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ︽ᠰᠡᠮᠠᠢ ᠰᠣᠮᠣᠨ ᠤ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︿ᠴᠢᠳᠠᠪᠦᠷᠢ ᠶᠢᠨ ᠮᠥᠷᠦᠶᠢᠴᠡᠭᠡᠨ ᠢᠶᠠᠷ ᠣᠳᠣᠨ ᠳᠡᠰ ᠰᠢᠯᠭᠠᠷᠠᠭᠤᠯᠬᠤ﹀ ᠠᠵᠢᠯᠯᠠᠭ᠎ᠠ ᠶᠢᠨ ᠬᠤᠪᠢ ᠲᠣᠭᠲᠠᠭᠠᠬᠤ ᠨᠠᠷᠢᠨ ᠲᠦᠷᠢᠮ︾  ᠢ ᠤᠩᠰᠢᠨ ᠨᠡᠶᠢᠲᠡᠯᠡᠵᠦ᠂ ︽ᠴᠢᠳᠠᠪᠦᠷᠢ ᠶᠢᠨ ᠮᠥᠷᠦᠶᠢᠴᠡᠭᠡᠨ ᠢᠶᠠᠷ ᠣᠳᠣᠨ ᠳᠡᠰ ᠰᠢᠯᠭᠠᠷᠠᠭᠤᠯᠬᠤ︾ ᠠᠵᠢᠯᠯᠠᠭ᠎ᠠ  ᠶᠢᠨ ᠤᠳᠤᠷᠢᠳᠬᠤ ᠳᠤᠭᠤᠶᠢᠯᠠᠩ᠂ ᠰᠢᠯᠭᠠᠨ ᠦᠨᠡᠯᠡᠬᠦ ᠳᠤᠭᠤᠶᠢᠯᠠᠩ ᠤᠨ ᠭᠡᠰᠢᠭᠦᠨ᠂ ᠠᠵᠢᠯ ᠤᠨ ᠠᠯᠬᠤᠮ ᠳᠠᠷᠠᠭ᠎ᠠ ᠂ ᠴᠠᠭ ᠬᠤᠭᠤᠴᠠᠭ᠎ᠠ ᠪᠠ ᠶᠠᠪᠤᠴᠠ᠂ ᠬᠢᠷᠢ ᠬᠡᠮ ᠤᠨ ᠬᠢᠨᠠᠨ ᠪᠠᠶᠢᠴᠠᠭᠠᠯᠲᠠ᠂ ᠤᠷᠮᠠᠰᠢᠭᠤᠯᠬᠤ ᠪᠠ ᠬᠢᠵᠠᠭᠠᠷᠯᠠᠬᠤ ᠵᠡᠷᠭᠡ ᠠᠭᠤᠯᠭ᠎ᠠ ᠶᠢᠨ ᠲᠤᠬᠠᠶ ᠲᠣᠳᠣᠷᠬᠠᠶᠢᠯᠠᠯᠲᠠ ᠬᠢᠪᠠ᠃      ᠬᠤᠷᠠᠯ ᠠᠴᠠ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠦᠷᠢ ᠶᠢᠨ ᠮᠥᠷᠦᠶᠢᠴᠡᠭᠡᠨ ᠢᠶᠠᠷ ᠣᠳᠣᠨ ᠳᠡᠰ ᠰᠢᠯᠭᠠᠷᠠᠭᠤᠯᠬᠤ︾ ᠠᠵᠢᠯᠯᠠᠭ᠎ᠠ ᠪᠣᠯ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠠᠵᠢᠯ ᠬᠢᠵᠦ ᠦᠶᠯᠡᠰ ᠪᠤᠰᠬᠠᠬᠤ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠳᠠᠶᠢᠴᠢᠯᠠᠬᠤ ᠴᠢᠬᠤᠯᠠ ᠠᠷᠭ᠎ᠠ ᠬᠡᠮᠵᠢᠶ᠎ᠡ ᠪᠣᠯᠤᠨ᠎ᠠ︔ ᠮᠠᠯᠵᠢᠬᠤ ᠣᠷᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠵᠣᠬᠢᠶᠠᠨ ᠪᠠᠶᠢᠭᠤᠯᠬᠤ ᠬᠦᠴᠦᠨ ᠢ ᠪᠦᠲᠦᠮᠵᠢᠲᠡᠶ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠬᠥᠭᠵᠢᠭᠡᠬᠦ ᠪᠦᠲᠦᠮᠵᠢᠲᠡᠶ ᠭᠠᠷᠳᠠᠴᠠ ᠮᠥᠨ᠃ ᠡᠯ᠎ᠡ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠠᠵᠢᠯ ᠤᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠠᠵᠢᠯ ᠤᠨ ᠠᠯᠬᠤᠮ ᠳᠠᠷᠠᠭ᠎ᠠ  ᠶᠢᠨ ᠠᠭᠤᠯᠭ᠎ᠠ ᠶᠢ ᠭᠤᠤᠯᠳᠠᠯᠭ᠎ᠠ ᠲᠠᠢ ᠣᠶᠢᠯᠠᠭᠠᠵᠤ᠂ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ ᠢ ᠵᠣᠬᠢᠶᠠᠨ ᠪᠠᠶᠢᠭᠤᠯᠵᠤ ︽ᠴᠢᠳᠠᠪᠦᠷᠢ ᠶᠢᠨ ᠮᠥᠷᠦᠶᠢᠴᠡᠭᠡᠨ ᠢᠶᠠᠷ ᠣᠳᠣᠨ ᠳᠡᠰ ᠰᠢᠯᠭᠠᠷᠠᠭᠤᠯᠬᠤ︾ ᠠᠵᠢᠯᠯᠠᠭ᠎ᠠ ᠶᠢᠨ ᠬᠠᠮᠢᠶ᠎ᠠ ᠪᠥᠬᠦᠶ ᠠᠭᠤᠯᠭ᠎ᠠ ᠶᠢ ᠪᠥᠬᠦ ᠬᠦᠴᠦᠨ ᠢᠶᠠᠷ ᠢᠶᠠᠨ ᠪᠡᠯᠡᠳᠬᠡᠬᠦ ᠬᠡᠷᠡᠭᠲᠡᠶ ᠭᠡᠵᠦ ᠵᠢᠭᠠᠵᠦ ᠭᠠᠷᠭᠠᠪᠠ᠃      ᠬᠤᠷᠠᠯ ᠠᠴᠠ ᠴᠢᠩᠭᠠᠳᠬᠠᠭᠰᠠᠨ ᠨᠢ᠂ ︽ᠴᠢᠳᠠᠪᠦᠷᠢ ᠶᠢᠨ ᠮᠥᠷᠦᠶᠢᠴᠡᠭᠡᠨ ᠢᠶᠠᠷ ᠣᠳᠣᠨ ᠳᠡᠰ ᠰᠢᠯᠭᠠᠷᠠᠭᠤᠯᠬᠤ︾ ᠠᠵᠢᠯᠯᠠᠭ᠎ᠠ ᠨᠢ ᠪᠦᠬᠦ ᠰᠣᠮᠣᠨ ᠤ 7 ᠭᠠᠴᠠᠭᠠᠨ ᠤ ᠨᠠᠮ ᠤᠨ ᠡᠭᠦᠷ ᠤᠨ ᠱᠦᠵᠢ ᠶᠢ ᠪᠦᠬᠦᠨ ᠢ  ᠬᠠᠮᠦᠷᠴᠦ᠂ ᠡᠯ᠎ᠡ ᠭᠠᠴᠠᠭ᠎ᠠ ᠨᠢ ︽ᠤᠯᠤᠰ ᠲᠦᠷᠦ ᠶᠢᠨ ᠴᠢᠳᠠᠪᠬᠢ ᠴᠢᠩᠭ᠎ᠠ᠂ ᠡᠩᠨᠡᠭᠡᠨ ᠤ ᠪᠠᠶᠢᠭᠤᠯᠤᠯᠲᠠ ᠴᠢᠩᠭ᠎ᠠ᠂ ᠵᠣᠬᠢᠶᠠᠨ ᠪᠠᠶᠢᠭᠤᠯᠤᠯᠲᠠ ᠶᠢᠨ ᠠᠮᠢᠳᠤᠷᠠᠯ ᠴᠢᠩᠭ᠎ᠠ᠂ ᠦᠢᠯᠡᠳᠦᠯ ᠢᠶᠠᠨ ᠪᠠᠳᠠᠷᠠᠭᠤᠯᠤᠭᠰᠠᠨ ᠢᠶᠠᠷ ᠴᠢᠩᠭ᠎ᠠ ᠂ ᠤᠯᠠᠨ ᠲᠦᠮᠡᠨ ᠤ ᠠᠵᠢᠯ ᠴᠢᠩᠭ᠎ᠠ︾ ᠵᠡᠷᠭᠡ ᠲᠠᠯ᠎ᠠ ᠪᠠᠷ᠂ ᠤᠷᠤᠯᠳᠤᠭᠠᠨ ᠤ ᠲᠦᠷᠦᠯ ᠵᠦᠢᠯ ᠳᠤ ᠣᠷᠣᠯᠴᠠᠵᠤ᠂ ᠭᠠᠴᠠᠭᠠᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ᠂ ᠭᠠᠴᠠᠭᠠᠨ ᠤ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢ ᠪᠠᠬᠢᠵᠢᠭᠦᠯᠬᠦ ᠵᠡᠷᠭᠡ ᠲᠠᠯ᠎ᠠ ᠪᠠᠷ ᠬᠢ ︽ᠵᠢᠩᠬᠢᠨᠢ ᠡᠷᠳᠡᠮ︾ ᠢᠶᠠᠨ ᠪᠦᠬᠦ ᠲᠠᠯ᠎ᠠ ᠪᠠᠷ ᠳᠡᠯᠭᠡᠨ ᠦᠵᠡᠭᠦᠯᠵᠦ᠂ ᠢᠷᠡᠭᠡᠳᠦᠢ ᠶᠢᠨ ᠬᠥᠭᠵᠢᠯᠲᠡ ᠪᠠᠨ ᠲᠥᠯᠥᠪᠵᠢᠭᠦᠯᠵᠦ᠂ ᠠᠮᠵᠢᠯᠲᠠ ᠪᠠᠨ ᠲᠣᠳᠣᠷᠬᠠᠶᠢᠯᠠᠨ᠂ ᠰᠡᠳᠬᠢᠴᠡ ᠪᠠᠨ ᠶᠠᠷᠢᠵᠤ᠂ ᠵᠥᠷᠢᠶ᠎ᠡ ᠪᠠᠨ ᠡᠷᠢᠵᠦ᠂ ᠴᠢᠭᠯᠡᠯ ᠢᠶᠠᠨ ᠲᠣᠳᠣᠷᠬᠠᠶᠢᠯᠠᠬᠤ ᠬᠡᠷᠡᠭᠲᠡᠢ᠃      ᠬᠤᠷᠠᠯ ᠠᠴᠠ ᠣᠷᠢᠶᠠᠯᠠᠭᠰᠠᠨ ᠨᠢ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠨᠢ ︽ᠴᠢᠳᠠᠪᠦᠷᠢ ᠶᠢᠨ ᠮᠥᠷᠦᠶᠢᠴᠡᠭᠡᠨ ᠢᠶᠠᠷ ᠣᠳᠣᠨ ᠳᠡᠰ ᠰᠢᠯᠭᠠᠷᠠᠭᠤᠯᠬᠤ︾  ᠠᠵᠢᠯᠯᠠᠭ᠎ᠠ ᠶᠢᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠪᠥᠬᠦ ᠲᠠᠯ᠎ᠠ ᠪᠠᠷ ᠨᠢᠭᠡᠳᠦᠯᠲᠡᠶ ᠲᠥᠯᠥᠪᠵᠢᠭᠦᠯᠦᠨ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠶ︔ ᠡᠯ᠎ᠡ ᠭᠠᠴᠠᠭ᠎ᠠ ᠳᠠᠭᠠᠭᠠᠴᠢᠯᠠᠭᠰᠠᠨ ᠤᠳᠤᠷᠢᠳᠤᠯᠭ᠎ᠠ᠂ ᠺᠠᠳ᠋ᠷᠴᠤᠳ ᠨᠢ ᠡᠯ᠎ᠡ ᠭᠠᠴᠠᠭᠠᠨ ᠳᠤ ᠭᠦᠨᠵᠡᠭᠡᠶᠢᠷᠡᠨ ᠳᠠᠶᠢᠴᠢᠯᠠᠯᠲᠠ ᠪᠠᠶᠢᠷᠢᠯᠠᠭᠤᠯᠤᠯᠲᠠ ᠬᠢᠵᠦ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠬᠠᠷᠢᠴᠠᠭᠤᠯᠤᠯ ᠢᠶᠠᠷ ᠰᠤᠷᠤᠯᠴᠠᠯᠭ᠎ᠠ ᠶᠢ ᠠᠬᠢᠭᠤᠯᠬᠤ᠂ ᠬᠠᠷᠢᠴᠠᠭᠤᠯᠤᠯ ᠢᠶᠠᠷ ᠰᠢᠯᠢᠳᠡᠭ ᠢ ᠠᠬᠢᠭᠤᠯᠬᠤ ᠶᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ᠂ ︽ᠲᠠᠷᠢᠭᠦᠨ ᠢᠶᠠᠷ ᠣᠯᠠᠨ ᠢ ᠳᠠᠶᠢᠴᠢᠯᠠᠨ ᠳᠠᠭᠠᠭᠤᠯᠬᠤ︾ ᠪᠠᠶᠢᠳᠠᠯ ᠢ ᠪᠣᠶ ᠪᠣᠯᠭᠠᠵᠦ᠂ ᠪᠥᠬᠦ ᠰᠤᠮᠤ ᠳᠠᠶᠠᠭᠠᠷ ᠢᠶᠠᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠵᠦ᠂ ᠬᠠᠮᠲᠤᠷᠠᠯ ᠤᠨ ᠬᠦᠴᠦᠨ ᠢᠶᠠᠨ ᠨᠢᠭᠲᠠᠷᠠᠭᠤᠯᠵᠤ᠂ ᠠᠵᠢᠯ ᠢᠶᠠᠨ ᠴᠢᠨᠠᠷ ᠰᠠᠶᠢᠲᠠᠶ ᠪᠡᠶᠡᠯᠡᠭᠦᠯᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号