ᠥᠪᠦᠷ ᠮᠣᠩᠭᠤᠯ ᠣᠷᠣᠨ ᠳᠠᠬᠢ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ
ᠨᠡᠶᠢᠲᠡᠯᠡᠭᠰᠡᠨ ᠴᠠᠭ᠄
2022/5/9
      5 ᠳ᠋ᠤᠭᠠᠷ ᠰᠠᠷ᠎ᠠ ᠶᠢᠨ 8 ᠤ ᠡᠳᠦᠷ ᠤᠨ 0 ᠴᠠᠭ ᠠᠴᠠ 24 ᠴᠠᠭ ᠪᠣᠯᠲᠠᠯ᠎ᠠ᠂ ᠥᠪᠦᠷ ᠮᠣᠩᠭᠤᠯ ᠳᠤ ᠲᠤᠬᠠᠢ ᠶᠢᠨ ᠭᠠᠵᠠᠷ ᠤᠨ ᠲᠣᠳᠣᠯᠠᠭᠰᠠᠨ ᠡᠪᠡᠳᠴᠢᠨ ᠤ ᠵᠢᠱᠢᠶ᠎ᠡ᠂ ᠰᠡᠵᠢᠭᠯᠡᠯᠲᠡᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠳᠠᠭᠴᠢ ᠰᠢᠨ᠎ᠡ ᠪᠠᠷ ᠨᠡᠮᠡᠭᠳᠡᠭᠰᠡᠨ ᠦᠭᠡᠢ᠃ ᠲᠤᠬᠠᠢ ᠶᠢᠨ ᠭᠠᠵᠠᠷ ᠤᠨ 8 ᠲᠣᠳᠣᠯᠠᠭᠰᠠᠨ ᠡᠪᠡᠳᠴᠢᠨ ᠤ ᠵᠢᠱᠢᠶ᠎ᠡ ︵ᠴᠥᠮ ᠬᠦᠯᠦᠨ ᠪᠤᠶᠢᠷ ᠬᠤᠲᠠ ᠳᠤ︶ ᠢᠯᠡᠷᠢᠰᠢᠵᠦ ᠡᠮᠨᠡᠯᠭᠡ ᠠᠴᠠ ᠭᠠᠷᠪᠠ᠃      5 ᠳ᠋ᠤᠭᠠᠷ ᠰᠠᠷ᠎ᠠ ᠶᠢᠨ 8 ᠤ ᠡᠳᠦᠷ ᠤᠨ 24 ᠴᠠᠭ ᠪᠣᠯᠲᠠᠯ᠎ᠠ᠂ ᠥᠪᠦᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠣᠳᠤ ᠪᠠᠶᠢᠭ᠎ᠠ ᠲᠤᠬᠠᠢ ᠶᠢᠨ ᠭᠠᠵᠠᠷ ᠤᠨ ᠲᠣᠳᠤᠯᠠᠭᠰᠠᠨ ᠡᠪᠡᠳᠴᠢᠨ ᠤ ᠵᠢᠱᠢᠶ᠎ᠡ 25᠂ ᠡᠭᠦᠨ ᠳᠤ ᠬᠦᠯᠦᠨ ᠪᠤᠶᠢᠷ ᠬᠤᠲᠠ ᠳᠤ 24᠂ ᠤᠯᠠᠭᠠᠨᠬᠠᠳᠠ ᠬᠤᠲᠠ ᠳᠤ 1 ᠪᠠᠶᠢᠨ᠎ᠠ᠃ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠲᠣᠳᠤᠯᠠᠭᠰᠠᠨ ᠡᠪᠡᠳᠴᠢᠨ ᠤ ᠵᠢᠱᠢᠶ᠎ᠡ 4 ︵ᠴᠥᠮ ᠬᠥᠬᠡᠬᠤᠲᠠ ᠬᠤᠲᠠ ᠳᠤ︶ ᠪᠤᠢ᠃ ᠪᠦᠬᠦᠨ ᠢ ᠲᠣᠭᠲᠠᠭᠰᠠᠨ ᠡᠮᠨᠡᠯᠭᠡ ᠶᠢᠨ ᠬᠤᠷᠢᠶ᠎ᠠ ᠳᠤ ᠲᠤᠰᠠᠭᠠᠷᠯᠠᠨ ᠡᠮᠴᠢᠯᠡᠵᠦ᠂ ᠨᠢᠭᠲᠠ ᠣᠶᠢᠷᠠᠲᠤᠭᠰᠠᠳ ᠢ ᠨᠢ ᠴᠥᠮ ᠲᠣᠭᠲᠠᠭᠰᠠᠨ ᠭᠠᠵᠠᠷ ᠲᠥᠪᠯᠡᠷᠡᠭᠦᠯᠦᠨ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠬᠢᠵᠢᠭ ᠲᠠᠷᠬᠠᠬᠤ ᠶᠢ ᠴᠢᠩᠭ᠎ᠠ ᠰᠡᠷᠭᠡᠶᠢᠯᠡᠵᠦ ᠪᠤᠢ᠃
 
ᠢᠷᠡᠯᠲᠡ᠄ ᠦᠪᠦᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号