ᠡᠶᠢᠮᠦᠷᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ
ᠨᠡᠶᠢᠲᠡᠯᠡᠭᠰᠡᠨ ᠴᠠᠭ᠄
2022/5/26
      ᠸᠢᠴᠠᠲ ᠲᠠᠪᠴᠠᠩ ᠤᠨ ᠬᠢᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠬᠦ ᠶᠢ ᠢᠮᠠᠭᠲᠠ ᠪᠠᠷᠢᠮᠲᠠᠯᠠᠵᠤ᠂ ᠬᠡᠷᠡᠭᠯᠡᠭᠴᠢᠳ ᠲᠤ ᠠᠶᠦᠯᠬᠦᠢ᠂ ᠡᠷᠡᠭᠦᠯ ᠰᠠᠷᠠᠭᠤᠯ ᠬᠡᠷᠡᠭᠯᠡᠭᠡᠨ ᠤ ᠣᠷᠴᠢᠨ ᠨᠥᠬᠦᠴᠡᠯ ᠢ ᠪᠣᠶ ᠪᠤᠯᠭᠠᠬᠤ ᠪᠠᠷ ᠴᠢᠷᠮᠠᠶᠢᠭᠰᠠᠭᠠᠷ ᠢᠷᠡᠵᠡᠶ᠃      ᠣᠶᠢᠷ᠎ᠠ ᠳᠤ᠂ ᠬᠡᠷᠡᠭᠯᠡᠭᠴᠢ ᠶᠢᠨ ᠵᠠᠭᠠᠯᠳᠤᠯᠭ᠎ᠠ ᠪᠠᠷ ᠳᠡᠮᠵᠢᠨ᠂ ᠵᠠᠷᠢᠮ ᠬᠡᠷᠡᠭᠯᠡᠭᠴᠢ ᠶᠢᠨ ᠦᠭᠡᠷ᠎ᠡ ᠰᠠᠨᠠᠭ᠎ᠠ ᠲᠠᠢ ᠪᠠᠷ ᠡᠵᠡᠩᠨᠡᠨ ᠪᠣᠷᠣᠯᠠᠭᠤᠯᠬᠤ ᠮᠡᠳᠡᠭᠡ ᠵᠠᠩᠭᠢ ᠨᠡᠶᠢᠲᠡᠯᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠬᠤ ᠶᠢ ᠢᠯᠡᠷᠡᠭᠦᠯᠪᠡ᠂ ᠡᠭᠦᠨ ᠳᠤ᠄ ᠮᠦᠩᠭᠦ ᠲᠦᠭᠦᠷᠢᠭ ᠦᠭᠴᠦ ᠬᠠᠭᠤᠷᠮᠠᠭ ᠮᠡᠳᠡᠭᠡ ᠨᠡᠶᠢᠳᠡᠯᠡᠬᠦ︔ ᠬᠤᠳᠠᠯ ᠬᠠᠭᠤᠷᠮᠠᠭ᠂ ᠥᠰᠬᠡᠨ ᠳᠦᠰᠬᠡᠨ ᠲᠠᠢ ᠮᠡᠳᠡᠭᠡ ᠵᠠᠩᠭᠢ᠂ ᠵᠢᠱᠢᠶᠡᠯᠡᠪᠡᠯ ᠮᠠᠷᠢᠶ᠎ᠠ ᠰᠢᠭᠤᠷᠠᠭᠤᠯᠬᠤ᠂ ᠪᠡᠶ᠎ᠡ ᠴᠢᠭᠢᠷᠠᠭᠵᠢᠭᠤᠯᠬᠤ ᠵᠡᠷᠭᠡ ᠦᠢᠯᠡᠳᠦᠯ ᠲᠠᠢ ᠦᠢᠯᠡᠳᠬᠦᠨ ᠤ ᠪᠣᠷᠤᠯᠠᠭᠤᠯᠭ᠎ᠠ ᠶᠢᠨ ᠮᠡᠳᠡᠭᠡ ᠵᠠᠩᠭᠢ ᠶᠢ ᠨᠡᠶᠢᠳᠡᠯᠡᠬᠦ ᠵᠡᠷᠭᠡ ᠠᠰᠠᠭᠤᠳᠠᠯ ᠤᠷᠤᠰᠢᠵᠦ ᠪᠠᠶᠢᠨ᠎ᠠ᠃      ᠮᠦᠩᠭᠦ ᠲᠦᠭᠦᠷᠢᠭ ᠦᠭᠴᠦ ᠬᠠᠭᠤᠷᠮᠠᠭ ᠮᠡᠳᠡᠭᠡ ᠨᠡᠶᠢᠳᠡᠯᠡᠬᠦ ᠪᠣᠯ ᠬᠠᠤᠯᠢ ᠶᠢ ᠵᠥᠷᠢᠴᠡᠭᠰᠡᠨ ᠠᠵᠢᠯᠯᠠᠭ᠎ᠠ ᠳᠤ ᠲᠣᠭᠠᠴᠠᠭᠳᠠᠨ᠎ᠠ᠂ ᠡᠶᠢᠮᠦ ᠠᠴᠠ ᠵᠣᠬᠢᠶᠠᠨ ᠪᠠᠶᠢᠭᠤᠯᠤᠭᠴᠢ ᠪᠠ ᠣᠷᠣᠯᠴᠠᠭᠴᠢ ᠵᠡᠷᠭᠡ ᠬᠠᠮᠢᠶᠠᠳᠠᠢ ᠬᠦᠮᠦᠰ ᠢ ᠪᠦᠷ ᠰᠢᠢᠳᠭᠡᠨ᠎ᠡ︔ ᠡᠶᠢᠮᠦᠷᠭᠦ ᠮᠡᠳᠡᠭᠡ ᠵᠠᠩᠭᠢ ᠳᠤ ᠬᠤᠳᠠᠯ ᠬᠠᠭᠤᠷᠮᠠᠭ ᠵᠦᠢᠯ ᠢᠯᠡᠷᠬᠡᠢ ᠣᠷᠣᠰᠢᠵᠤ ᠪᠠᠶᠢᠬᠤ ᠪᠦᠭᠡᠳ ᠥᠰᠬᠡᠨ ᠳᠦᠰᠬᠡᠨ ᠲᠠᠢ ᠤᠬᠠᠭᠤᠯᠬᠤ ᠨᠢ ᠬᠡᠷᠡᠭᠯᠡᠭᠴᠢᠳ ᠢ ᠲᠦᠭᠡᠷᠢᠭᠳᠡᠭᠦᠯᠬᠦ ᠪᠠᠷ ᠪᠠᠷᠠᠬᠤ ᠦᠭᠡᠢ ᠪᠠᠰᠠ ᠲᠠᠪᠴᠠᠩ ᠤᠨ ᠤᠷᠴᠢᠨ ᠨᠦᠭᠦᠴᠡᠯ ᠤᠨ ᠡᠮᠬᠢ ᠵᠠᠮᠪᠠᠷᠠᠭ᠎ᠠ ᠶᠢ ᠡᠪᠳᠡᠬᠦ ᠪᠣᠯᠣᠨ᠎ᠠ᠂ ᠡᠶᠢᠮᠦ ᠠᠴᠠ ᠬᠠᠮᠢᠶᠠᠳᠠᠢ ᠮᠡᠳᠡᠭᠡ ᠵᠠᠩᠭᠢ ᠳᠠᠬᠢ ᠡᠶᠢᠮᠦ ᠠᠭᠤᠯᠭ᠎ᠠ ᠶᠢ ᠬᠢᠨᠠᠨ ᠬᠠᠷᠭᠤᠭᠤᠯᠵᠦ ᠢᠯᠡᠷᠡᠭᠦᠯᠬᠦ ᠲᠠᠢ ᠵᠡᠷᠭᠡ ᠴᠠᠭ ᠲᠤᠬᠠᠢ ᠳᠤᠨᠢ ᠰᠢᠢᠳᠪᠦᠷᠢᠯᠡᠬᠦ ᠪᠣᠯᠣᠨ᠎ᠠ᠃      ︽ᠰᠦᠯᠵᠢᠶᠡᠨ ᠤ ᠠᠶᠤᠯᠬᠦᠢ ᠶᠢᠨ ᠬᠠᠤᠯᠢ︾ ︽ᠰᠦᠯᠵᠢᠶᠡᠨ ᠤ ᠮᠡᠳᠡᠭᠡ ᠵᠠᠩᠭᠢ ᠶᠢᠨ ᠠᠭᠤᠯᠭ᠎ᠠ ᠶᠢᠨ ᠲᠣᠭᠲᠠᠭᠠᠯ︾ ᠵᠡᠷᠭᠡ ᠬᠤᠯᠪᠣᠭᠳᠠᠯ ᠪᠦᠬᠦᠢ ᠬᠠᠤᠯᠢ ᠲᠣᠭᠲᠠᠭᠠᠯ ᠪᠤᠯᠤᠨ ︽ᠸᠢᠴᠠᠲ ᠤᠨ ᠬᠤᠪᠢ ᠬᠥᠮᠥᠨ ᠤ ᠲᠠᠩᠰᠠ ᠨᠣᠮᠧᠷ ᠤᠨ ᠬᠡᠷᠡᠭᠯᠡᠯᠲᠡ ᠶᠢᠨ ᠲᠦᠷᠢᠮᠵᠢᠯ︾ ᠢ ᠦᠨᠳᠦᠰᠦᠯᠡᠨ᠂ ᠳᠡᠭᠡᠷ᠎ᠡ ᠳᠤᠷᠠᠳᠤᠭᠰᠠᠨ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠤᠰᠬᠠᠢ ᠵᠠᠰᠠᠨ ᠴᠡᠭᠴᠡᠯᠡᠬᠦ ᠪᠤᠯᠤᠨ᠎ᠠ᠃
 
ᠢᠷᠡᠯᠲᠡ᠄ ᠰᠢᠯᠢ ᠶᠢᠨ ᠭᠤᠣᠯ ᠠᠶᠢᠮᠠᠭ ᠤᠨ ᠵᠠᠬᠢᠷᠭ᠎ᠠ ᠶᠢᠨ ᠮᠣᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号