ᠪᠥᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠢ ᠠᠬᠢᠭᠤᠯᠬᠤ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/5/24
      5 ᠰᠠᠷ᠎ᠠ ᠶᠢᠨ 16 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ᠃      ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ ᠬᠤᠷᠠᠯ ᠡᠷᠭᠢᠯᠡᠵᠦ᠂ ᠪᠥᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ᠂  ᠬᠤᠰᠢᠭᠤ ᠲᠣᠮᠣ ᠳ᠋ᠠᠶᠢᠲ᠋ᠠ ᠶᠢᠨ ᠲᠥᠪ᠂ ᠰᠦᠯᠵᠢᠶᠡᠨ ᠤ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠢᠯᠣᠭᠤᠳᠬᠤ ᠲᠥᠪ ᠵᠢᠴᠢ ᠬᠤᠰᠢᠭᠤ ᠵᠠᠰᠠᠭ ᠤᠨ ᠣᠷᠳᠣᠨ ᠤ ᠰᠦᠯᠵᠢᠶᠡᠨ ᠤ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠠᠴᠠ ᠪᠥᠬᠦ ᠬᠤᠰᠢᠭᠤᠨ ᠤ ᠵᠠᠰᠠᠭ ᠤᠨ ᠶᠠᠪᠤᠳᠠᠯ ᠢ ᠢᠯᠡ ᠪᠣᠯᠭᠠᠬᠤ᠂ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠨᠡᠶᠢᠲᠡᠯᠡᠭᠰᠡᠨ‌ᠠᠭᠤᠯᠭ᠎ᠠ ᠳᠤ ︽ᠭᠤᠷᠪᠠᠨ ᠬᠢᠨᠠᠯᠲᠠ︾ ᠶᠢᠨ ᠲᠦᠷᠢᠮ ᠢ ᠬᠡᠷᠡᠭᠵᠢᠭᠦᠯᠬᠦ᠂ ᠠᠶᠤᠯ ᠲᠦᠭᠰᠢᠭᠦᠷᠢ ᠶᠢᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠵᠡᠷᠭᠡ ᠠᠵᠢᠯ ᠳᠤ ᠪᠣᠳᠠᠲᠠᠶ ᠱᠠᠭᠠᠷᠳᠠᠯᠭ᠎ᠠ ᠳᠤᠷᠠᠳᠪᠠ᠃      ᠠᠯᠲᠠᠨᠪᠠᠭᠠᠨ᠎ᠠ ᠵᠢᠭᠠᠬᠤ ᠳᠠᠭᠠᠨ᠂ ᠵᠠᠰᠠᠭ  ᠤᠨ ᠶᠠᠪᠤᠳᠠᠯ ᠢ ᠢᠯᠡ ᠪᠣᠯᠭᠠᠬᠤ ᠠᠵᠢᠯ ᠢ ᠰᠠᠶᠢᠲᠤᠷ ᠬᠢᠬᠦ ᠪᠣᠯ ᠦᠢᠯᠡᠴᠢᠯᠡᠭᠡᠨ ᠤ ᠬᠡᠯᠪᠡᠷᠢ ᠶᠢᠨ ᠵᠠᠰᠠᠭ  ᠤᠨ ᠣᠷᠳᠣᠨ ᠢ ᠪᠠᠶᠢᠭᠤᠯᠬᠤ ᠶᠢᠨ ᠨᠢᠭᠡᠨ ᠴᠢᠬᠤᠯᠠ ᠠᠭᠤᠯᠭ᠎ᠠ ᠮᠦᠨ᠂ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠲᠠᠨᠢᠯᠲᠠ ᠪᠠᠨ ᠳᠡᠭᠡᠭᠰᠢᠯᠡᠭᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠠᠵᠢᠯ ᠢ ᠵᠠᠰᠠᠭ ᠤᠨ ᠣᠷᠳᠣᠨ ᠤ  ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠶᠡᠭᠡ ᠣᠷᠴᠢᠨ ᠳᠤ ᠲᠠᠯᠪᠢᠵᠤ᠂ ᠡᠳᠦᠷ ᠲᠤᠲᠤᠮ ᠤᠨ᠂ ᠪᠠᠶᠢᠩᠭᠤ ᠶᠢᠨ ᠴᠢᠨᠠᠷᠲᠠᠶ ᠠᠵᠢᠯ ᠪᠣᠯᠭᠠᠨ ᠠᠳᠬᠤᠵᠤ᠂ ᠤᠨᠴᠠᠭᠠᠶᠢᠯᠠᠨ ᠠᠷᠠᠳ ᠲᠦᠮᠡᠨ ᠳᠤ  ᠦᠢᠯᠡᠴᠢᠯᠡᠬᠦ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠬᠤ ᠥᠨᠳᠦᠷᠴᠡ ᠠᠴᠠ ᠠᠳᠬᠤᠬᠤ ᠬᠡᠷᠡᠭᠲᠡᠶ᠃ ᠬᠠᠮᠢᠶ᠎ᠠ ᠪᠥᠬᠦᠶ ᠬᠦᠷᠢᠶᠡᠨ ᠳᠠᠬᠢ ᠵᠠᠰᠠᠭ ᠤᠨ ᠶᠠᠪᠤᠳᠠᠯ ᠢ ᠢᠯᠡ ᠪᠣᠯᠭᠠᠬᠤ  ᠵᠦᠢᠯᠡᠰ ᠢ ᠴᠢᠩᠭ᠎ᠠ ᠡᠮᠬᠢᠯᠡᠨ ᠨᠠᠷᠢᠯᠢᠬᠵᠢᠭᠤᠯᠵᠤ᠂  ᠵᠦᠢᠯᠡᠰ  ᠤᠨ ᠭᠠᠷᠴᠠᠭ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠡᠯ᠎ᠡ ᠵᠦᠢᠯ ᠤᠨ ᠲᠦᠷᠢᠮ  ᠪᠠ ᠲᠣᠭᠲᠠᠴᠠ ᠶᠢᠨ ᠪᠠᠶᠢᠭᠤᠯᠤᠯᠲᠠ ᠶᠢ ᠦᠷᠭᠦᠯᠵᠢᠯᠡᠨ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠲᠦᠷᠢᠮ ᠤᠨ ᠰᠢᠰᠲ᠋ᠧᠮ ᠢ ᠠᠯᠬᠤᠮ ᠠᠯᠬᠤᠮ ᠢᠶᠠᠷ ᠪᠦᠷᠢᠯᠳᠦᠭᠦᠯᠬᠦ ᠬᠡᠷᠡᠭᠲᠡᠶ ᠭᠡᠪᠡ᠃      ᠠᠯᠲᠠᠨᠪᠠᠭᠠᠨ᠎ᠠ ᠴᠢᠬᠤᠯᠠᠴᠢᠯᠠᠬᠤ ᠳᠠᠭᠠᠨ᠂ ᠵᠠᠰᠠᠭ ᠤᠨ ᠶᠠᠪᠤᠳᠠᠯ ᠤᠨ ᠰᠦᠯᠵᠢᠶ᠎ᠡ ᠪᠣᠯᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠪᠠᠶᠢᠭᠤᠯᠤᠯᠲᠠ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠰᠠᠶᠢᠲᠤᠷ ᠪᠥᠲᠥᠭᠡᠨ ᠪᠠᠶᠢᠭᠤᠯᠵᠤ᠂  ᠣᠯᠠᠨ ᠲᠦᠮᠡᠨ ᠤ ᠠᠵᠢᠯ ᠶᠠᠪᠤᠳᠠᠯ  ᠬᠦᠢᠴᠡᠳᠬᠡᠬᠦ ᠳᠤ ᠲᠥᠬᠦᠮ ᠦᠵᠡᠭᠦᠯᠵᠦ᠂ ︽ᠲᠠᠪᠤᠨ ᠬᠡᠯᠪᠡᠷᠢ︾ ᠶᠢᠨ ᠵᠠᠰᠠᠭ ᠤᠨ ᠣᠷᠳᠣᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ  ᠃ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠡᠮᠬᠢᠯᠡᠨ ᠨᠡᠶᠢᠯᠡᠭᠦᠯᠬᠦ ᠶᠢ ᠶᠡᠬᠡᠪᠡᠷ ᠠᠬᠢᠭᠤᠯᠵᠤ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠬᠠᠮᠢᠶᠠᠷᠤᠯᠲᠠ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠬᠢᠨᠠᠮᠠᠭᠠᠶ ᠡᠮᠬᠢᠯᠡᠵᠦ᠂ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢ ᠨᠢᠭᠡᠳᠦᠯᠲᠡᠶ ᠬᠢᠨᠠᠨ ᠬᠠᠮᠢᠶᠠᠷᠬᠤ ᠶᠢ ᠪᠡᠶᠡᠯᠡᠭᠦᠯᠬᠦ ᠬᠡᠷᠡᠭᠲᠡᠢ᠃ ᠵᠠᠰᠠᠭ ᠤᠨ ᠶᠠᠪᠤᠳᠠᠯ ᠤᠨ ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠭᠤᠯᠭ᠎ᠠ ᠶᠢ ᠨᠡᠶᠢᠲᠡᠯᠡᠬᠦ ᠪᠠ ᠦᠭᠡ ᠦᠯᠡᠳᠡᠭᠡᠬᠦ ᠶᠢ ᠬᠢᠨᠠᠨ ᠬᠠᠷᠭᠤᠭᠤᠯᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠬᠢᠨᠠᠨ ᠬᠠᠷᠭᠤᠭᠤᠯᠬᠤ ᠭᠤᠤᠯ ᠴᠣᠭᠴᠠ᠂ ᠬᠢᠨᠠᠨ ᠬᠠᠷᠭᠤᠭᠤᠯᠬᠤ ᠠᠯᠬᠤᠮ ᠳᠠᠷᠠᠭ᠎ᠠ ᠶᠢ ᠲᠣᠳᠣᠷᠬᠠᠶᠢᠯᠠᠬᠤ ᠬᠡᠷᠡᠭᠲᠡᠢ᠃ ᠡᠯ᠎ᠡ ᠨᠢᠭᠡᠴᠢ ᠶᠢᠨ ᠬᠢᠨ ᠵᠠᠰᠠᠭ ᠤᠨ ᠶᠠᠪᠤᠳᠠᠯ ᠤᠨ  ᠰᠦᠯᠵᠢᠶ᠎ᠡ ᠪᠣᠯᠤᠨ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠢᠶᠠᠷ ᠳᠡᠮᠵᠢᠨ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠢᠳᠡᠪᠬᠢᠲᠡᠶ‌ᠠᠬᠢᠭᠤᠯᠵᠤ᠂ ᠲᠠᠶᠢᠯᠤᠮᠵᠢ ᠬᠢᠵᠦ ᠬᠠᠷᠢᠭᠤ ᠥᠭᠬᠦ ᠶᠢ ᠴᠢᠩᠭᠠᠳᠬᠠᠨ᠂ ᠵᠠᠰᠠᠭ ᠠᠷᠠᠳ ᠬᠠᠷᠢᠯᠴᠠᠨ ᠬᠥᠳᠡᠯᠦᠯᠴᠡᠬᠦ ᠶᠢ ᠴᠢᠩᠭᠠᠳᠬᠠᠵᠤ᠂ ᠰᠦᠯᠵᠢᠶᠡᠨ ᠤ ᠣᠯᠠᠨ ᠲᠦᠮᠡᠨᠴᠢ ᠱᠤᠭᠤᠮ ᠢᠶᠠᠷ ᠰᠠᠶᠢᠲᠤᠷ ᠵᠠᠮᠨᠠᠬᠤ ᠬᠡᠷᠡᠭᠲᠡᠶ᠃ ᠵᠠᠰᠠᠭ ᠤᠨ ᠶᠠᠪᠤᠳᠠᠯ ᠤᠨ ᠰᠦᠯᠵᠢᠶ᠎ᠡ‌‍ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠡᠳᠦᠷ ᠲᠤᠲᠤᠮ ᠤᠨ ᠬᠢᠨᠠᠨ ᠬᠡᠮᠵᠢᠯᠲᠡ ᠶᠢ ᠦᠨᠡᠨᠬᠦ ᠴᠢᠩᠭᠠᠳᠬᠠᠵᠤ᠂ ᠰᠦᠯᠵᠢᠶᠡᠨ ᠤ ᠠᠮᠤᠷ ᠲᠦᠪᠰᠢᠨ ᠵᠡᠷᠭᠡ ᠠᠵᠢᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ᠂ ᠨᠢᠭᠤᠴᠠ ᠶᠢ ᠬᠠᠮᠠᠭᠠᠯᠠᠬᠤ ᠶᠢᠨ ᠬᠢᠨᠠᠨ ᠪᠠᠶᠢᠴᠠᠭᠠᠬᠤ ᠲᠦᠷᠢᠮ ᠪᠠ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠪᠠᠶᠢᠭᠤᠯᠤᠨ ᠪᠦᠷᠢᠨᠰᠢᠬᠦᠯᠵᠦ᠂ ᠵᠠᠰᠠᠭ ᠤᠨ ᠶᠠᠪᠤᠳᠠᠯ ᠤᠨ  ᠰᠦᠯᠵᠢᠶ᠎ᠡ ᠪᠠ ᠵᠠᠰᠠᠭ ᠤᠨ ᠶᠠᠪᠤᠳᠠᠯ ᠤᠨ ᠰᠢᠨ᠎ᠡ ᠵᠠᠭᠤᠴᠢᠯᠠᠭᠤᠷ ᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠶᠢ  ᠳᠡᠭᠡᠭᠰᠢᠭᠦᠯᠬᠦ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号