5 ᠰᠠᠷ᠎ᠠ ᠶᠢᠨ 16 ᠤ ᠡᠳᠦᠷ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠬᠡᠰᠡᠭ ᠠᠷᠠᠳ ᠤᠨ ᠲᠥᠯᠦᠭᠡᠯᠡᠭᠴᠢ ᠶᠢ ᠵᠣᠬᠢᠶᠠᠨ ᠪᠠᠶᠢᠭᠤᠯᠤᠨ ᠪᠥᠬᠦ ᠬᠤᠰᠢᠭᠤᠨ ᠤ ᠣᠯᠠᠨ | ᠨᠡᠶᠢᠲᠡ ᠶᠢᠨ ᠰᠣᠶᠣᠯ ᠲᠠᠮᠢᠷ ᠤᠨ ᠦᠢᠯᠡᠴᠢᠡᠯᠭᠡᠨ ᠤ ᠲᠠᠯᠠᠪᠤᠷ ᠤᠨ ᠬᠡᠷᠡᠭᠯᠡᠭᠡᠨ ᠤ ᠪᠠᠶᠢᠳᠠᠯ ᠳᠤ ᠳᠤᠰᠬᠠᠢ ᠰᠡᠳᠦᠪᠲᠦ | ᠪᠠᠶᠢᠴᠠᠭᠠᠨ ᠰᠤᠳᠤᠯᠤᠯᠲᠠ ᠬᠢᠪᠡ᠃ | ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ | ᠡᠷᠬᠢᠯᠡᠭᠴᠢ ᠪᠦᠦ ᠸᠠᠨ ᠬᠤᠸᠠ ᠪᠣᠯᠣᠨ ᠬᠤᠰᠢᠭᠤ ᠰᠤᠷᠭᠠᠨ ᠬᠥᠮᠦᠵᠢᠯ ᠤᠨ ᠲᠣᠪᠴᠢᠶ᠎ᠠ᠂ ᠰᠣᠶᠣᠯ ᠲᠠᠮᠢᠷ | ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠠᠮᠲᠤ ᠪᠠᠶᠢᠴᠠᠭᠠᠨ | ᠰᠤᠳᠤᠯᠪᠠ᠃ | ᠪᠠᠶᠢᠴᠠᠭᠠᠨ ᠰᠣᠳᠣᠯᠬᠤ ᠳᠤᠭᠤᠶᠢᠯᠠᠩ ᠤᠨ ᠬᠢᠨ ᠤᠷᠢᠳ ᠬᠤᠵᠢᠳ ᠬᠤᠰᠢᠭᠤ ᠤᠯᠠᠭᠠᠨᠮᠥ᠋ᠴᠢᠷ ᠤᠨ | ᠮᠡᠳᠡᠭᠦᠯᠦᠯᠲᠡ ᠶᠢᠨ ᠲᠢᠩᠬᠢᠮ᠂ ᠨᠣᠮ ᠤᠨ ᠰᠠᠩ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠰᠢᠨ᠎ᠡ | ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠬᠤᠰᠢᠭᠤ ᠶᠡᠷᠦᠩᠬᠡᠶᠢᠯᠡᠭᠰᠡᠨ ᠳᠡᠭᠡᠲᠦ | ᠵᠡᠷᠭᠡ ᠶᠢᠨ ᠳᠤᠮᠳᠠᠳᠤ ᠰᠤᠷᠭᠠᠭᠤᠯᠢ ᠶᠢᠨ ᠲᠠᠮᠢᠷ ᠤᠨᠣᠷᠳᠣᠨ᠂ ᠳᠥᠷᠪᠡᠳᠦᠭᠡᠷ ᠪᠠᠭ᠎ᠠ ᠰᠤᠷᠭᠠᠭᠤᠯᠢ ᠶᠢᠨ ᠲᠠᠮᠢᠷ ᠤᠨ | ᠣᠷᠳᠣᠨ᠂ ᠤᠯᠢᠶᠠᠰᠤᠲᠠᠢ ᠪᠠᠯᠭᠠᠰᠤᠨ ᠤ ᠡᠷᠢᠶᠡᠨᠭᠤᠪᠢ ᠨᠡᠶᠢᠭᠡᠮ ᠲᠣᠭᠤᠷᠢᠭ᠂ ᠰᠠᠭᠠᠮᠠᠢ ᠨᠡᠶᠢᠭᠡᠮ ᠲᠣᠭᠤᠷᠢᠭ᠂ | ᠬᠤᠰᠢᠭᠤ ᠲᠤᠤᠷ ᠪᠥᠮᠪᠦᠭᠡ ᠶᠢᠨ ᠣᠷᠳᠣᠨ᠂ ᠦᠵᠦᠮᠦᠴᠢᠨ ᠮᠦᠽᠧᠶ ᠳᠤ ᠬᠦᠷᠴᠦ ᠲᠤᠬᠠᠶ ᠶᠢᠨ ᠭᠠᠵᠠᠷ ᠲᠤᠨᠢ | ᠪᠠᠶᠢᠴᠠᠭᠠᠨ ᠰᠤᠳᠤᠯᠤᠭᠰᠠᠨ ᠪᠥᠭᠡᠳ ᠬᠤᠯᠪᠣᠭᠳᠠᠯ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ᠃ | ᠡᠨᠡᠬᠦ ᠬᠤᠭᠤᠴᠠᠭᠠᠨ ᠳᠤ ᠰᠠᠭᠤᠳᠠᠯ ᠤᠨ ᠬᠤᠷᠠᠯ ᠬᠤᠷᠠᠯᠳᠤᠭᠤᠯᠵᠤ ᠂ ᠪᠠᠶᠢᠴᠠᠭᠠᠨ ᠰᠣᠳᠣᠯᠬᠤ ᠳᠤᠭᠤᠶᠢᠯᠩ | ᠠᠴᠠ ᠪᠥᠬᠦ ᠬᠤᠰᠢᠭᠤᠨ ᠤ ᠣᠯᠠᠨ ᠨᠡᠶᠢᠲᠡ ᠶᠢᠨ ᠰᠣᠶᠣᠯ ᠲᠠᠮᠢᠷ ᠤᠨ ᠦᠢᠯᠡᠴᠢᠯᠡᠭᠡᠨ ᠤ ᠲᠠᠯᠠᠪᠤᠷ ᠤᠨ ᠬᠡᠷᠡᠭᠯᠡᠭᠡᠨ ᠤ | ᠪᠠᠶᠢᠳᠠᠯ ᠢ ᠨᠣᠲᠠᠯᠠᠭᠰᠠᠨ ᠪᠦᠭᠡᠳ ᠣᠷᠣᠰᠢᠵᠤ ᠪᠠᠶᠢᠭ᠎ᠠ ᠠᠰᠠᠭᠤᠳᠠᠯ ᠢ ᠵᠢᠭᠠᠵᠤ ᠭᠠᠷᠭᠠᠪᠠ᠃ | ᠲᠥᠯᠥᠭᠡᠯᠡᠭᠴᠢᠳ ᠠᠴᠠ ᠪᠠᠰᠠ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠬᠦ | ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢᠨ ᠠᠭᠤᠯᠭ᠎ᠠ ᠪᠠ ᠣᠯᠠᠨ ᠲᠦᠮᠡᠨ ᠤ ᠰᠣᠶᠣᠯ ᠤᠨ | ᠠᠵᠢᠯᠯᠠᠭ᠎ᠠ ᠶᠢ ᠬᠡᠷᠬᠢᠨ ᠲᠠᠰᠤᠷᠠᠯᠲᠠ ᠥᠬᠡᠶ ᠪᠠᠶᠠᠯᠢᠭᠵᠢᠭᠤᠯᠬᠤ᠂ ᠣᠯᠠᠨ ᠲᠦᠮᠡᠨ ᠤ ᠣᠶᠤᠨ ᠤ ᠰᠣᠶᠣᠯ ᠤᠨ | ᠠᠮᠢᠳᠤᠷᠠᠯ ᠳᠠᠬᠢ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠬᠦ ᠵᠡᠷᠭᠡ ᠠᠰᠠᠭᠤᠳᠠᠯ ᠤᠨ ᠲᠠᠯ᠎ᠠ ᠪᠠᠷ ᠢᠳᠡᠪᠬᠢᠲᠡᠶ ᠪᠠᠷ | ᠰᠠᠨᠠᠯ ᠰᠠᠨᠠᠭᠤᠯᠭ᠎ᠠ ᠳᠤᠷᠠᠳᠤᠨ ᠠᠷᠭ᠎ᠠ ᠤᠬᠠᠭᠠᠨ ᠭᠠᠷᠭᠠᠪᠠ᠃ | ᠲᠥᠯᠥᠭᠡᠯᠡᠭᠴᠢᠳ᠂ ᠣᠯᠠᠨ ᠨᠡᠶᠢᠲᠡ ᠶᠢᠨ ᠰᠣᠶᠣᠯ ᠤᠨᠦᠢᠯᠡᠴᠢᠯᠡᠭᠡᠨ ᠤ ᠲᠠᠯᠠᠪᠤᠷ ᠢ ᠰᠠᠶᠢᠲᠤᠷ | ᠪᠠᠶᠢᠭᠤᠯᠬᠤ ᠶᠢᠨ ᠬᠠᠮᠲᠤ ᠲᠡᠭᠦᠨ ᠤ ᠦᠢᠯᠡᠳᠦᠯ ᠢ ᠬᠦᠢᠴᠡᠳ ᠪᠠᠳᠠᠷᠠᠭᠤᠯᠬᠤ ᠨᠢ ᠬᠤᠲᠠ ᠶᠢᠨ ᠰᠣᠶᠣᠯ ᠤᠨ ᠴᠢᠨᠠᠷ | ᠲᠠᠰ ᠢ ᠳᠡᠭᠡᠭᠰᠢᠯᠡᠭᠦᠯᠵᠦ᠂ ᠣᠯᠠᠨ ᠲᠦᠮᠡᠨ ᠤ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠵᠤ᠂ ᠰᠣᠶᠣᠯ ᠢᠶᠠᠷ | ᠠᠷᠠᠳ ᠲᠤ ᠠᠰᠢᠭ ᠬᠦᠷᠲᠡᠭᠡᠬᠦ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠣᠯᠬᠤ ᠪᠥᠭᠡᠳ ᠣᠲᠣ ᠦᠶ᠎ᠡ | ᠶᠢᠨ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠴᠢᠬᠤᠯᠠ | ᠠᠭᠤᠯᠭ᠎ᠠ ᠪᠣᠯᠣᠨ᠎ᠠ ᠭᠡᠵᠦ ᠦᠵᠡᠵᠡᠭᠡᠭᠰᠡᠨ ᠪᠦᠭᠡᠳ ᠣᠯᠠᠨ ᠨᠡᠶᠢᠲᠡ ᠶᠢᠨ ᠰᠣᠶᠣᠯ ᠤᠨ ᠲᠠᠯᠠᠪᠤᠷ ᠤᠨ ᠶᠡᠷᠦᠩᠬᠡᠶ | ᠲᠥᠯᠥᠪᠵᠢᠭᠦᠯᠭᠡ ᠪᠠᠶᠢᠷᠢᠯᠠᠭᠤᠯᠤᠯᠲᠠ ᠪᠣᠯᠤᠨ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ | ᠴᠢᠩᠭᠠᠳᠬᠠᠨ᠂ ᠡᠬᠢ ᠪᠠᠶᠠᠯᠢᠭ ᠢ ᠵᠦᠢ ᠵᠣᠬᠢᠰᠲᠠᠶ ᠨᠡᠶᠢᠯᠡᠭᠦᠯᠵᠦ᠂ ᠣᠯᠠᠨ ᠲᠦᠮᠡᠨ ᠤ ᠲᠡᠷᠭᠡᠳᠡ ᠲᠥᠬᠦᠮ | ᠦᠵᠡᠭᠦᠯᠬᠦ ᠪᠠᠷ ᠰᠠᠭᠤᠷᠢ ᠪᠣᠯᠭᠠᠨ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠪᠠ ᠬᠠᠮᠢᠶᠠᠷᠤᠯᠲᠠ ᠦᠢᠯᠡᠴᠢᠯᠡᠭᠡᠨ ᠤ | ᠲᠣᠭᠲᠠᠴᠠ ᠶᠢ ᠲᠠᠰᠤᠷᠠᠯᠲᠠ ᠥᠬᠡᠶ ᠳᠡᠭᠦᠯᠳᠡᠷᠵᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠬᠢᠷᠢ ᠲᠦᠪᠰᠢᠨ ᠢ ᠳᠡᠭᠡᠭᠰᠢᠯᠡᠭᠦᠯᠦᠨ᠂ ᠪᠥᠬᠦ ᠬᠤᠰᠢᠭᠤᠨ ᠤ ᠣᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ | ᠦᠷ᠎ᠡ ᠪᠦᠲᠦᠮᠵᠢ ᠶᠢ ᠤᠯᠠᠮ ᠨᠢᠭᠡᠠᠯᠬᠤᠮ ᠳᠡᠭᠡᠭᠰᠢᠯᠡᠭᠦᠯᠬᠦ ᠶᠢ ᠰᠠᠨᠠᠯ ᠪᠣᠯᠭᠠᠪᠠ᠃ |