ᠮᠠᠨᠳᠤᠬᠤᠪᠤᠯᠠᠭ ᠪᠠᠯᠭᠠᠰᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠥᠩᠭᠦᠢ ᠬᠢᠨᠠᠨ ᠬᠠᠮᠢᠶᠠᠷᠤᠯᠲᠠ ᠶᠢ ᠲᠥᠪᠯᠡᠷᠡᠩᠭᠦᠢ ᠪᠠᠶᠢᠴᠠᠭᠠᠨ ᠲᠤᠳᠤᠯᠠᠬᠤ ᠠᠵᠢᠯ ᠤᠨ ᠠᠬᠢᠭᠤᠯᠬᠤ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/5/24
      ᠲᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠥᠳᠡᠯᠦᠩᠭᠦᠢ ᠪᠠᠷ ᠬᠢᠨᠠᠨ ᠬᠠᠮᠢᠶᠠᠷᠠᠬᠤ ᠠᠵᠢᠯ ᠢ ᠰᠠᠶᠢᠲᠤᠷ ᠬᠢᠵᠦ ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠵᠤ ᠯᠠᠪᠳᠠᠭᠤᠨ ᠢᠶᠠᠷ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ 5 ᠰᠠᠷ᠎ᠠ ᠶᠢᠨ 19  ᠤ ᠡᠳᠦᠷ᠂ ᠮᠠᠨᠳᠤᠬᠤᠪᠤᠯᠠᠭ ᠪᠠᠯᠭᠠᠰᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠦᠳᠡᠯᠥᠩᠭᠦᠢ ᠬᠢᠨᠠᠨ ᠬᠠᠮᠢᠶᠠᠷᠤᠯᠲᠠ ᠶᠢ ᠲᠥᠪᠯᠡᠷᠡᠩᠭᠦᠢ ᠪᠠᠶᠢᠴᠠᠭᠠᠨ ᠲᠤᠳᠤᠯᠠᠬᠤ ᠠᠵᠢᠯ ᠤᠨ ᠠᠬᠢᠭᠤᠯᠬᠤ ᠬᠤᠷᠠᠯ ᠬᠤᠷᠠᠯᠳᠤᠭᠤᠯᠵᠤ᠂ ᠬᠤᠷᠠᠯ ᠢ ᠳᠡᠳ᠋ ᠪᠠᠯᠭᠠᠰᠤᠨ ᠳᠠᠷᠤᠭ᠎ᠠ ᠰᠠᠶᠢᠨᠭᠡᠷᠡᠯ ᠡᠷᠬᠢᠯᠡᠵᠦ᠂ ᠡᠯ᠎ᠡ ᠭᠠᠴᠠᠭᠠᠨ ᠤ ︽ᠬᠤᠶᠠᠷ ᠵᠥᠪᠯᠡᠯ︾ ᠤᠨ ᠭᠡᠰᠢᠭᠦᠨ ᠪᠣᠯᠣᠨ ᠠᠵᠢᠯᠲᠠᠳ ᠣᠷᠣᠯᠴᠠᠪᠠ᠃      ᠬᠤᠷᠠᠯ ᠳᠡᠭᠡᠷ᠎ᠡ᠂ ︽ᠵᠡᠭᠦᠨ ᠦᠵᠦᠮᠦᠴᠢᠨ ᠬᠤᠰᠢᠭᠤᠨ ᠤ 2022 ᠣᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠶᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠥᠪᠯᠡᠷᠡᠭᠦᠯᠦᠨ ᠵᠢᠭᠰᠠᠭᠠᠨ ᠪᠠᠶᠢᠴᠠᠭᠠᠬᠤ ᠠᠵᠢᠯ ᠤᠨ ᠲᠥᠰᠥᠯ︾ ᠢ ᠲᠠᠶᠢᠯᠪᠤᠷᠢᠯᠠᠵᠤ᠂ ᠲᠣᠰ ᠤᠳᠠᠭᠠᠨ ᠤ ᠠᠵᠢᠯ ᠳᠤ ᠴᠢᠬᠤᠯᠠ ᠵᠢᠭᠠᠪᠤᠷᠢ ᠥᠭᠭᠦᠭᠰᠡᠨ ᠪᠥᠭᠡᠳ ᠠᠵᠢᠯᠲᠠᠳ ᠠᠴᠠ ᠡᠷᠦᠬᠡ ᠳᠤ ᠬᠦᠷᠴᠦ ᠪᠠᠶᠢᠴᠠᠭᠠᠬᠤ ᠬᠦᠰᠦᠨᠦᠭᠲᠦ ᠶᠢᠨ ᠠᠭᠤᠯᠭ᠎ᠠ ᠵᠢᠴᠢ ᠲᠠᠭᠯᠠᠬᠤ ᠪᠠᠷᠢᠮᠵᠢᠶ᠎ᠠ ᠶᠢ ᠨᠠᠷᠢᠨ ᠲᠠᠶᠢᠯᠪᠤᠷᠢᠯᠠᠵᠤ᠂ ᠵᠢᠭᠰᠠᠭᠠᠨ ᠪᠠᠶᠢᠴᠠᠭᠠᠬᠤ ᠠᠵᠢᠯ ᠤᠨ ᠪᠣᠯᠪᠠᠰᠤᠷᠠᠭᠤᠯᠤᠯ ᠬᠢᠭᠰᠡᠨ ᠪᠠᠶᠢᠨ᠎ᠠ᠃ᠬᠤᠷᠠᠯ ᠠᠴᠠ ᠴᠢᠬᠤᠯᠠᠴᠢᠯᠠᠭᠰᠠᠨ ᠨᠢ᠂ ᠡᠷᠤᠭᠡ ᠳᠤ ᠬᠦᠷᠴᠦ ᠮᠠᠯᠵᠢᠬᠤ ᠡᠷᠤᠭᠡ ᠶᠢᠨ ᠠᠮᠢᠳᠤᠷᠠᠯ ᠤᠨ ᠦᠨᠳᠦᠰᠦᠨ ᠪᠠᠶᠢᠳᠠᠯ ᠢ ᠣᠶᠢᠯᠠᠭᠠᠬᠤ ᠪᠣᠯ ᠲᠠᠬᠢᠨ ᠶᠠᠳᠠᠭᠤᠷᠠᠬᠤ ᠲᠦᠭᠰᠢᠭᠦᠷᠢ ᠣᠷᠣᠰᠢᠵᠤ ᠪᠠᠶᠢᠬᠤ ᠡᠰᠡᠬᠦ ᠶᠢ ᠡᠵᠡᠮᠳᠡᠬᠦ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠮᠠᠯᠵᠢᠬᠤ ᠡᠷᠤᠭᠡ ᠳᠤ ᠭᠦᠨᠵᠡᠭᠡᠶᠢᠷᠡᠬᠦ ᠶᠢ ᠪᠠᠷᠢᠮᠲᠠᠯᠠᠵᠤ᠂ ᠡᠷᠤᠬᠡ ᠬᠥᠮᠥᠨ ᠳᠠᠷᠠᠭᠠᠯᠠᠨ ᠨᠠᠷᠢᠨ ᠬᠢᠨᠠᠮᠠᠭᠠᠢ ᠪᠠᠶᠢᠴᠠᠭᠠᠵᠤ᠂ ᠡᠷᠲᠡ ᠠᠴᠠ ᠢᠯᠡᠷᠡᠭᠦᠯᠵᠦ᠂ ᠡᠷᠲᠡ ᠠᠴᠠ ᠭᠠᠷ ᠲᠦᠷᠤᠵᠤ᠂ ᠡᠷᠲᠡ ᠠᠴᠠ ᠬᠠᠪᠰᠤᠷᠤᠨ ᠲᠡᠳᠬᠦᠬᠦ ᠬᠡᠷᠡᠭᠲᠡᠢ᠃      ᠬᠤᠷᠠᠯ ᠠᠴᠠ ᠱᠠᠭᠠᠷᠳᠠᠭᠰᠠᠨ ᠨᠢ᠂ ᠮᠠᠨ ᠤ ᠪᠠᠯᠭᠠᠰᠤ ᠶᠢᠨ ᠬᠢᠨ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠪᠠᠶᠢᠳᠠᠯ ᠢ ᠬᠢᠨᠠᠨ ᠬᠡᠮᠵᠢᠬᠦ ᠠᠵᠢᠯ ᠤᠨ ᠱᠠᠭᠠᠷᠳᠠᠯᠭ᠎ᠠ ᠶᠣᠰᠣᠭᠠᠷ᠂ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠨ ᠲᠣᠳᠣᠷᠬᠠᠶᠢᠯᠠᠵᠤ᠂ ᠢᠯᠡᠷᠡᠭᠦᠯᠦᠭᠰᠡᠨ ᠠᠰᠠᠭᠤᠳᠠᠯ ᠢ ᠰᠤᠳᠤᠯᠤᠨ ᠰᠢᠢᠳᠪᠦᠷᠢᠯᠡᠵᠦ᠂ ᠳᠡᠭᠡᠳᠦ ᠬᠡᠮᠵᠢᠶ᠎ᠡ ᠪᠠᠷ ᠬᠠᠷᠢᠭᠤᠴᠠᠬᠤ ᠣᠪᠣᠷ ᠪᠣᠯᠣᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠬᠤᠷᠢᠭ᠎ᠠ ᠱᠤᠭᠤᠮ ᠢ ᠪᠠᠬᠢᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠲᠣᠭᠲᠠᠭᠤᠨ ᠢᠶᠠᠷ ᠠᠬᠢᠭᠤᠯᠬᠤ ᠶᠢ ᠪᠠᠲᠤᠯᠠᠨ᠎ᠠ᠃
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号