ᠰᠠᠮᠠᠢ ᠰᠤᠮᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠰᠣᠷᠢᠯᠲᠠ ᠥᠷᠨᠢᠭᠦᠯᠪᠡ
ᠨᠡᠶᠢᠲᠡᠯᠡᠭᠰᠡᠨ ᠴᠠᠭ᠄
2022/5/24
      ᠰᠠᠮᠠᠢ ᠰᠤᠮᠤᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠤᠪᠢᠶᠠᠷᠢ ᠠᠩᠭᠢ ᠶᠢᠨ ᠣᠯᠠᠨ ᠶᠠᠩᠵᠤᠲᠤ ᠴᠡᠷᠢᠭ ᠤᠨ ᠶᠠᠪᠤᠳᠠᠯ ᠤᠨ ᠡᠭᠦᠷᠭᠡ ᠭᠦᠶᠴᠡᠳᠬᠡᠬᠦ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠤᠪᠢᠶᠠᠷᠢ ᠠᠩᠭᠢ ᠶᠢᠨ ᠲᠣᠨᠤᠭ ᠲᠥᠬᠦᠭᠡᠷᠦᠮᠵᠢ᠂ ᠲᠡᠶᠢᠨ ᠤ ᠪᠡᠯᠡᠳᠬᠡᠯ ᠤᠨ ᠨᠠᠶᠢᠳᠠᠪᠤᠷᠢᠵᠢᠭᠤᠯᠤᠯᠲᠠ ᠶᠢᠨ ᠪᠠᠶᠢᠳᠠᠯ ᠪᠣᠯᠤᠨ ᠴᠢᠳᠠᠪᠤᠷᠢ ᠶᠢ ᠰᠢᠯᠭᠠᠨ ᠪᠠᠶᠢᠴᠠᠭᠠᠬᠤ ᠶᠢᠨ ᠲᠥᠯᠥᠭᠡ᠂ 5 ᠰᠠᠷ᠎ᠠ ᠶᠢᠨ 11 ᠤ ᠡᠳᠦᠷ᠂ ᠰᠠᠮᠠᠢ ᠰᠤᠮᠤᠨ ᠤ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠬᠠᠷᠢᠶᠠᠲᠤ ᠣᠷᠣᠨ ᠤ 331 ᠤᠯᠤᠰ ᠤᠨ ᠵᠠᠮ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠶᠯ ᠤᠨ ᠬᠡᠯᠲᠡᠰ ᠤᠨ ︽ᠨᠠᠨᠴᠠᠩ ᠵᠠᠮ ᠬᠥᠭᠦᠷᠭᠡ︾ ᠶᠢᠨ ᠳᠥᠷᠪᠡᠳᠦᠭᠡᠷ ᠪᠠᠷᠢᠮᠵᠢᠶᠠᠲᠤ ᠬᠡᠰᠡᠭ ᠲᠤ ᠶᠠᠪᠤᠭᠳᠠᠭᠤᠯᠵᠤ᠂ ᠬᠤᠯᠪᠣᠭᠳᠠᠯ ᠪᠥᠬᠦᠶ ᠤᠳᠤᠷᠢᠳᠤᠯᠭ᠎ᠠ᠂ ᠠᠵᠢᠯᠯᠠᠭᠴᠢ ᠨᠡᠶᠢᠲᠡ 100 ᠭᠠᠷᠤᠶ ᠬᠥᠮᠦᠨ ᠤᠷᠤᠯᠴᠠᠵᠤ ᠰᠤᠷᠢᠯᠳᠠ ᠶᠢ ᠦᠵᠡᠪᠡ᠃      ᠲᠤᠰ ᠤᠳᠠᠭᠠᠨ ᠤ ᠰᠣᠷᠢᠯᠲᠠ ᠨᠢ ᠲᠤᠬᠠᠶ ᠶᠢᠨ ᠲᠠᠯᠠᠪᠠᠶ ᠳᠤ ︽ᠮᠣᠩᠭᠤᠯ ᠤᠨ ᠨᠤᠲᠤᠭ ᠪᠡᠯᠴᠢᠭᠡᠷ ᠤᠨ ᠭᠠᠯ  ᠤᠨ ᠠᠶᠤᠯ︾ ᠢ ᠬᠠᠰᠢᠵᠤ ᠬᠤᠷᠢᠭᠯᠠᠬᠤ ᠪᠠᠷ ᠠᠬᠤᠶ ᠪᠠᠶᠢᠳᠠᠯ ᠪᠣᠯᠭᠠᠵᠤ᠂ ᠵᠢᠩᠬᠢᠨᠢ ᠪᠠᠶᠢᠯᠳᠤᠭᠠᠨ ᠤ ᠬᠡᠯᠪᠡᠷᠢ ᠪᠠᠷ ᠵᠣᠬᠢᠶᠠᠨ ᠪᠠᠶᠢᠭᠤᠯᠤᠨ ᠶᠠᠪᠤᠭᠳᠠᠵᠠᠶ᠃ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠪᠣᠯᠤᠨ ᠭᠠᠯ ᠤᠨᠲᠠᠷᠠᠭᠠᠬᠤ ᠠᠩᠭᠢ ᠵᠠᠷᠯᠢᠭ ᠳᠤᠰᠤᠭᠰᠠᠨ ᠤ ᠳᠠᠷᠠᠭ᠎ᠠ ᠳᠠᠷᠤᠶ ᠲᠦᠷᠭᠡᠨ ᠴᠤᠭᠯᠠᠷᠠᠬᠤ ᠶᠢᠨ ᠬᠠᠮᠲᠤ ᠭᠠᠯ ᠭᠠᠷᠤᠭᠰᠠᠨ ᠭᠠᠵᠠᠷ ᠤᠨ ᠳᠡᠩᠨᠡᠨ ᠪᠠᠶᠢᠴᠠᠭᠠᠭᠰᠠᠨ ᠦᠷ᠎ᠡ ᠳ᠋ᠦᠩ ᠢ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠬᠤ ᠲᠤᠰᠬᠠᠯ ᠭᠠᠷᠭᠠᠵᠤ᠂ ᠳᠠᠭᠤᠷᠢᠶᠠᠮᠠᠯ ᠭᠠᠯ ᠭᠠᠷᠤᠭᠰᠠᠨ ᠭᠠᠵᠠᠷ ᠲᠤ ᠭᠦᠷᠦᠭᠰᠡᠨ ᠤ ᠳᠠᠷᠠᠭ᠎ᠠ᠂ ᠪᠠᠴᠢᠮ ᠪᠠᠶᠢᠳᠠᠯ ᠢ ᠠᠷᠭᠠᠴᠠᠬᠤ ᠬᠤᠪᠢᠶᠠᠷᠢ ᠠᠩᠭᠢ ᠬᠥᠩᠭᠡᠨ ᠲᠣᠨᠣᠭᠯᠠᠯ ᠤᠨ ᠬᠠᠷᠢᠴᠠᠯᠠᠰᠢ ᠥᠬᠡᠶ ᠳᠠᠪᠠᠭᠤᠯᠢᠭ ᠢ ᠠᠰᠢᠭᠯᠠᠨ᠂ ᠬᠤᠶᠠᠷ ᠵᠢᠭᠦᠷ ᠢᠶᠠᠷ ᠳᠠᠭᠠᠷᠢᠬᠤ᠂ ᠲᠣᠭᠤᠷᠢᠨ ᠪᠦᠰᠡᠯᠡᠬᠦ ᠵᠡᠷᠭᠡ ᠪᠠᠶᠢᠯᠳᠤᠬᠤ ᠠᠷᠭ᠎ᠠ ᠶᠢ ᠬᠡᠷᠡᠭᠵᠢᠭᠦᠯᠵᠦ ᠂ ᠠᠮᠤᠷ ᠲᠦᠪᠰᠢᠨ᠂ ᠲᠦᠷᠭᠡᠨ᠂ ᠥᠨᠳᠥᠷ ᠪᠦᠲᠦᠮᠵᠢᠲᠡᠶ ᠭᠠᠯ ᠤᠨᠲᠠᠷᠠᠭᠠᠬᠤ ᠶᠢ ᠪᠡᠶᠡᠯᠡᠭᠦᠯᠪᠡ᠃ ᠲᠣᠰ ᠤᠳᠠᠭᠠᠨ  ᠤ ᠰᠣᠷᠢᠯᠲᠠ ᠨᠢ ᠪᠠᠴᠢᠮ ᠪᠠᠶᠢᠳᠠᠯ ᠢ ᠠᠷᠭᠠᠴᠠᠬᠤ ᠡᠷᠦᠬᠡ ᠶᠢᠨ ᠴᠡᠷᠢᠭ ᠤᠨ ᠨᠤᠲᠤᠭ ᠪᠡᠯᠴᠢᠭᠡᠷ ᠤᠨ ᠭᠠᠯ ᠰᠡᠷᠭᠡᠶᠢᠯᠡᠵᠦ ᠤᠨᠲᠠᠷᠠᠭᠠᠬᠤ ᠪᠣᠯᠪᠠᠰᠤᠷᠠᠭᠤᠯᠤᠯ ᠤᠨ ᠠᠭᠤᠯᠭ᠎ᠠ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠬᠡᠷᠡᠭᠯᠡᠬᠦ᠂ ᠭᠠᠯ ᠰᠡᠷᠭᠡᠶᠢᠯᠡᠵᠦ ᠤᠨᠲᠠᠷᠠᠭᠠᠬᠤ᠂ ᠠᠮᠤᠷ ᠲᠦᠪᠰᠢᠨ ᠤ ᠪᠠᠲᠤᠯᠠᠭ᠎ᠠ ᠬᠢᠭᠡᠳ ᠠᠶᠤᠯ ᠠᠴᠠ ᠪᠠᠴᠢᠮ ᠵᠠᠶᠢᠯᠠᠬᠤ᠂ ᠬᠥᠮᠦᠰ ᠢ ᠲᠦᠷᠭᠡᠨ ᠠᠪᠤᠷᠬᠠᠤ ᠵᠡᠷᠭᠡ ᠲᠥᠷᠥᠯ ᠵᠦᠶᠯ ᠤᠨ ᠲᠣᠭᠤᠷᠢᠨ ᠳᠤ ᠶᠠᠪᠤᠭᠳᠠᠵᠠᠶ᠃ ᠰᠣᠷᠢᠯᠲᠠ ᠳᠤᠮᠳᠠ᠂ ᠡᠷᠦᠬᠡ ᠶᠢᠨ ᠴᠡᠷᠢᠭ  ᠵᠢᠯᠣᠭᠤᠳᠤᠯᠭ᠎ᠠ ᠶᠢ ᠳᠠᠭᠠᠵᠤ᠂ ᠠᠵᠢᠯ ᠬᠤᠪᠢᠶᠠᠨ ᠬᠠᠷᠢᠭᠤᠴᠠᠵᠤ ᠡᠮᠬᠢ ᠵᠢᠷᠤᠮ ᠲᠠᠢ ᠡᠭᠦᠷᠭᠡ  ᠪᠠᠨ ᠪᠡᠶᠡᠯᠡᠭᠦᠯᠪᠡ᠃ ᠪᠦᠬᠦᠶᠢᠯᠡ ᠰᠣᠷᠢᠯᠲᠠ ᠶᠢᠨ ᠶᠠᠪᠤᠴᠠ ᠪᠠᠴᠢᠮ ᠪᠥᠭᠡᠳ ᠡᠮᠬᠢ ᠵᠢᠷᠤᠮ ᠲᠠᠢ ᠶᠠᠪᠤᠭᠳᠠᠵᠤ᠂ ᠪᠠᠴᠢᠮ ᠪᠠᠶᠢᠳᠠᠯ ᠢ ᠠᠷᠭᠠᠴᠠᠭᠠᠬᠤ ᠡᠷᠦᠬᠡ ᠶᠢᠨ ᠴᠡᠷᠢᠭ ᠤᠨ ᠲᠦᠷᠭᠡᠨ ᠲᠤᠰᠬᠠᠯ ᠭᠠᠷᠭᠠᠬᠤ ᠴᠢᠳᠠᠪᠤᠷᠢ ᠪᠣᠯᠤᠨ ᠪᠣᠳᠠᠲᠤ ᠪᠠᠶᠢᠯᠳᠤᠭᠠᠨ ᠤ ᠴᠢᠳᠠᠪᠤᠷᠢ ᠶᠢ ᠭᠦᠢᠴᠡᠳ ᠢᠯᠡᠷᠡᠭᠦᠯᠵᠦ᠂ ᠵᠢᠱᠢᠭᠰᠡᠨ ᠦᠷ᠎ᠡ ᠪᠦᠲᠦᠮᠵᠢ ᠳᠡᠭᠡᠨ ᠬᠦᠷᠴᠡᠢ᠃      ᠣᠶᠢᠷ᠎ᠠ ᠶᠢᠨ ᠵᠢᠯ ᠠᠴᠠ ᠨᠠᠭᠠᠰᠢ᠂ ᠰᠠᠮᠠᠢ ᠰᠤᠮᠤ ᠨᠢ ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠱᠠᠭᠠᠷᠳᠠᠯᠭ᠎ᠠ ᠶᠢ ᠨᠠᠩ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ︽ᠲᠣᠭᠲᠠᠭᠤᠨ ᠢ ᠬᠠᠮᠠᠭᠠᠯᠠᠵᠤ ᠭᠡᠨᠡᠳᠲᠡ ᠶᠢᠨ ᠬᠡᠷᠡᠭ ᠢ ᠰᠢᠶᠳᠪᠦᠷᠢᠯᠡᠬᠦ᠂ ᠪᠠᠴᠢᠮ ᠪᠠᠶᠢᠳᠠᠯ ᠢ ᠠᠷᠭᠠᠴᠠᠭᠠᠬᠤ ᠭᠠᠯ ᠤᠨᠲᠠᠷᠠᠭᠠᠬᠤ᠂ ᠦᠶᠡᠷ ᠢ ᠰᠡᠷᠭᠡᠶᠢᠯᠡᠵᠦ ᠠᠪᠤᠷᠠᠨ ᠲᠤᠰᠠᠯᠠᠬᠤ︾ ᠵᠡᠷᠭᠡ ᠡᠭᠦᠷᠭᠡ ᠶᠢ ᠡᠭᠦᠷᠭᠡᠯᠡᠵᠦ ᠳᠡᠶᠢᠯᠬᠦ ᠡᠷᠦᠬᠡ ᠶᠢᠨ ᠴᠡᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠤᠪᠢᠶᠠᠷᠢ ᠠᠩᠭᠢ ᠶᠢ ᠪᠠᠶᠢᠭᠤᠯᠪᠠ᠃ ᠡᠨᠡ ᠬᠦ ᠡᠩᠨᠡᠭᠡ ᠬᠢᠯᠢ ᠶᠢᠨ ᠱᠤᠭᠤᠮ ᠳᠡᠭᠡᠷ᠎ᠡ ᠤᠯᠠᠨ ᠤᠳᠠᠭ᠎ᠠ ᠲᠣᠭᠲᠠᠭᠤᠨ ᠪᠠᠶᠢᠳᠠᠯ ᠢ ᠬᠠᠮᠠᠭᠠᠯᠠᠨ ᠵᠢᠵᠢᠭᠦᠷᠯᠡᠵᠦ᠂ ᠠᠶᠤᠯ ᠭᠠᠮᠰᠢᠭ ᠠᠴᠠ ᠠᠪᠤᠷᠠᠬᠤ ᠵᠡᠷᠭᠡ ᠡᠭᠦᠷᠭᠡ ᠶᠢᠨ ᠳᠤᠮᠳᠠ ᠰᠠᠨᠠᠭᠠᠴᠢᠯᠠᠭ᠎ᠠ ᠠᠴᠠ ᠪᠠᠨ ᠡᠮᠦᠨ᠎ᠡ ᠹᠷᠣᠨᠲ ᠲᠤ ᠭᠠᠪᠰᠢᠭᠠᠶᠢᠯᠠᠵᠤ᠂ ᠠᠮᠤᠷ ᠠᠮᠤᠭᠤᠯᠠᠩ ᠬᠢᠯᠢ ᠬᠢᠵᠠᠭᠠᠷ ᠢ ᠬᠠᠮᠠᠭᠠᠯᠠᠬᠤ ᠳᠤ ᠲᠤᠪᠤᠶᠢᠮ᠎ᠠ ᠬᠤᠪᠢ ᠨᠡᠮᠡᠷᠢ ᠦᠵᠡᠭᠦᠯᠪᠡ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号