5 ᠰᠠᠷ᠎ᠠ ᠶᠢᠨ 17 ᠤ ᠡᠳᠦᠷ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ | ᠤᠬᠠᠭᠤᠯᠬᠤ ᠬᠡᠯᠲᠡᠰ ᠤᠨ ᠳᠠᠷᠤᠭ᠎ᠠ᠂ ᠬᠤᠰᠢᠭᠤ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠤᠨ | ᠶᠡᠷᠦᠩᠬᠡᠶᠢᠯᠡᠭᠰᠡᠨ ᠬᠢᠨᠠᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠰᠠᠷᠠᠭᠤᠯᠲᠤᠶᠠᠭ᠎ᠠ ᠤᠯᠢᠶᠠᠰᠤᠲᠠᠢ ᠪᠠᠯᠭᠠᠰᠤᠨ | ᠳᠤ ᠭᠦᠨᠵᠡᠭᠡᠶᠢᠷᠡᠨ ᠬᠤᠲᠠ ᠶᠢᠨ ᠪᠥᠲᠥᠭᠡᠨ ᠪᠠᠶᠢᠭᠤᠯᠤᠯᠲᠠ ᠪᠠ ᠬᠠᠮᠢᠶᠠᠷᠣᠯᠲᠠ ᠶᠢᠨ ᠠᠵᠢᠯ ᠢ ᠪᠠᠶᠢᠴᠠᠭᠠᠨ | ᠰᠤᠳᠤᠯᠵᠤ ᠵᠢᠭᠠᠨ ᠵᠢᠯᠤᠭᠤᠳᠪᠠ᠃ | ᠬᠢᠨᠠᠨ ᠵᠢᠯᠣᠭᠤᠳᠬᠤ ᠳᠤᠭᠤᠶᠢᠯᠠᠩ ᠤᠨ ᠡᠯ᠎ᠡ ᠪᠦᠷᠢᠯᠳᠦᠬᠦᠨ ᠨᠢᠭᠡᠴᠡ ᠶᠢᠨ ᠬᠠᠷᠢᠭᠤᠴᠠᠯᠭᠠᠲᠠᠨ ᠬᠠᠮᠲᠦ | ᠪᠠᠶᠢᠴᠠᠭᠠᠨ ᠰᠤᠳᠤᠯᠤᠯᠲᠠ ᠬᠢᠪᠡ᠃ | ᠬᠢᠨᠠᠨ ᠵᠢᠯᠣᠭᠤᠳᠬᠤ ᠳᠤᠭᠤᠶᠢᠯᠠᠩ ᠤᠨ ᠬᠢᠨ ᠤᠷᠢᠳ ᠬᠤᠵᠢᠳ ᠰᠢᠤᠢ ᠵᠢᠩ ᠬᠤᠸᠠ ᠶᠤᠸᠠᠨ ᠰᠠᠭᠤᠭᠠᠯᠢ | ᠠᠷᠠᠳ ᠤᠨ ᠲᠣᠭᠤᠷᠢᠭ᠂ ᠰᠠᠶᠢᠨ ᠭᠡᠭᠡᠨᠴᠢᠷ ᠰᠠᠭᠤᠴᠠ ᠰᠠᠭᠤᠭᠠᠯᠢ ᠠᠷᠠᠳ ᠤᠨ ᠲᠣᠭᠤᠷᠢᠭ᠂ ᠳᠤᠯᠠᠭᠠᠨ ᠰᠠᠭᠤᠭᠠᠯᠢ | ᠠᠷᠠᠳ ᠤᠨ ᠲᠣᠭᠤᠷᠢᠭ᠂ ᠪᠠᠶᠠᠨᠬᠦ᠋ᠭᠡᠪᠦᠷ ᠵᠠᠮ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠵᠡᠷᠭᠡ | ᠭᠠᠵᠠᠷ ᠲᠤ ᠬᠦᠷᠴᠦ᠂ ᠵᠠᠮ ᠬᠠᠷᠢᠯᠴᠠᠭᠠᠨ ᠤ ᠡᠮᠬᠢ ᠳᠢᠭᠯᠢᠮ ᠤᠨ ᠵᠢᠷᠤᠮᠵᠢᠯ᠂ ᠣᠷᠴᠢᠨ ᠲᠣᠭᠤᠷᠢᠨ ᠢ ᠶᠡᠷᠦᠩᠬᠡᠶᠢᠯᠡᠨ | ᠴᠡᠭᠴᠡᠯᠡᠨ ᠵᠠᠰᠠᠬᠤ᠂ ᠤᠯᠠᠨ ᠨᠡᠶᠢᠲᠡ ᠶᠢᠨ ᠦᠢᠯᠡᠴᠢᠯᠡᠭᠡᠨ ᠤ ᠲᠥᠬᠦᠭᠡᠷᠦᠮᠵᠢ ᠶᠢ ᠲᠡᠭᠦᠯᠳᠡᠷᠵᠢᠭᠦᠯᠬᠦ᠂ ᠲᠠᠷᠢᠶᠠᠯᠠᠩ | ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠵᠡᠷᠭᠡ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ | ᠠᠵᠢᠯ ᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠵᠤ᠂ ᠴᠡᠭᠴᠡᠯᠡᠨ ᠰᠠᠶᠢᠵᠢᠷᠠᠭᠤᠯᠬᠤ | ᠠᠷᠭ᠎ᠠ ᠬᠡᠮᠵᠢᠶ᠎ᠡ ᠶᠢ ᠰᠤᠳᠤᠯᠵᠤ᠂ ᠬᠤᠯᠪᠣᠭᠳᠠᠯ ᠪᠦᠬᠦᠢ ᠠᠰᠠᠭᠤᠳᠠᠯ ᠢ ᠲᠤᠬᠠᠢ ᠶᠢᠨ ᠲᠠᠯᠠᠪᠠᠢ ᠳᠤ ᠵᠣᠬᠢᠴᠠᠭᠤᠯᠤᠨ | ᠰᠢᠢᠳᠪᠦᠷᠢᠯᠡᠪᠡ᠃ | ᠬᠢᠨᠠᠨ ᠵᠢᠯᠣᠭᠤᠳᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠯ᠎ᠡ ᠬᠠᠮᠢᠶ᠎ᠠ ᠪᠥᠬᠦᠶ ᠰᠠᠯᠠᠭ᠎ᠠ | ᠮᠥᠴᠢᠷ ᠤᠨ ᠬᠢᠨ ︽ᠨᠢᠭᠡ ᠬᠥᠯᠭᠡ ᠰᠢᠲᠠᠷ᠎ᠠ︾ ᠶᠢᠨ ᠦᠵᠡᠯ ᠰᠠᠨᠠᠭ᠎ᠠ ᠶᠢ ᠪᠠᠲᠤ ᠪᠠᠬᠢ ᠪᠣᠶ ᠪᠣᠯᠭᠠᠵᠤ᠂ | ᠬᠦᠴᠦ ᠪᠠᠨ ᠬᠠᠮᠲᠤᠳᠬᠠᠨ ᠬᠠᠮᠲᠤᠷᠠᠯᠴᠠᠵᠤ᠂ ᠬᠦᠴᠦᠲᠡᠶ ᠰᠢᠪᠲᠤᠯᠤᠯᠲᠠ ᠬᠢᠵᠦ᠂ ᠮᠠᠨ ᠤ ᠬᠤᠰᠢᠭᠤᠨ ᠤ | ᠪᠣᠯᠪᠠᠰᠤᠨ ᠤ ᠪᠠᠶᠢᠭᠤᠯᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠪᠥᠲᠥᠭᠡᠨ | ᠪᠠᠶᠢᠭᠤᠯᠤᠯᠲᠠ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠤᠯᠠᠮ ᠨᠢᠭᠡ ᠠᠯᠬᠤᠮ ᠴᠢᠩᠭᠠᠳᠬᠠᠵᠤ᠂ ᠬᠤᠲᠠ ᠶᠢᠨ | ᠴᠢᠳᠠᠪᠬᠢ ᠶᠢ ᠲᠡᠭᠦᠯᠳᠡᠷᠵᠢᠭᠦᠯᠵᠦ᠂ ᠬᠤᠲᠠ ᠶᠢᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠦ᠂ ᠠᠷᠠᠳ ᠣᠯᠠᠨ ᠤ | ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃ | ᠰᠠᠭᠤᠭᠠᠯᠢ ᠠᠷᠠᠳ ᠤᠨ ᠲᠣᠭᠤᠷᠢᠭ ᠤᠨ ᠡᠷᠭᠢᠨ ᠲᠣᠭᠤᠷᠢᠨ ᠤ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ ᠤᠨ | ᠭᠠᠳᠠᠨ᠎ᠠ ᠡᠵᠡᠩᠨᠡᠵᠦ ᠪᠠᠶᠢᠭ᠎ᠠ᠂ ᠲᠡᠷᠭᠡ ᠬᠥᠰᠬᠡ ᠪᠠᠨ ᠳᠤᠷ᠎ᠠ ᠪᠠᠷ ᠢᠶᠠᠨ ᠵᠣᠭᠰᠣᠭᠠᠵᠤ ᠪᠠᠶᠢᠭ᠎ᠠ ᠪᠠᠶᠢᠳᠠᠯ ᠳᠤ | ᠤᠬᠠᠭᠤᠯᠭ᠎ᠠ ᠬᠥᠮᠦᠵᠢᠯ ᠤᠨ ᠠᠵᠢᠯ ᠢ ᠰᠠᠶᠢᠲᠤᠷ ᠬᠢᠵᠦ᠂ ᠬᠢᠨᠠᠨ ᠬᠠᠮᠢᠶᠠᠷᠬᠤ ᠡᠷᠴᠢᠮ ᠢᠶᠠᠨ ᠨᠡᠮᠡᠭᠳᠡᠭᠦᠯᠦᠨ᠂ ᠵᠠᠮ | ᠳᠠᠭᠠᠤ ᠶᠢᠨ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠶᠠᠪᠤᠳᠠᠯ ᠢ ᠲᠥᠪᠯᠡᠷᠡᠭᠦᠯᠦᠨ ᠬᠢᠵᠦ᠂ ᠲᠣᠮᠣ | ᠬᠡᠯᠪᠡᠷᠢ ᠶᠢᠨ ᠮᠠᠰᠢᠨ ᠲᠡᠷᠭᠡ ᠶᠢ ᠳᠤᠷ᠎ᠠ ᠪᠠᠷ ᠢᠶᠠᠨ ᠵᠣᠭᠰᠣᠭᠠᠬᠤ ᠪᠠ ᠬᠤᠳᠠᠯᠳᠤᠭ᠎ᠠ ᠳᠡᠯᠭᠡᠭᠦᠷ ᠤᠨ ᠡᠭᠦᠳᠡᠨ ᠡᠮᠦᠨ᠎ᠡ | ᠡᠷᠦᠢ ᠬᠤᠷᠣᠢ ᠦᠭᠡᠢ ᠪᠠᠶᠢᠭ᠎ᠠ ᠦᠵᠡᠭᠳᠡᠯ ᠢ ᠬᠤᠪᠢᠷᠠᠭᠤᠯᠵᠤ᠂ ᠬᠤᠲᠠ ᠶᠢᠨ ᠥᠩᠭᠡ ᠳᠦᠷᠰᠦ ᠴᠡᠪᠡᠷ ᠰᠠᠶᠢᠬᠠᠨ᠂ | ᠵᠠᠮ ᠮᠥᠷ ᠰᠠᠭᠠᠳ ᠦᠭᠡᠶ ᠪᠥᠭᠡᠳ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠠᠷᠢᠶᠠᠯᠠᠩ | ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠪᠠᠶᠢᠩᠭᠤᠵᠢᠭᠰᠠᠨ ᠬᠠᠮᠢᠶᠠᠷᠤᠯᠲᠠ ᠶᠢ ᠪᠣᠯᠪᠠᠰᠤᠨ ᠬᠤᠲᠠ ᠶᠢ | ᠡᠭᠦᠳᠦᠨ ᠪᠠᠶᠢᠭᠤᠯᠬᠤ ᠠᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠲᠠᠢ ᠤᠶᠠᠯᠳᠤᠭᠤᠯᠬᠤ ᠶᠢ ᠪᠠᠷᠢᠮᠲᠠᠯᠠᠵᠤ᠂ | ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ ᠬᠠᠮᠢᠶᠠᠷᠤᠯᠲᠠ ᠶᠢᠨ ᠲᠦᠪᠰᠢᠨ ᠢ ᠪᠦᠬᠦ ᠲᠠᠯ᠎ᠠ ᠪᠠᠷ | ᠳᠡᠭᠡᠭᠰᠢᠯᠡᠭᠦᠯᠵᠦ᠂ ᠦᠢᠯᠡᠴᠢᠯᠡᠭᠡᠨ ᠤ ᠴᠢᠳᠠᠮᠵᠢ ᠶᠢ ᠴᠢᠩᠭᠠᠳᠬᠠᠵᠤ᠂ ᠴᠡᠪᠡᠷ ᠲᠡᠭᠰᠢ᠂ ᠣᠷᠴᠢᠨ ᠲᠣᠭᠤᠷᠢᠨ ᠭᠤᠶᠤ | ᠰᠠᠶᠢᠬᠠᠨ᠂ ᠡᠷᠬᠡ ᠲᠡᠭᠰᠢ ᠪᠠᠷ ᠠᠷᠠᠯᠵᠢᠶᠠᠯᠠᠬᠤ᠂ ᠵᠢᠷᠤᠮᠵᠢᠯ ᠲᠠᠢ ᠡᠮᠬᠢ ᠳᠢᠭᠯᠢᠮ ᠲᠠᠢ ᠬᠡᠷᠡᠭᠯᠡᠭᠡᠨ ᠤ ᠣᠷᠴᠢᠨ | ᠲᠣᠭᠤᠷᠢᠨ ᠢ ᠪᠤᠢ ᠪᠣᠯᠭᠠᠬᠤ ᠬᠡᠷᠡᠭᠲᠡᠢ᠃ ᠬᠠᠭᠤᠴᠢᠨ ᠵᠡᠭᠡᠯᠢ ᠭᠤᠳᠤᠮᠵᠢ ᠪᠠ ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠤᠨ ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢᠶᠠᠨ ᠴᠢᠨᠠᠭᠰᠢᠳᠠ | ᠴᠢᠩᠭᠠᠷᠠᠭᠤᠯᠵᠤ᠂ ᠬᠡᠷᠡᠮ ᠬᠠᠨ᠎ᠠ ᠶᠢ ᠴᠡᠪᠡᠷᠯᠡᠬᠦ᠂ ᠡᠪᠳᠡᠷᠬᠡᠶ ᠬᠡᠷᠡᠮ ᠢ ᠰᠡᠯᠪᠢᠨ ᠵᠠᠰᠠᠬᠤ᠂ ᠵᠢᠵᠢᠭ ᠵᠠᠷ ᠮᠡᠳᠡᠭᠡ ᠶᠢ | ᠴᠡᠪᠡᠷᠯᠡᠬᠦ᠂ ᠰᠠᠭᠤᠭᠠᠯᠢ ᠠᠷᠠᠳ ᠤᠨ ᠲᠣᠭᠤᠷᠢᠭ ᠲᠤ ᠳᠤᠷ᠎ᠠ ᠪᠠᠷ ᠢᠶᠠᠨ ᠪᠠᠷᠢᠯᠭ᠎ᠠ ᠪᠠᠷᠢᠬᠤ ᠶᠢ ᠴᠡᠭᠴᠡᠯᠡᠨ ᠵᠠᠰᠠᠬᠤ | ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠤᠯᠠᠮ | ᠴᠢᠨᠠᠭᠰᠢᠳᠠ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠵᠣᠯ ᠵᠢᠷᠭᠠᠯ ᠤᠨ ᠵᠢᠭᠠᠯᠲᠠ ᠲᠤᠭ᠎ᠠ ᠶᠢ ᠳᠡᠭᠡᠭᠰᠢᠯᠡᠭᠦᠯᠬᠦ | ᠬᠡᠷᠡᠭᠲᠡᠶ ᠭᠡᠵᠡᠢ᠃ |