ᠤᠯᠢᠶᠠᠰᠤᠲᠠᠢ ᠪᠠᠯᠭᠠᠰᠤᠨ ᠤ ᠥᠩᠲᠣ ᠨᠡᠶᠢᠭᠡᠮ ᠲᠣᠭᠤᠷᠢᠭ ᠤᠨ ᠬᠠᠮᠲᠤᠷᠠᠭᠰᠠᠨ ᠨᠠᠮ ᠤᠨ ᠬᠤᠷᠢᠶ᠎ᠠ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠵᠣᠬᠢᠶᠠᠨ ᠪᠠᠶᠢᠭᠤᠯᠵᠤ ᠰᠤᠷᠤᠯᠴᠠᠪᠠ
ᠨᠡᠶᠢᠲᠡᠯᠡᠭᠰᠡᠨ ᠴᠠᠭ᠄
2022/5/24
      ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠠᠵᠢᠯ ᠤᠨ ᠵᠣᠷᠢᠭ ᠰᠠᠨᠠᠭ᠎ᠠ ᠶᠢ ᠤᠯᠠᠮ ᠨᠢᠭᠡ ᠠᠯᠬᠤᠮ ᠭᠦᠨᠵᠡᠭᠡᠶ ᠰᠤᠷᠤᠯᠴᠠᠨ ᠣᠶᠢᠯᠠᠭᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠦᠨᠳᠦᠰᠦᠲᠡᠨ ᠤ ᠪᠦᠯᠬᠦᠮᠳᠡᠯ ᠤᠨ ᠠᠮᠢᠨ ᠰᠤᠳᠠᠰᠤ ᠶᠢ ᠡᠷᠡᠰ ᠰᠠᠬᠢᠨ ᠬᠠᠮᠠᠭᠠᠯᠠᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ ᠶᠤᠮ᠃ 5 ᠳ᠋ᠤᠭᠠᠷ ᠰᠠᠷ᠎ᠠ ᠶᠢᠨ 16 ᠤ ᠡᠳᠦᠷ᠂ ᠤᠯᠢᠶᠠᠰᠤᠲᠠᠶ ᠪᠠᠯᠭᠠᠰᠤᠨ ᠤ ᠥᠩᠲᠤ ᠨᠡᠶᠢᠭᠡᠮ ᠲᠣᠭᠤᠷᠢᠭ ᠤᠨ ᠬᠢᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠢ ᠲᠥᠪᠯᠡᠷᠡᠭᠦᠯᠦᠨ  ᠰᠤᠷᠤᠯᠴᠠᠪᠠ᠃      ᠰᠤᠷᠤᠯᠴᠠᠯᠭ᠎ᠠ ᠶᠢᠨ ᠳᠤᠮᠳᠠ᠂ ᠣᠯᠠᠨ ᠢᠶᠠᠷ ᠢᠶᠠᠨ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠲᠦᠷᠢᠮ︾ ᠤᠨ ᠠᠭᠤᠯᠭ᠎ᠠ ᠶᠢ ᠬᠠᠮᠲᠤ ᠪᠠᠷ ᠰᠤᠷᠤᠯᠴᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠪᠠ ᠲᠥᠪ ᠤᠨ ᠦᠨᠳᠦᠰᠦᠲᠡᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠠᠲᠤ ᠪᠠᠬᠢ ᠪᠣᠶ ᠪᠣᠯᠭᠠᠬᠤ ᠵᠡᠷᠭᠡ ᠴᠢᠬᠤᠯᠠ ᠠᠴᠢ ᠬᠤᠯᠪᠣᠭᠳᠠᠯ ᠢ ᠤᠬᠠᠭᠤᠯᠬᠤ ᠵᠠᠬᠢᠳᠠᠯ ᠰᠤᠷᠪᠤᠯᠵᠢᠯᠠᠭ᠎ᠠ ᠶᠢᠨ ᠺᠠᠳ᠋ᠷᠴᠤᠳ ᠢ ᠰᠢ ᠶᠢᠨ ᠫᠢᠩ ᠶᠡᠷᠦᠩᠬᠡᠢ ᠱᠦᠵᠢ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠲᠤᠬᠠᠢ ᠴᠢᠬᠤᠯᠠ ᠭᠤᠣᠯᠯᠠᠭᠴᠢ ᠪᠠ ᠭᠦᠨᠵᠡᠭᠡᠢ ᠠᠭᠤᠯᠤᠭᠳᠠᠬᠤᠨ ᠢ ᠭᠦᠨᠵᠡᠭᠡᠢ ᠣᠶᠢᠯᠠᠭᠠᠵᠤ᠂ ᠣᠨᠣᠪᠴᠢᠲᠠᠢ ᠡᠵᠡᠮᠰᠢᠬᠦ ᠬᠡᠷᠡᠭᠲᠡᠢ ᠭᠡᠵᠦ ᠱᠠᠭᠠᠷᠳᠠᠪᠠ᠃ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠨᠠᠮ ᠤᠨ ᠭᠡᠰᠢᠭᠦᠨ ᠺᠠᠳ᠋ᠷ ᠵᠢᠱᠢᠶ᠎ᠡ ᠦᠵᠡᠭᠦᠯᠵᠦ ᠳᠠᠭᠠᠭᠤᠯᠬᠤ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ︽ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠤᠢ ᠪᠣᠯᠭᠠᠬᠤ︾ ᠪᠠᠷ ᠭᠤᠣᠯ ᠰᠢᠵᠢᠮ ᠪᠣᠯᠭᠠᠨ ᠡᠯ᠎ᠡ ᠵᠦᠢᠯ ᠤᠨ ᠦᠨᠳᠦᠰᠦᠲᠡᠨ ᠤ ᠠᠵᠢᠯ ᠢ ᠡᠷᠡᠰ ᠥᠷᠨᠢᠭᠦᠯᠬᠦ ᠬᠡᠷᠡᠭᠲᠡᠢ᠃      ᠡᠨᠡ ᠤᠳᠠᠭᠠᠨ ᠤ ᠰᠤᠷᠤᠯᠴᠠᠯᠭ᠎ᠠ ᠪᠠᠷ ᠳᠠᠮᠵᠢᠨ᠂ ᠮᠠᠨ ᠤ ᠨᠡᠶᠢᠭᠡᠮ ᠲᠣᠭᠤᠷᠢᠭ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠠᠬᠢᠭᠤᠯᠬᠤ ᠠᠵᠢᠯ ᠤᠨ ᠡᠭᠦᠷᠭᠡ ᠬᠠᠷᠢᠭᠤᠴᠠᠯᠭ᠎ᠠ ᠪᠠ ᠠᠷᠭ᠎ᠠ ᠬᠡᠮᠵᠢᠶ᠎ᠡ ᠶᠢ ᠪᠦᠬᠦ ᠠᠵᠢᠯᠲᠠᠳ ᠲᠤ ᠤᠯᠠᠮ ᠨᠢᠭᠡ ᠠᠯᠬᠤᠮ ᠲᠣᠳᠣᠷᠬᠠᠶ ᠲᠠᠨᠢᠭᠤᠯᠵᠤ᠂ ᠣᠯᠠᠨ ᠢ ᠢᠳᠡᠪᠬᠢᠲᠡᠶ ᠪᠠᠷ ᠳᠠᠶᠢᠴᠢᠯᠠᠨ ᠦᠨᠳᠦᠰᠦᠲᠡᠨ ᠤ ᠪᠦᠯᠬᠦᠮᠳᠡᠯ ᠤᠨ ᠠᠵᠢᠯ ᠳᠤ ᠣᠷᠣᠯᠴᠠᠭᠤᠯᠤᠭᠰᠠᠨ ᠪᠠᠶᠢᠨ᠎ᠠ᠃
 
ᠢᠷᠡᠯᠲᠡ᠄ ᠤᠯᠢᠶᠠᠰᠣᠲᠠᠢ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号