ᠨᠢᠭᠲᠠ ᠣᠶᠢᠷᠠᠲᠤᠭᠰᠠᠳ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠴᠠᠭ ᠢ ︽7 + 3︾ ᠪᠣᠯᠭᠠᠨ ᠲᠣᠬᠢᠷᠠᠭᠤᠯᠵᠤ᠂ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠩᠭᠢ ᠪᠠᠶᠢᠭᠤᠯᠵᠤ ᠦᠭᠡ ᠦᠯᠡᠳᠡᠭᠡᠬᠦ ᠰᠠᠮᠪᠠᠷ᠎ᠠ ᠲᠣᠬᠢᠷᠠᠭᠤᠯᠪᠠ ᠁ ᠬᠠᠮᠤᠭ ᠤᠨ ᠰᠢᠨ᠎ᠡ ᠮᠡᠳᠡᠭᠡᠯᠡᠯ︕
ᠨᠡᠶᠢᠲᠡᠯᠡᠭᠰᠡᠨ ᠴᠠᠭ᠄
2022/7/5
      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ 6 ᠳ᠋ᠤᠭᠠᠷ ᠰᠠᠷ᠎ᠠ ᠶᠢᠨ 28 ᠤ ᠡᠳᠦᠷ ᠤᠨ ᠦᠳᠡ ᠶᠢᠨ ᠬᠤᠶᠢᠨ᠎ᠠ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠲᠠᠶ ᠰᠠᠶᠢᠳᠤᠷ ᠬᠢᠭᠰᠡᠨ ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠵᠠᠢ᠃ ᠬᠠᠮᠲᠤ ᠪᠠᠷ ᠠᠩᠬᠠᠷᠴᠠᠭᠠᠶ᠎ᠠ︕      ᠣᠶᠢᠷ᠎ᠠ ᠳᠤ ᠤᠯᠤᠰ ᠤᠨ ᠳᠣᠲᠣᠭᠠᠳᠤ ᠶᠢᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠳᠣᠣᠷ᠎ᠠ ᠲᠦᠪᠰᠢᠨ ᠳᠤ ᠬᠡᠯᠪᠡᠯᠵᠡᠵᠦ ᠪᠤᠢ      ᠣᠶᠢᠷ᠎ᠠ ᠳᠤ᠂ ᠤᠯᠤᠰ ᠤᠨ ᠳᠣᠲᠣᠭᠠᠳᠤ ᠶᠢᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠳᠤ ᠭᠤᠣᠯᠳᠠᠭᠤ ᠳᠣᠣᠷᠠᠬᠢ ᠮᠡᠲᠦ ᠣᠨᠴᠠᠯᠢᠭ ᠢᠯᠡᠷᠡᠪᠡ᠄ ᠨᠢᠭᠡ ᠳᠤ᠂ ᠣᠶᠢᠷ᠎ᠠ ᠶᠢᠨ ᠬᠤᠭᠤᠴᠠᠭᠠᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠣᠯᠵᠤ᠂ ᠪᠥᠬᠦ ᠤᠯᠤᠰ ᠤᠨ ᠬᠢᠵᠢᠭ ᠤᠨ ᠪᠠᠶᠢᠳᠠᠯ ᠶᠡᠷᠦᠩᠬᠡᠢ ᠳᠤ ᠪᠠᠨ ᠳᠣᠣᠷ᠎ᠠ ᠲᠦᠪᠰᠢᠨ ᠳᠤ ᠬᠡᠯᠪᠡᠯᠵᠡᠵᠦ ᠪᠤᠢ᠃ 6 ᠳ᠋ᠤᠭᠠᠷ ᠰᠠᠷ᠎ᠠ ᠶᠢᠨ 18 ᠤ ᠡᠳᠦᠷ ᠠᠴᠠ ᠨᠠᠭᠠᠰᠢ᠂ ᠪᠥᠬᠦ ᠤᠯᠤᠰ ᠤᠨ ᠡᠳᠦᠷ ᠪᠦᠷᠢ ᠶᠢᠨ ᠮᠡᠳᠡᠭᠦᠯᠦᠭᠰᠡᠨ ᠬᠠᠯᠳᠠᠪᠤᠷᠢᠯᠠᠭᠰᠠᠳ ᠤᠨ ᠲᠤᠭ᠎ᠠ ᠴᠥᠮ 50 ᠬᠥᠮᠥᠨ ᠠᠴᠠ ᠳᠣᠣᠷ᠎ᠠ ᠪᠣᠯᠵᠤ᠂ ᠣᠶᠢᠷ᠎ᠠ ᠶᠢᠨ ᠨᠢᠭᠡ ᠭᠠᠷᠠᠭ ︵6 ᠳ᠋ᠤᠭᠠᠷ ᠰᠠᠷ᠎ᠠ ᠶᠢᠨ 20 ᠤ ᠡᠳᠦᠷ ᠠᠴᠠ 6 ᠳ᠋ᠤᠭᠠᠷ ᠰᠠᠷ᠎ᠠ ᠶᠢᠨ 27 ᠤ ᠡᠳᠦᠷ ᠪᠣᠯᠲᠠᠯ᠎ᠠ ︶ ᠪᠥᠬᠦ ᠤᠯᠤᠰ ᠤᠨ ᠰᠠᠨᠠᠭᠠᠴᠢᠯᠠᠭ᠎ᠠ ᠠᠴᠠ ᠪᠠᠨ ᠮᠡᠳᠡᠭᠦᠯᠦᠭᠰᠡᠨ ᠬᠠᠯᠳᠠᠪᠤᠷᠢᠯᠠᠭᠰᠠᠳ 198 ᠪᠠᠶᠢᠵᠤ᠂ 10 ᠮᠤᠵᠢ᠂ 24 ᠲᠤᠰᠬᠠᠢ ᠣᠷᠣᠨ ᠤ ᠳᠡᠰ ᠤᠨ ᠬᠤᠲᠠ ᠳᠤ ᠬᠤᠯᠪᠣᠭᠳᠠᠵᠤ᠂ ᠳᠤᠮᠳᠠᠴᠢ ᠪᠠᠷ ᠡᠳᠦᠷ ᠪᠦᠷᠢ 25 ᠬᠥᠮᠥᠨ ᠢ ᠮᠡᠳᠡᠭᠦᠯᠵᠡᠢ᠃ ᠬᠤᠶᠠᠷ ᠲᠤ᠂ ᠣᠨᠴᠠ ᠵᠠᠷᠢᠮ ᠭᠠᠵᠠᠷ ᠣᠷᠣᠨ ᠳᠤ ᠦᠷᠭᠦᠯᠵᠢᠯᠡᠨ ᠬᠡᠰᠡᠭ ᠪᠤᠰᠠᠭ ᠢᠶᠠᠷ ᠨᠡᠶᠢᠭᠡᠮ ᠤᠨ ᠬᠠᠯᠳᠠᠪᠤᠷᠢᠯᠠᠯ ᠡᠭᠦᠰᠴᠦ᠂ ᠨᠡᠶᠢᠭᠡᠮ ᠲᠣᠭᠤᠷᠢᠭ ᠤᠨ ᠲᠠᠷᠬᠠᠭᠠᠯᠲᠠ ᠶᠢᠨ ᠲᠦᠭᠰᠢᠭᠦᠷᠢ ᠵᠣᠬᠢᠬᠤ ᠬᠡᠮᠵᠢᠶ᠎ᠡ ᠪᠠᠷ ᠣᠷᠣᠰᠢᠵᠤ ᠪᠠᠶᠢᠬᠤ ᠪᠥᠭᠡᠳ ᠬᠠᠯᠳᠠᠪᠤᠷᠢᠯᠠᠭᠳᠠᠭᠰᠠᠳ ᠤᠨ ᠬᠠᠮᠢᠶᠠᠷᠤᠨ ᠡᠵᠡᠮᠳᠡᠬᠦ ᠠᠴᠠ ᠡᠮᠦᠨᠡᠬᠢ ᠠᠵᠢᠯᠯᠠᠭ᠎ᠠ ᠶᠢᠨ ᠬᠦᠷᠢᠶ᠎ᠡ ᠬᠡᠪᠴᠢᠶ᠎ᠡ ᠨᠢ ᠨᠡᠯᠢᠶᠡᠳ ᠥᠷᠭᠡᠨ ᠪᠣᠯᠬᠤᠷ ᠵᠠᠷᠢᠮ ᠭᠠᠵᠠᠷ ᠣᠷᠣᠨ ᠳᠤ ᠬᠠᠯᠳᠠᠪᠤᠷᠢᠯᠠᠯ ᠢ ᠲᠡᠭ ᠪᠣᠯᠭᠠᠬᠤ ᠳᠤ ᠨᠡᠯᠢᠶᠡᠳ ᠤᠷᠲᠤ ᠬᠤᠭᠤᠴᠠᠭ᠎ᠠ ᠬᠡᠷᠡᠭᠰᠡᠬᠦ ᠰᠤᠨᠵᠢᠷᠠᠯ ᠤᠨ ᠬᠤᠭᠤᠴᠠᠭ᠎ᠠ ᠶᠢ ᠪᠤᠢ ᠪᠣᠯᠭᠠᠭᠰᠠᠨ ᠪᠠᠶᠢᠨ᠎ᠠ᠃ ᠭᠤᠷᠪᠠ ᠳᠤ᠂ ᠣᠮᠢᠺᠧᠷᠣᠨ BA.2 ᠪᠣᠯ ᠮᠥᠨ ᠬᠦ ᠮᠠᠨ ᠤ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠭᠤᠣᠯ ᠪᠣᠯᠬᠤ ᠸᠢᠷᠦ᠋ᠰ ᠮᠥᠨ᠂ ᠭᠡᠪᠡᠴᠦ ᠣᠮᠢᠺᠧᠷᠣᠨ BA.4 ᠪᠠ BA.5 ᠶᠢᠨ ᠬᠢᠯᠢ ᠶᠢᠨ ᠭᠠᠳᠠᠨ᠎ᠠ ᠠᠴᠠ ᠬᠠᠯᠳᠠᠪᠤᠷᠢᠯᠠᠬᠤ ᠶᠢ ᠳᠡᠭᠡᠳᠦ ᠬᠡᠮᠵᠢᠶ᠎ᠡ ᠪᠠᠷ ᠰᠡᠷᠡᠮᠵᠢᠯᠡᠬᠦ ᠬᠡᠷᠡᠭᠲᠡᠢ᠂ ᠤᠴᠢᠷ ᠨᠢ ᠣᠶᠢᠷ᠎ᠠ ᠶᠢᠨ ᠬᠤᠭᠤᠴᠠᠭᠠᠨ ᠳᠤ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠨ ᠡᠪᠡᠳᠴᠢᠨ ᠤ ᠵᠢᠱᠢᠶ᠎ᠡ ᠠᠴᠠ BA.4 ᠪᠠ BA.5 ᠶᠢ ᠣᠯᠵᠤ ᠮᠡᠳᠡᠭᠰᠡᠨ ᠪᠥᠭᠡᠳ ᠲᠠᠰᠤᠷᠠᠯᠲᠠ ᠦᠭᠡᠢ ᠨᠡᠮᠡᠭᠳᠡᠬᠦ ᠬᠠᠨᠳᠤᠰᠢ ᠲᠠᠢ ᠪᠠᠶᠢᠨ᠎ᠠ᠃      ᠨᠢᠭᠲᠠ ᠣᠶᠢᠷᠠᠲᠤᠭᠰᠠᠳ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠴᠠᠭ ᠢ ︽14 + 7︾ ᠪᠠᠶᠢᠭᠰᠠᠨ ᠠᠴᠠ ︽7 + 3︾ ᠪᠣᠯᠭᠠᠨ ᠲᠣᠬᠢᠷᠠᠭᠤᠯᠪᠠ      ︽ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠤᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠥᠯ ︵ᠶᠢᠰᠦᠳᠦᠭᠡᠷ ᠬᠡᠪᠯᠡᠯ︶︾ ᠳᠤ ᠲᠦᠭᠰᠢᠭᠦᠷᠢᠲᠦ ᠬᠥᠮᠥᠰ ᠢ ᠲᠤᠰᠠᠭᠠᠷᠯᠠᠨ ᠬᠠᠮᠢᠶᠠᠷᠬᠤ ᠬᠤᠭᠤᠴᠠᠭ᠎ᠠ ᠪᠠ ᠠᠷᠭ᠎ᠠ ᠮᠠᠶ᠋ᠢᠭ ᠢ ᠰᠢᠯᠢᠳᠡᠭᠵᠢᠭᠦᠯᠦᠨ ᠲᠣᠬᠢᠷᠠᠭᠤᠯᠪᠠ᠃ ᠨᠢᠭᠲᠠ ᠣᠶᠢᠷᠠᠲᠤᠭᠰᠠᠳ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠢ ᠲᠤᠰᠠᠭᠠᠷᠯᠠᠵᠤ ᠬᠠᠮᠢᠶᠠᠷᠤᠨ ᠡᠵᠡᠮᠳᠡᠬᠦ ᠴᠠᠭ ᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 7 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠪᠠᠶᠢᠭᠰᠠᠨ ᠠᠴᠠ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 3 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠪᠣᠯᠭᠠᠨ ᠲᠣᠬᠢᠷᠠᠭᠤᠯᠪᠠ᠃ ᠪᠥᠭᠡᠮ ᠬᠦᠴᠢᠯ ᠤᠨ ᠪᠠᠶᠢᠴᠠᠭᠠᠯᠲᠠ ᠶᠢᠨ ᠠᠷᠭ᠎ᠠ ᠬᠡᠮᠵᠢᠶ᠎ᠡ ᠶᠢ ︽ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ ᠤ 1᠂ 4᠂ 7᠂ 14 ᠳ᠋ᠦ᠋ᠭᠡᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠬᠠᠮᠠᠷ ᠤᠨ ᠬᠥᠨᠳᠡᠢ ᠶᠢᠨ ᠵᠦᠯᠭᠦᠭᠦᠷ ᠴᠤᠭᠯᠠᠭᠤᠯᠬᠤ᠂ ᠲᠤᠰᠠᠭᠠᠷᠯᠠᠬᠤ ᠶᠢ ᠲᠠᠶᠢᠯᠬᠤ ᠠᠴᠠ ᠡᠮᠦᠨ᠎ᠡ ᠬᠤᠶᠠᠷ ᠤᠳᠠᠭ᠎ᠠ ᠦᠯᠢᠭᠡᠷ ᠠᠪᠴᠤ ᠬᠤᠶᠠᠷ ᠤᠳᠠᠭ᠎ᠠ ᠪᠠᠶᠢᠴᠠᠭᠠᠯᠲᠠ ᠬᠢᠬᠦ︾ ᠠᠴᠠ ︽ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠭᠰᠡᠨ ᠤ 1᠂ 2᠂ 3᠂ 5᠂ 7 ᠳ᠋ᠤᠭᠠᠷ ᠡᠳᠦᠷ ᠪᠠ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠭᠰᠡᠨ ᠤ 3 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ᠂ ᠠᠮᠠᠨ ᠬᠥᠨᠳᠡᠢ ᠶᠢᠨ ᠵᠦᠯᠭᠦᠭᠦᠷ ᠴᠤᠭᠯᠠᠭᠤᠯᠬᠤ︾ ᠪᠣᠯᠭᠠᠨ ᠲᠣᠬᠢᠷᠠᠭᠤᠯᠵᠤ᠂ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠶᠢ ᠲᠠᠶᠢᠯᠬᠤ ᠠᠴᠠ ᠡᠮᠦᠨ᠎ᠡ ᠳᠠᠭᠢᠵᠤ ᠬᠤᠶᠠᠷ ᠤᠳᠠᠭ᠎ᠠ ᠦᠯᠢᠭᠡᠷ ᠠᠪᠴᠤ ᠬᠤᠶᠠᠷ ᠤᠳᠠᠭ᠎ᠠ ᠪᠠᠶᠢᠴᠠᠭᠠᠯᠲᠠ ᠬᠢᠬᠦ ᠴᠢᠬᠤᠯᠠ ᠦᠭᠡᠢ᠃ ᠨᠢᠭᠲᠠ ᠣᠶᠢᠷᠠᠲᠤᠭᠰᠠᠳ ᠤᠨ ᠨᠢᠭᠲᠠ ᠣᠶᠢᠷᠠᠲᠤᠭᠰᠠᠳ ᠢ ᠭᠥᠯᠢᠶᠡᠨ ᠠᠪᠴᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠪᠠᠶᠢᠭᠰᠠᠨ ᠠᠴᠠ ︽7 ᠡᠳᠦᠷ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ︾ ᠪᠣᠯᠭᠠᠨ ᠲᠣᠬᠢᠷᠠᠭᠤᠯᠵᠤ᠂ 1᠂ 4᠂ 7 ᠳ᠋ᠤᠭᠠᠷ ᠡᠳᠦᠷ ᠲᠤ ᠪᠥᠭᠡᠮ ᠬᠦᠴᠢᠯ ᠤᠨ ᠪᠠᠶᠢᠴᠠᠭᠠᠯᠲᠠ ᠬᠢᠬᠦ ᠪᠠᠷ ᠲᠣᠭᠲᠠᠭᠠᠪᠠ᠃      ᠪᠢᠲᠡᠭᠦᠮᠵᠢᠯᠡᠨ ᠬᠠᠮᠢᠶᠠᠷᠴᠤ ᠡᠵᠡᠮᠳᠡᠬᠦ ᠣᠷᠣᠨ ᠪᠠ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠵᠦ᠂ ᠥᠨᠳᠥᠷ ᠳᠤᠮᠳᠠ ᠪᠠ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠢ ᠳᠣᠣᠷᠠᠬᠢ ᠮᠡᠲᠦ ᠵᠠᠭᠠᠭᠯᠠᠨ ᠲᠣᠭᠲᠠᠭᠠᠬᠤ ᠪᠠ ᠰᠡᠷᠭᠡᠶᠢᠯᠡᠨ ᠡᠵᠡᠮᠳᠡᠨ᠎ᠡ      ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠪᠢᠲᠡᠭᠦᠮᠵᠢᠯᠡᠨ ᠬᠠᠮᠢᠶᠠᠷᠴᠤ ᠡᠵᠡᠮᠳᠡᠬᠦ ᠣᠷᠣᠨ ᠪᠠ ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠶᠢ ᠨᠢᠭᠡᠳᠬᠡᠪᠡ᠃ ᠥᠩᠭᠡᠷᠡᠭᠰᠡᠨ ᠳᠤ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠬᠤᠶᠠᠷ ᠲᠥᠷᠥᠯ ᠤᠨ ᠪᠠᠷᠢᠮᠵᠢᠶ᠎ᠠ ᠪᠠᠶᠢᠵᠠᠢ᠂ ᠨᠢᠭᠡ ᠲᠥᠷᠥᠯ ᠨᠢ ᠥᠨᠳᠥᠷ᠂ ᠳᠤᠮᠳᠠ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ᠂ ᠨᠥᠭᠦᠭᠡ ᠲᠥᠷᠥᠯ ᠨᠢ ᠪᠢᠲᠡᠭᠦᠮᠵᠢᠯᠡᠨ ᠡᠵᠡᠮᠳᠡᠬᠦ ᠣᠷᠣᠨ᠂ ᠬᠠᠮᠢᠶᠠᠷᠤᠨ ᠡᠵᠡᠮᠳᠡᠬᠦ ᠣᠷᠣᠨ᠂ ᠰᠡᠷᠭᠡᠶᠢᠯᠡᠨ ᠡᠵᠡᠮᠳᠡᠬᠦ ᠣᠷᠣᠨ ᠢ ᠵᠠᠭᠠᠭᠯᠠᠨ ᠲᠣᠭᠲᠠᠭᠠᠬᠤ ᠪᠠᠷᠢᠮᠵᠢᠶ᠎ᠠ ᠪᠣᠯᠣᠨ᠎ᠠ᠃ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ ᠲᠦᠭᠰᠢᠭᠦᠷᠢᠲᠦ ᠣᠷᠣᠨ ᠪᠦᠰᠡ ᠶᠢ ᠵᠠᠭᠠᠭᠯᠠᠨ ᠲᠣᠭᠲᠠᠭᠠᠬᠤ ᠬᠤᠶᠠᠷ ᠲᠥᠷᠥᠯ ᠤᠨ ᠪᠠᠷᠢᠮᠵᠢᠶ᠎ᠠ ᠪᠠ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠵᠣᠯᠭᠠᠯᠴᠠᠭᠤᠯᠤᠨ ᠵᠣᠬᠢᠴᠠᠯᠳᠤᠭᠤᠯᠵᠤ᠂ ᠥᠨᠳᠥᠷ ᠳᠤᠮᠳᠠ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠤᠬᠠᠭᠳᠠᠬᠤᠨ ᠢ ᠡᠮᠬᠢᠯᠡᠨ ᠨᠡᠶᠢᠯᠡᠭᠦᠯᠵᠦ ᠨᠢᠭᠡᠳᠦᠯᠲᠡᠢ ᠬᠡᠷᠡᠭᠯᠡᠨ᠂ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠪᠠ ᠬᠠᠮᠢᠶᠠᠷᠤᠨ ᠡᠵᠡᠮᠳᠡᠬᠦ ᠰᠢᠨ᠎ᠡ ᠲᠥᠰᠥᠯ ᠢ ᠪᠣᠶ ᠪᠣᠯᠭᠠᠪᠠ᠃      ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠭᠡᠳᠡᠭ ᠨᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠣᠷᠣᠰᠢᠨ ᠰᠠᠭᠤᠭ᠎ᠠ ᠭᠠᠵᠠᠷ ᠵᠢᠴᠢ ᠠᠵᠢᠯᠯᠠᠭ᠎ᠠ ᠨᠢ ᠣᠯᠠᠨ ᠪᠥᠭᠡᠳ ᠬᠢᠵᠢᠭ ᠤᠨ ᠪᠠᠶᠢᠳᠠᠯ ᠤᠨ ᠬᠠᠯᠳᠠᠪᠤᠷᠢᠯᠠᠬᠤ ᠲᠦᠭᠰᠢᠭᠦᠷᠢ ᠨᠢ ᠨᠡᠯᠢᠶᠡᠳ ᠥᠨᠳᠥᠷ ᠠᠵᠢᠯᠯᠠᠬᠤ ᠭᠠᠵᠠᠷ᠂ ᠠᠵᠢᠯᠯᠠᠭ᠎ᠠ ᠬᠢᠭᠰᠡᠨ ᠭᠠᠵᠠᠷ ᠵᠡᠷᠭᠡ ᠣᠷᠣᠨ ᠪᠦᠰᠡ ᠶᠢ ᠵᠢᠭᠠᠵᠤ ᠪᠣᠶ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠵᠠᠷᠴᠢᠮ ᠳᠡᠭᠡᠷ᠎ᠡ ᠪᠠᠨ ᠣᠷᠣᠰᠢᠨ ᠰᠠᠭᠤᠵᠤ ᠪᠠᠶᠢᠭ᠎ᠠ ᠰᠠᠭᠤᠭᠠᠯᠢ ᠠᠷᠠᠳ ᠤᠨ ᠲᠣᠭᠤᠷᠢᠭ ᠪᠤᠶᠤ ᠲᠣᠰᠬᠤᠨ ᠢᠶᠠᠷ ᠨᠢᠭᠡᠴᠢ ᠪᠣᠯᠭᠠᠨ ᠬᠤᠪᠢᠶᠠᠷᠢᠯᠠᠨ ᠲᠣᠭᠲᠠᠭᠠᠵᠤ᠂ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠰᠤᠳᠤᠯᠤᠨ ᠮᠠᠭᠠᠳᠯᠠᠵᠤ᠂ ᠲᠦᠭᠰᠢᠭᠦᠷᠢᠲᠦ ᠣᠷᠣᠨ ᠪᠦᠰᠡ ᠶᠢᠨ ᠬᠡᠪᠴᠢᠶ᠎ᠡ ᠳᠤ ᠲᠣᠬᠢᠷᠠᠭᠤᠯᠤᠯᠲᠠ ᠬᠢᠵᠦ ᠪᠣᠯᠣᠨ᠎ᠠ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠭᠡᠷ ᠠᠴᠠ ᠪᠠᠨ ᠭᠠᠷᠬᠤ ᠦᠭᠡᠢ᠂ ᠭᠡᠷ ᠲᠤ ᠨᠢ ᠬᠦᠷᠴᠦ ᠦᠢᠯᠡᠴᠢᠯᠡᠭᠡ ᠬᠠᠩᠭᠠᠬᠤ︾ ᠪᠢᠲᠡᠭᠦᠮᠵᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠳᠤ ᠵᠠᠯᠭᠠᠭ᠎ᠠ ᠪᠠᠷ 7 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠴᠢ ᠢᠯᠡᠷᠡᠭᠰᠡᠨ ᠦᠭᠡᠢ ᠪᠣᠯ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠪᠣᠯᠭᠠᠨ ᠲᠣᠬᠢᠷᠠᠭᠤᠯᠵᠤ ᠪᠣᠯᠣᠨ᠎ᠠ᠂ ᠡᠭᠦᠨ ᠤ ᠳᠠᠷᠠᠭ᠎ᠠ ᠬᠡᠷᠪᠡ ᠵᠠᠯᠭᠠᠭ᠎ᠠ ᠪᠠᠷ 3 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠴᠢ ᠢᠯᠡᠷᠡᠭᠰᠡᠨ ᠦᠭᠡᠢ ᠪᠣᠯ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠪᠣᠯᠭᠠᠨ ᠲᠣᠬᠢᠷᠠᠭᠤᠯᠵᠤ ᠪᠣᠯᠣᠨ᠎ᠠ᠃ ᠣᠷᠣᠨ ᠪᠦᠰᠡ ᠠᠯᠤᠰᠯᠠᠨ ᠭᠠᠳᠠᠭᠰᠢ ᠬᠠᠯᠳᠠᠪᠤᠷᠢᠯᠠᠭᠰᠠᠨ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠲᠤ 7 ᠡᠳᠦᠷ ᠤᠨ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃ ᠲᠥᠪᠯᠡᠷᠡᠭᠦᠯᠦᠨ ᠲᠤᠰᠠᠭᠠᠷᠯᠠᠭᠰᠠᠨ 1᠂ 2᠂ 3᠂ 5᠂ 7 ᠳ᠋ᠤᠭᠠᠷ ᠡᠳᠦᠷ ᠲᠤ ᠲᠣᠰ ᠲᠤᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃      ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠭᠡᠳᠡᠭ ᠨᠢ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠵᠣᠬᠢᠬᠤ ᠬᠤᠭᠤᠴᠠᠭ᠎ᠠ ᠪᠠᠷ ᠪᠠᠶᠢᠭᠰᠠᠨ ᠪᠠ ᠠᠵᠢᠯᠯᠠᠭ᠎ᠠ ᠬᠢᠭᠰᠡᠨ ᠭᠠᠵᠠᠷ ᠮᠥᠷᠲᠡᠭᠡᠨ ᠬᠢᠵᠢᠭ ᠤᠨ ᠪᠠᠶᠢᠳᠠᠯ ᠲᠠᠷᠬᠠᠵᠤ ᠮᠡᠳᠡᠬᠦ ᠲᠦᠭᠰᠢᠭᠦᠷᠢ ᠲᠠᠢ ᠠᠵᠢᠯᠯᠠᠬᠤ ᠭᠠᠵᠠᠷ ᠪᠠ ᠠᠵᠢᠯᠯᠠᠭ᠎ᠠ ᠬᠢᠭᠰᠡᠨ ᠭᠠᠵᠠᠷ ᠵᠡᠷᠭᠡ ᠣᠷᠣᠨ ᠪᠦᠰᠡ ᠶᠢ ᠵᠢᠭᠠᠵᠤ ᠪᠠᠶᠢᠨ᠎ᠠ᠃ ᠲᠦᠭᠰᠢᠭᠦᠷᠢᠲᠦ ᠭᠠᠵᠠᠷ ᠣᠷᠣᠨ ᠢ ᠵᠠᠭᠠᠭᠯᠠᠨ ᠲᠣᠭᠲᠠᠭᠠᠬᠤ ᠬᠡᠪᠴᠢᠶ᠎ᠡ ᠶᠢ ᠲᠠᠬᠤᠯ ᠡᠪᠡᠳᠴᠢᠨ ᠤ ᠰᠤᠳᠤᠯᠤᠯ ᠤᠨ ᠪᠠᠶᠢᠴᠠᠭᠠᠯᠲᠠ ᠶᠢᠨ ᠦᠷ᠎ᠡ ᠳ᠋ᠦᠩ ᠢ ᠦᠨᠳᠦᠰᠦᠯᠡᠨ ᠵᠠᠭᠠᠭᠯᠠᠨ ᠲᠣᠭᠲᠠᠭᠠᠨ᠎ᠠ᠃ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠬᠥᠮᠥᠨ ᠨᠢ ᠲᠣᠭᠤᠷᠢᠭ ᠠᠴᠠ ᠪᠠᠨ ᠭᠠᠷᠬᠤ ᠦᠭᠡᠢ᠂ ᠣᠷᠭᠢᠯ ᠦᠶ᠎ᠡ ᠠᠴᠠ ᠵᠠᠶᠢᠯᠠᠵᠤ ᠡᠳ᠋ ᠪᠣᠳᠠᠰ ᠠᠪᠬᠤ︾ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠬᠡᠷᠪᠡ ᠵᠠᠯᠭᠠᠭ᠎ᠠ ᠪᠠᠷ 7 ᠡᠳᠦᠷ ᠰᠢᠨ᠎ᠡ ᠪᠠᠷ ᠨᠡᠮᠡᠭᠳᠡᠭᠰᠡᠨ ᠬᠠᠯᠳᠠᠪᠤᠷᠢᠯᠠᠭᠳᠠᠭᠴᠢ ᠦᠭᠡᠢ ᠪᠠᠶᠢᠪᠠᠯ᠂ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠪᠣᠯᠭᠠᠨ ᠲᠣᠬᠢᠷᠠᠭᠤᠯᠵᠤ ᠪᠣᠯᠣᠨ᠎ᠠ᠃ ᠣᠷᠣᠨ ᠪᠦᠰᠡ ᠠᠯᠤᠰᠯᠠᠨ ᠭᠠᠳᠠᠭᠰᠢ ᠬᠠᠯᠳᠠᠪᠤᠷᠢᠯᠠᠭᠰᠠᠨ ᠳᠤᠮᠳᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠲᠤ 7 ᠡᠳᠦᠷ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠵᠦ᠂ ᠭᠡᠷ ᠲᠤ ᠪᠠᠨ ᠰᠠᠭᠤᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ ᠬᠤᠭᠤᠴᠠᠭᠠᠨ ᠤ 1᠂ 4᠂ 7 ᠳ᠋ᠤᠭᠠᠷ ᠡᠳᠦᠷ ᠲᠤ ᠲᠣᠰ ᠲᠣᠰ ᠨᠢᠭᠡ ᠤᠳᠠᠭᠠᠨ ᠤ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠬᠡᠷᠪᠡ ᠭᠡᠷ ᠲᠤ ᠪᠠᠨ ᠰᠠᠭᠤᠵᠤ ᠲᠤᠰᠠᠭᠠᠷᠯᠠᠬᠤ ᠨᠥᠬᠦᠴᠡᠯ ᠢ ᠪᠦᠷᠢᠯᠳᠦᠭᠦᠯᠦᠭᠰᠡᠨ ᠦᠭᠡᠢ ᠪᠠᠶᠢᠪᠠᠯ᠂ ᠲᠥᠪᠯᠡᠷᠡᠭᠦᠯᠦᠨ ᠲᠤᠰᠠᠭᠠᠷᠯᠠᠬᠤ ᠠᠨᠠᠭᠠᠬᠤ ᠤᠬᠠᠭᠠᠨ ᠤ ᠠᠵᠢᠭᠯᠠᠯᠲᠠ ᠬᠢᠨ᠎ᠡ᠃      ᠳᠤᠮᠳᠠ᠂ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠤ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠤᠰᠤᠳ ᠭᠠᠵᠠᠷ ᠣᠷᠣᠨ ᠢ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠢᠶᠠᠷ ᠬᠤᠪᠢᠶᠠᠷᠢᠯᠠᠨ ᠲᠣᠭᠲᠠᠭᠠᠨ᠎ᠠ᠃ ᠬᠢᠵᠢᠭ ᠤᠨ ᠪᠠᠶᠢᠳᠠᠯ ᠭᠠᠷᠤᠭᠰᠠᠨ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠣᠶ ᠪᠦᠬᠦᠢ ᠳᠤᠮᠳᠠ ᠥᠨᠳᠥᠷ ᠳᠡᠰ ᠤᠨ ᠲᠦᠭᠰᠢᠭᠦᠷᠢᠲᠦ ᠭᠠᠵᠠᠷ ᠣᠷᠣᠨ ᠢ ᠬᠦᠴᠦᠨ ᠦᠭᠡᠢ ᠪᠣᠯᠭᠠᠭᠰᠠᠨ ᠤ ᠳᠠᠷᠠᠭ᠎ᠠ᠂ ᠪᠠᠶᠢᠭ᠎ᠠ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠪᠥᠬᠦ ᠬᠡᠪᠴᠢᠶᠡᠨ ᠳᠤ ᠪᠠᠶᠢᠩᠭᠤ ᠶᠢᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠠᠪᠤᠨ᠎ᠠ᠃ ᠬᠢᠵᠢᠭ ᠤᠨ ᠪᠠᠶᠢᠳᠠᠯ ᠢ ᠰᠢᠢᠳᠪᠦᠷᠢᠯᠡᠬᠦ ᠶᠠᠪᠤᠴᠠ ᠳᠤ᠂ ᠬᠡᠷᠪᠡ ᠣᠨᠴᠠ ᠵᠠᠷᠢᠮ ᠡᠪᠡᠳᠴᠢᠨ ᠤ ᠵᠢᠱᠢᠶ᠎ᠡ ᠪᠠ ᠡᠪᠡᠳᠴᠢᠨ ᠤ ᠢᠯᠡᠷᠡᠯ ᠦᠭᠡᠢ ᠬᠠᠯᠳᠠᠪᠤᠷᠢᠯᠠᠭᠰᠠᠳ ᠤᠨ ᠣᠷᠣᠰᠢᠨ ᠰᠠᠭᠤᠭ᠎ᠠ ᠭᠠᠵᠠᠷ᠂ ᠠᠵᠢᠯᠯᠠᠵᠤ ᠪᠠᠶᠢᠭ᠎ᠠ ᠭᠠᠵᠠᠷ᠂ ᠠᠵᠢᠯᠯᠠᠭ᠎ᠠ ᠬᠢᠭᠰᠡᠨ ᠣᠷᠣᠨ ᠪᠦᠰᠡ ᠳᠠᠬᠢ ᠬᠠᠯᠳᠠᠪᠤᠷᠢᠯᠠᠬᠤ ᠲᠦᠭᠰᠢᠭᠦᠷᠢ ᠨᠢ ᠨᠡᠯᠢᠶᠡᠳ ᠳᠣᠣᠷ᠎ᠠ᠂ ᠨᠢᠭᠲᠠ ᠣᠶᠢᠷᠠᠲᠤᠭᠰᠠᠳ ᠢ ᠨᠢ ᠨᠢᠭᠡᠨᠲᠡ ᠴᠠᠭ ᠲᠤᠬᠠᠢ ᠳᠤ ᠨᠢ ᠬᠠᠮᠢᠶᠠᠷᠤᠨ ᠡᠵᠡᠮᠳᠡᠵᠦ᠂ ᠰᠤᠳᠤᠯᠤᠨ ᠮᠠᠭᠠᠳᠯᠠᠬᠤ ᠪᠠᠷ ᠳᠡᠮᠵᠢᠨ᠂ ᠨᠡᠶᠢᠭᠡᠮ ᠲᠣᠭᠤᠷᠢᠭ ᠤᠨ ᠬᠠᠯᠳᠠᠪᠤᠷᠢᠯᠠᠬᠤ ᠠᠶᠤᠯ ᠲᠦᠭᠰᠢᠭᠦᠷᠢ ᠦᠭᠡᠢ ᠪᠠᠶᠢᠪᠠᠯ᠂ ᠲᠦᠭᠰᠢᠭᠦᠷᠢᠲᠦ ᠣᠷᠣᠨ ᠪᠦᠰᠡ ᠪᠠᠷ ᠵᠠᠭᠠᠭᠯᠠᠨ ᠲᠣᠭᠲᠠᠭᠠᠬᠤ ᠦᠭᠡᠢ ᠪᠠᠶᠢᠵᠤ ᠪᠣᠯᠣᠨ᠎ᠠ᠃      ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠣᠷᠣᠨ ᠪᠦᠰᠡ ᠠᠯᠤᠰᠯᠠᠨ ᠭᠠᠳᠠᠭᠰᠢ ᠭᠠᠷᠬᠤ ᠳᠤ ᠲᠤᠰᠠᠭᠠᠷᠯᠠᠬᠤ ᠴᠢᠬᠤᠯᠠ ᠦᠭᠡᠢ      ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠳᠤ ︽ᠬᠤᠪᠢ ᠬᠥᠮᠥᠨ ᠰᠡᠷᠭᠡᠶᠢᠯᠡᠨ ᠬᠠᠮᠠᠭᠠᠯᠠᠬᠤ᠂ ᠴᠤᠭᠯᠠᠷᠠᠬᠤ ᠠᠴᠠ ᠵᠠᠶᠢᠯᠠᠰᠬᠢᠬᠦ︾ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠠᠪᠤᠨ᠎ᠠ᠃ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠬᠡᠷᠪᠡ ᠪᠠᠶᠢᠭ᠎ᠠ ᠭᠠᠵᠠᠷ ᠣᠷᠣᠨ ᠪᠤᠶᠤ ᠬᠤᠲᠠ ᠠᠴᠠ ᠪᠠᠨ ᠰᠠᠯᠪᠠᠯ᠂ 48 ᠴᠠᠭ ᠤᠨ ᠳᠣᠲᠣᠷᠠᠬᠢ ᠪᠥᠭᠡᠮ ᠬᠦᠴᠢᠯ ᠤᠨ ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠠᠨ ᠠᠪᠴᠤ ᠶᠠᠪᠤᠬᠤ ᠬᠡᠷᠡᠭᠲᠡᠢ᠃ ᠣᠷᠣᠨ ᠪᠦᠰᠡ ᠠᠯᠤᠰᠯᠠᠨ ᠭᠠᠳᠠᠭᠰᠢ ᠭᠠᠷᠤᠭᠰᠠᠨ ᠳᠣᠣᠷ᠎ᠠ ᠳᠡᠰ ᠤᠨ ᠲᠦᠭᠰᠢᠭᠦᠷᠢᠲᠦ ᠭᠠᠵᠠᠷ ᠣᠷᠣᠨ ᠤ ᠬᠥᠮᠥᠰ ᠲᠤ ᠲᠤᠰᠠᠭᠠᠷᠯᠠᠵᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠬᠤ ᠴᠢᠬᠤᠯᠠ ᠦᠭᠡᠢ᠂ ᠭᠡᠪᠡᠴᠦ 3 ᠡᠳᠦᠷ ᠤᠨ ᠳᠣᠲᠣᠷ᠎ᠠ ᠬᠤᠶᠠᠷ ᠤᠳᠠᠭ᠎ᠠ ᠶᠢᠨ ᠪᠥᠭᠡᠮ ᠬᠦᠴᠢᠯ ᠤᠨ ᠪᠠᠶᠢᠴᠠᠭᠠᠯᠲᠠ ᠬᠢᠬᠦ ᠶᠢᠨ ᠬᠠᠮᠲᠤ ᠬᠤᠪᠢ ᠬᠥᠮᠥᠨ ᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠶᠢ ᠰᠠᠶᠢᠲᠤᠷ ᠬᠢᠬᠦ ᠶᠢ ᠱᠠᠭᠠᠷᠳᠠᠨ᠎ᠠ᠃      ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠪᠠ ᠨᠢᠭᠲᠠ ᠣᠶᠢᠷᠠᠲᠤᠭᠰᠠᠳ ᠤᠨ ᠲᠤᠰᠠᠭᠠᠷᠯᠠᠬᠤ ᠬᠤᠭᠤᠴᠠᠭ᠎ᠠ ᠶᠢ ᠪᠣᠭᠤᠨᠢᠰᠬᠠᠵᠤ ᠪᠠᠶᠢᠭ᠎ᠠ ᠨᠢ ᠰᠡᠷᠭᠡᠶᠢᠯᠡᠨ ᠡᠵᠡᠮᠳᠡᠬᠦ ᠶᠢ ᠰᠤᠯᠠᠷᠠᠭᠤᠯᠵᠤ ᠪᠠᠶᠢᠭ᠎ᠠ ᠶᠠᠪᠤᠳᠠᠯ ᠣᠭᠲᠣ ᠪᠢᠰᠢ      ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠳᠤ᠂ ᠨᠢᠭᠲᠠ ᠣᠶᠢᠷᠠᠲᠤᠭᠰᠠᠳ ᠪᠠ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠤᠨ ᠲᠤᠰᠠᠭᠠᠷᠯᠠᠬᠤ ᠬᠤᠭᠤᠴᠠᠭ᠎ᠠ ᠶᠢ ︽14 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 7 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠠᠴᠠ ︽7 ᠡᠳᠦᠷ ᠲᠥᠪᠯᠡᠷᠡᠭᠦᠯᠦᠨ ᠲᠤᠰᠠᠭᠠᠷᠯᠠᠵᠤ ᠠᠨᠠᠭᠠᠬᠤ ᠤᠬᠠᠭᠠᠨ ᠤ ᠠᠵᠢᠭᠯᠠᠯᠲᠠ ᠬᠢᠬᠦ + 3 ᠡᠳᠦᠷ ᠭᠡᠷ ᠲᠤ ᠪᠠᠨ ᠰᠠᠭᠤᠵᠤ ᠡᠷᠡᠭᠦᠯ ᠮᠡᠨᠳᠦ ᠶᠢᠨ ᠬᠢᠨᠠᠨ ᠰᠢᠨᠵᠢᠯᠡᠯᠲᠡ ᠬᠢᠬᠦ︾ ᠪᠣᠯᠭᠠᠨ ᠲᠣᠬᠢᠷᠠᠭᠤᠯᠤᠭᠰᠠᠨ ᠨᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ︽ᠠᠭᠤᠵᠢᠭᠤ︾ ᠪᠣᠯᠭᠠᠭᠰᠠᠨ ᠢ ᠬᠠᠷᠠᠭᠤᠯᠵᠤ ᠪᠠᠶᠢᠭ᠎ᠠ ᠪᠢᠰᠢ᠃ ᠡᠨᠡ ᠨᠢ ᠤᠮᠢᠺᠧᠷᠤᠨ ᠤ ᠣᠨᠳᠣᠣᠰᠢᠭᠰᠠᠨ ᠸᠢᠷᠦ᠋ᠰ ᠤᠨ ᠲᠠᠷᠬᠠᠭᠠᠬᠤ ᠣᠨᠴᠠᠯᠢᠭ ᠢ ᠦᠨᠳᠦᠰᠦᠯᠡᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠰᠢᠯᠢᠳᠡᠭᠵᠢᠭᠦᠯᠦᠭᠰᠡᠨ ᠠᠴᠠ ᠪᠢᠰᠢ᠂ ᠰᠡᠷᠭᠡᠶᠢᠯᠡᠨ ᠡᠵᠡᠮᠳᠡᠬᠦ ᠡᠷᠴᠢᠮ ᠢ ᠰᠤᠯᠠᠷᠠᠭᠤᠯᠵᠤ ᠪᠠᠶᠢᠭ᠎ᠠ ᠶᠠᠪᠤᠳᠠᠯ ᠣᠭᠲᠣ ᠪᠢᠰᠢ᠂ ᠬᠢᠵᠢᠭ ᠤᠨ ᠬᠠᠯᠳᠠᠪᠤᠷᠢᠯᠠᠬᠤ ᠲᠦᠭᠰᠢᠭᠦᠷᠢ ᠶᠢ ᠨᠡᠮᠡᠭᠳᠡᠭᠦᠯᠬᠦ ᠦᠭᠡᠢ᠂ ᠤᠯᠠᠮ ᠨᠠᠷᠢᠯᠢᠭ ᠣᠨᠣᠴᠠᠲᠠᠢ ᠪᠠᠷ ᠰᠡᠷᠭᠡᠶᠢᠯᠡᠨ ᠡᠵᠡᠮᠳᠡᠬᠦ ᠶᠢᠨ ᠢᠯᠡᠷᠡᠯ ᠮᠥᠨ᠃ ᠡᠭᠦᠨ ᠳᠤ ᠱᠠᠭᠠᠷᠳᠠᠯᠭ᠎ᠠ ᠨᠢ ᠨᠠᠩ ᠥᠨᠳᠥᠷ ᠪᠣᠯᠵᠤ᠂ ᠨᠠᠩ ᠵᠢᠷᠤᠮᠵᠢᠭᠤᠨ᠂ ᠨᠠᠩ ᠣᠨᠣᠪᠴᠢᠲᠠᠶ᠂ ᠨᠠᠩ ᠲᠦᠷᠭᠡᠨ ᠪᠠᠶᠢᠬᠤ ᠶᠢ ᠱᠠᠭᠠᠷᠳᠠᠵᠤ ᠪᠤᠢ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢᠨ ᠵᠠᠩᠭᠢᠯᠠᠭ᠎ᠠ ᠨᠢ ᠬᠠᠮᠢᠶᠠᠷᠬᠤ ᠴᠢᠬᠤᠯᠠ ᠲᠠᠢ ᠭᠤᠣᠯᠳᠠᠯᠭ᠎ᠠ ᠲᠠᠢ ᠲᠦᠭᠰᠢᠭᠦᠷᠢ ᠶᠢ ᠰᠠᠶᠢᠲᠤᠷ ᠬᠠᠮᠢᠶᠠᠷᠴᠤ᠂ ᠨᠠᠶᠢᠳᠠᠪᠤᠷᠢᠵᠢᠭᠤᠯᠬᠤ ᠴᠢᠬᠤᠯᠠᠲᠠᠢ ᠶᠢ ᠨᠢ ᠪᠣᠳᠠᠲᠠᠢ ᠳᠤ ᠨᠠᠶᠢᠳᠠᠪᠤᠷᠢᠵᠢᠭᠤᠯᠵᠤ᠂ ᠬᠦᠴᠦᠨ ᠦᠭᠡᠢ ᠪᠣᠯᠭᠠᠬᠤ ᠴᠢᠬᠤᠯᠠᠲᠠᠢ ᠶᠢ ᠨᠢ ᠡᠷᠡᠰ ᠬᠦᠴᠦᠨ ᠦᠭᠡᠢ ᠪᠣᠯᠭᠠᠬᠤ ᠶᠠᠪᠤᠳᠠᠯ ᠪᠣᠯᠣᠨ᠎ᠠ᠃ ︽ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠲᠠᠬᠢᠨ ᠥᠷᠪᠢᠰᠬᠦ ᠶᠢ ᠰᠡᠷᠭᠡᠶᠢᠯᠡᠬᠦ︾ ᠶᠡᠷᠦᠩᠬᠡᠢ ᠠᠷᠭ᠎ᠠ ᠪᠣᠳᠣᠯᠭ᠎ᠠ ᠪᠠ ︽ᠬᠥᠳᠡᠯᠦᠩᠭᠦᠢ ᠪᠠᠷ ᠲᠡᠭ ᠪᠣᠯᠭᠠᠬᠤ︾ ᠶᠡᠷᠦᠩᠬᠡᠢ ᠴᠢᠭᠯᠡᠯᠲᠡ ᠶᠢ ᠭᠤᠶᠢᠪᠢᠰᠢ ᠦᠭᠡᠢ ᠪᠠᠷᠢᠮᠲᠠᠯᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠢᠨᠵᠢᠯᠡᠬᠦ ᠤᠬᠠᠭᠠᠨᠴᠢ ᠴᠢᠨᠠᠷ᠂ ᠨᠠᠷᠢᠯᠢᠭ ᠣᠨᠣᠪᠴᠢᠲᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠡᠬᠢ ᠪᠠᠶᠠᠯᠢᠭ ᠢ ᠭᠦᠢᠴᠡᠳ ᠠᠰᠢᠭᠯᠠᠨ᠂ ᠰᠡᠷᠭᠡᠶᠢᠯᠡᠨ ᠡᠵᠡᠮᠳᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠵᠦ ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠯᠡᠨ᠎ᠡ᠃ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ ᠠᠵᠢᠯᠯᠠᠬᠤ ᠳᠤᠭᠤᠶᠢᠯᠠᠩ ᠲᠣᠮᠢᠯᠠᠵᠤ᠂ ᠣᠷᠣᠨ ᠨᠤᠲᠤᠭ ᠤᠨ ᠨᠠᠶᠢᠳᠠᠪᠤᠷᠢᠵᠢᠭᠤᠯᠤᠭᠰᠠᠨ ᠪᠠᠶᠢᠳᠠᠯ ᠢ ᠬᠢᠨᠠᠨ ᠵᠢᠯᠣᠭᠤᠳᠬᠤ ᠪᠠᠷ ᠪᠤᠢ᠃      ᠣᠳᠣᠬᠠᠨ ᠳᠤ᠂ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠤᠨ ᠪᠥᠬᠦ ᠠᠭᠤᠯᠭ᠎ᠠ ᠳᠤ ᠲᠠᠶᠢᠯᠤᠮᠵᠢ ᠬᠢᠭᠰᠡᠨ ᠪᠢᠴᠢᠭ ᠮᠠᠲ᠋ᠧᠷᠢᠶᠠᠯ ᠢ ᠨᠢᠭᠡᠨᠲᠡ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ ᠳᠤ ᠲᠠᠯᠪᠢᠵᠤ᠂ ᠠᠷᠠᠳ ᠣᠯᠠᠨ ᠤ ᠪᠠᠭᠤᠯᠭᠠᠨ ᠠᠪᠴᠤ ᠪᠠᠶᠢᠴᠠᠭᠠᠨ ᠦᠵᠡᠬᠦ ᠳᠤ ᠪᠡᠯᠡᠬᠡᠨ ᠪᠣᠯᠭᠠᠪᠠ᠃      ᠣᠳᠣᠬᠠᠨ ᠤ ᠡᠨᠡ ᠬᠦ ᠬᠤᠭᠤᠴᠠᠭᠠᠨ ᠳᠤ ᠰᠢᠨ᠎ᠡ ᠬᠡᠯᠪᠡᠷᠢ ᠶᠢᠨ ᠰᠡᠷᠭᠡᠶᠢᠯᠡᠨ ᠡᠵᠡᠮᠳᠡᠬᠦ ᠲᠥᠰᠥᠯ ᠢ ᠨᠡᠶᠢᠲᠡᠯᠡᠭᠰᠡᠨ  ᠨᠢ ᠭᠤᠷᠪᠠᠨ ᠲᠠᠯ᠎ᠠ ᠠᠴᠠ ᠪᠣᠳᠣᠯᠬᠢᠯᠠᠪᠠ      ᠨᠢᠭᠡ ᠳᠤ᠂ ᠬᠢᠵᠢᠭ ᠤᠨ ᠪᠠᠶᠢᠳᠠᠯ ᠤᠨ ᠬᠤᠪᠢᠷᠠᠯᠲᠠ᠃ ᠣᠳᠣᠬᠠᠨ ᠳᠤ᠂ ᠰᠢᠨ᠎ᠡ ᠲᠢᠲᠢᠮᠯᠢᠭ ᠠᠭᠤᠰᠬᠢᠨ ᠥᠷᠪᠢᠰᠦᠯ ᠤᠨ ᠬᠢᠵᠢᠭ ᠤᠨ ᠪᠠᠶᠢᠳᠠᠯ ᠮᠥᠨ ᠬᠦ ᠳᠡᠯᠡᠬᠡᠢ ᠶᠢᠨ ᠬᠡᠪᠴᠢᠶᠡᠨ ᠳᠤ ᠦᠷᠭᠦᠯᠵᠢᠯᠡᠨ ᠳᠡᠯᠭᠡᠷᠡᠵᠦ ᠪᠠᠶᠢᠨ᠎ᠠ᠃ ᠡᠨᠡ ᠵᠢᠯ ᠠᠴᠠ ᠨᠠᠭᠠᠰᠢ ᠪᠥᠬᠦ ᠤᠯᠤᠰ ᠤᠨ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠢᠯᠡᠳᠲᠡ ᠨᠡᠮᠡᠭᠳᠡᠵᠦ᠂ ᠬᠢᠵᠢᠭ ᠤᠨ ᠪᠠᠶᠢᠳᠠᠯ ᠤᠨ ᠬᠠᠮᠤᠷᠤᠭᠰᠠᠨ ᠭᠠᠵᠠᠷ ᠣᠷᠣᠨ ᠤ ᠬᠡᠪᠴᠢᠶ᠎ᠡ ᠨᠡᠯᠢᠶᠡᠳ ᠥᠷᠭᠡᠨ ᠪᠠᠶᠢᠵᠤ᠂ ᠢᠯᠠᠩᠭᠤᠶ᠎ᠠ ᠬᠥᠬᠡᠮᠥ᠋ᠷᠡᠨ ᠤ ᠭᠤᠷᠪᠠᠯᠵᠢᠨ ᠬᠤᠶᠢᠭ᠂ ᠵᠦᠵᠢᠶᠠᠩ ᠮᠥᠷᠡᠨ ᠤ ᠭᠤᠷᠪᠠᠯᠵᠢᠨ ᠬᠤᠶᠢᠭ ᠤᠨ ᠭᠠᠵᠠᠷ ᠣᠷᠣᠨ᠂ ᠪᠡᠭᠡᠵᠢᠩ ᠲᠢᠶᠠᠨᠵᠢᠨ ᠾᠧᠪᠧᠢ ᠪᠣᠯᠣᠨ ᠬᠢᠯᠢ ᠶᠢᠨ ᠪᠣᠭᠤᠮᠲᠠ ᠶᠢᠨ ᠬᠤᠲᠠ ᠵᠡᠷᠭᠡ ᠳᠤ ᠳᠠᠭᠠᠷᠢᠯᠲᠠ ᠪᠣᠯᠵᠤ᠂ ᠮᠠᠨ ᠤ ᠤᠯᠤᠰ ᠤᠨ ︽ᠭᠠᠳᠠᠭᠠᠳᠤ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ᠂ ᠳᠣᠲᠣᠭᠠᠳᠤ ᠳᠤ ᠪᠠᠨ ᠳᠠᠬᠢᠨ ᠥᠷᠪᠢᠰᠬᠦ ᠶᠢ ᠰᠡᠷᠭᠡᠶᠢᠯᠡᠬᠦ︾ ᠳᠠᠷᠤᠯᠲᠠ ᠲᠠᠰᠤᠷᠠᠯᠲᠠ ᠦᠭᠡᠢ ᠨᠡᠮᠡᠭᠳᠡᠵᠦ ᠂ ᠰᠡᠷᠭᠡᠶᠢᠯᠡᠨ ᠡᠵᠡᠮᠳᠡᠬᠦ ᠪᠠᠶᠢᠳᠠᠯ ᠨᠠᠩ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠣᠯᠵᠤ ᠪᠠᠶᠢᠨ᠎ᠠ᠃ ᠣᠶᠢᠷ᠎ᠠ ᠶᠢᠨ ᠨᠢᠭᠡ ᠰᠠᠷ᠎ᠠ ᠶᠢᠨ ᠲᠤᠷᠰᠢ᠂ ᠮᠠᠨ ᠤ ᠤᠯᠤᠰ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠡᠷᠦᠩᠬᠡᠢ ᠪᠠᠶᠢᠳᠠᠯ ᠲᠣᠭᠲᠠᠭᠤᠨ ᠤ ᠳᠤᠮᠳᠠ ᠰᠠᠶᠢᠵᠢᠷᠠᠵᠤ᠂ ᠠᠷᠭ᠎ᠠ ᠴᠢᠨᠠᠷᠲᠠᠢ ᠬᠠᠯᠳᠠᠪᠤᠷᠢᠯᠠᠭᠰᠠᠳ ᠤᠨ ᠲᠤᠭ᠎ᠠ ᠦᠷᠭᠦᠯᠵᠢᠯᠡᠨ ᠪᠠᠭᠠᠰᠴᠤ᠂ ᠬᠢᠵᠢᠭ ᠤᠨ ᠪᠠᠶᠢᠳᠠᠯ ᠲᠠᠢ ᠭᠠᠵᠠᠷ ᠣᠷᠣᠨ ᠤ ᠲᠤᠭ᠎ᠠ ᠴᠤ ᠴᠥᠬᠡᠷᠡᠵᠦ᠂ ᠰᠡᠷᠭᠡᠶᠢᠯᠡᠨ ᠡᠵᠡᠮᠳᠡᠬᠦ ᠲᠥᠰᠥᠯ ᠢ ᠰᠢᠯᠢᠳᠡᠭᠵᠢᠭᠦᠯᠦᠨ ᠲᠣᠬᠢᠷᠠᠭᠤᠯᠬᠤ ᠳᠤ ᠴᠣᠩᠬᠤᠪᠴᠢ ᠶᠢᠨ ᠬᠤᠭᠤᠴᠠᠭ᠎ᠠ ᠶᠢ ᠡᠭᠦᠳᠴᠦ ᠥᠭᠭᠦᠭᠰᠡᠨ ᠪᠠᠶᠢᠨ᠎ᠠ᠃      ᠬᠤᠶᠠᠷ ᠲᠤ᠂ ᠸᠢᠷᠦ᠋ᠰ ᠤᠨ ᠣᠨᠳᠣᠣᠰᠢᠯ ᠤᠨ ᠣᠨᠴᠠᠯᠢᠭ᠃ ᠣᠮᠢᠺᠷᠦᠨ ᠤ ᠣᠨᠳᠣᠣᠰᠢᠭᠰᠠᠨ ᠸᠢᠷᠦ᠋ᠰ ᠨᠢ ᠨᠢᠭᠡᠨᠲᠡ ᠮᠠᠨ ᠤ ᠤᠯᠤᠰ ᠤᠨ ᠬᠢᠯᠢ ᠶᠢᠨ ᠭᠠᠳᠠᠨ᠎ᠠ ᠠᠴᠠ ᠬᠠᠯᠳᠠᠪᠤᠷᠢᠯᠠᠭᠰᠠᠨ ᠪᠠ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠤᠨ ᠳᠠᠪᠠᠭᠤᠯᠢᠭ ᠸᠢᠷᠦ᠋ᠰ ᠪᠣᠯᠤᠭᠰᠠᠨ ᠪᠠᠶᠢᠨ᠎ᠠ᠃ ᠰᠤᠳᠤᠯᠭᠠᠨ ᠢᠶᠠᠷ ᠢᠯᠡᠷᠡᠭᠦᠯᠦᠭᠰᠡᠨ ᠨᠢ᠂ ᠣᠮᠢᠺᠷᠦᠨ ᠣᠨᠳᠣᠣᠰᠢᠭᠰᠠᠨ ᠸᠢᠷᠦ᠋ᠰ ᠤᠨ ᠳᠤᠮᠳᠠᠴᠢ ᠨᠢᠭᠤᠭᠳᠠᠮᠠᠯ ᠬᠤᠭᠤᠴᠠᠭ᠎ᠠ ᠨᠢ ᠪᠣᠭᠤᠨᠢ ᠪᠣᠯᠵᠤ᠂ ᠣᠯᠠᠩᠬᠢ ᠨᠢ 2 ︱ 4 ᠡᠳᠦᠷ ᠪᠠᠶᠢᠵᠤ᠂ ᠵᠣᠩᠬᠢᠯᠠᠬᠤ ᠬᠡᠰᠡᠭ ᠢ ᠨᠢ ᠴᠥᠮ 7 ᠡᠳᠦᠷ ᠤᠨ ᠳᠣᠲᠣᠷ᠎ᠠ ᠪᠠᠶᠢᠴᠠᠭᠠᠨ ᠭᠠᠷᠭᠠᠵᠤ ᠴᠢᠳᠠᠬᠤ ᠪᠣᠯᠵᠠᠢ᠃      ᠭᠤᠷᠪᠠ ᠳᠤ᠂ ᠡᠮᠦᠨᠡᠬᠢ ᠬᠤᠭᠤᠴᠠᠭᠠᠨ ᠤ ᠲᠤᠷᠰᠢᠯᠲᠠ ᠶᠢᠨ ᠴᠡᠭ ᠤᠨ ᠲᠤᠬᠠᠢ ᠰᠤᠳᠤᠯᠤᠯ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠳᠦᠰᠦᠯᠡᠨ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ 4 ︱ 5 ᠳ᠋ᠤᠭᠠᠷ ᠰᠠᠷ᠎ᠠ ᠶᠢᠨ ᠬᠤᠭᠤᠷᠣᠨᠳᠤ ᠳ᠋ᠠᠯᠢᠶᠠᠨ᠂ ᠰᠦᠵᠧᠦ᠂ ᠨᠢᠩᠪᠦ᠋ᠸᠧ᠂ ᠰᠢᠶᠠᠮᠧᠨ᠂ ᠴᠢᠩᠳᠣᠣ᠂ ᠭᠤᠸᠠᠩᠵᠧᠦ ᠪᠣᠯᠣᠨ ᠴᠧᠩᠳᠦ᠋ ᠵᠡᠷᠭᠡ 7 ᠬᠤᠲᠠ ᠳᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠯᠢᠳᠡᠭᠵᠢᠭᠦᠯᠬᠦ ᠲᠤᠷᠰᠢᠯᠲᠠ ᠶᠢᠨ ᠴᠡᠭ ᠤᠨ ᠰᠤᠳᠤᠯᠭᠠᠨ ᠤ ᠠᠵᠢᠯ ᠢ ᠨᠢᠭᠡ ᠰᠠᠷ᠎ᠠ ᠶᠢᠨ ᠬᠤᠭᠤᠴᠠᠭ᠎ᠠ ᠲᠠᠢ ᠥᠷᠨᠢᠭᠦᠯᠵᠦ᠂ ᠶᠡᠭᠡ ᠬᠡᠮᠵᠢᠶᠡᠨ ᠤ ᠰᠢᠨᠵᠢᠯᠡᠬᠦ ᠤᠬᠠᠭᠠᠨᠴᠢ ᠦᠨᠳᠦᠰᠦᠯᠡᠯ ᠢ ᠣᠯᠣᠭᠰᠠᠨ ᠪᠠᠶᠢᠨ᠎ᠠ᠃ ᠡᠭᠦᠨ ᠤ ᠵᠡᠷᠭᠡ ᠳᠤ᠂ ᠡᠯ᠎ᠡ ᠭᠠᠵᠠᠷ ᠤᠨ ᠰᠡᠷᠭᠡᠶᠢᠯᠡᠨ ᠡᠵᠡᠮᠳᠡᠬᠦ ᠠᠵᠢᠯ ᠤᠨ ᠦᠢᠯᠡᠳᠦᠯᠭᠡ᠂ ᠢᠯᠠᠩᠭᠤᠶ᠎ᠠ ᠱᠠᠩᠬᠠᠢ᠂ ᠭᠢᠷᠢᠨ ᠵᠡᠷᠭᠡ ᠭᠠᠵᠠᠷ ᠤᠨ ᠬᠢᠵᠢᠭ ᠤᠨ ᠪᠠᠶᠢᠳᠠᠯ ᠢ ᠶᠡᠭᠡ ᠬᠡᠪᠴᠢᠶ᠎ᠡ ᠪᠠᠷ ᠰᠢᠢᠳᠪᠦᠷᠢᠯᠡᠭᠰᠡᠨ ᠲᠤᠷᠰᠢᠯᠭ᠎ᠠ ᠰᠤᠷᠭᠠᠮᠵᠢ ᠲᠠᠢ ᠤᠶᠠᠯᠳᠤᠭᠤᠯᠤᠨ᠂ ᠪᠠᠰᠠ ᠳᠡᠯᠡᠬᠡᠢ ᠶᠢᠨ ᠡᠷᠡᠭᠦᠯ ᠬᠠᠮᠠᠭᠠᠯᠠᠯ ᠤᠨ ᠵᠣᠬᠢᠶᠠᠨ ᠪᠠᠶᠢᠭᠤᠯᠤᠯᠲᠠ ᠶᠢᠨ ᠳᠡᠭᠡᠷ᠎ᠡ ᠬᠠᠭᠠᠰ ᠵᠢᠯ ᠳᠤ ᠨᠡᠶᠢᠲᠡᠯᠡᠭᠰᠡᠨ ᠵᠦᠭᠯᠡᠭᠦᠷ ᠢᠶᠠᠷ ᠯᠠᠪᠯᠠᠯᠲᠠ ᠪᠣᠯᠭᠠᠵᠤ᠂ ᠰᠡᠷᠭᠡᠶᠢᠯᠡᠨ ᠡᠵᠡᠮᠳᠡᠬᠦ ᠲᠥᠰᠥᠯ ᠳᠤ ᠵᠠᠰᠠᠪᠤᠷᠢ ᠣᠷᠣᠭᠤᠯᠤᠭᠰᠠᠨ ᠪᠠᠶᠢᠨ᠎ᠠ᠃      ᠲᠦᠭᠰᠢᠭᠦᠷᠢᠲᠡᠢ ᠠᠵᠢᠯ ᠮᠡᠷᠭᠡᠵᠢᠯ ᠤᠨ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠳᠠᠭ᠎ᠠ ᠳᠠᠪᠲᠠᠮᠵᠢ ᠶᠢ ᠨᠡᠮᠡᠭᠳᠡᠭᠦᠯᠪᠡ      ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠥᠯ ᠢ ᠥᠩᠭᠡᠷᠡᠭᠰᠡᠨ ᠤ ᠪᠠᠶᠢᠩᠭᠤ ᠶᠢᠨ ᠬᠢᠨᠠᠨ ᠰᠢᠨᠵᠢᠯᠡᠯᠲᠡ ᠶᠢᠨ ᠰᠠᠭᠤᠷᠢᠨ ᠳᠡᠭᠡᠷ᠎ᠡ᠂ ᠲᠦᠭᠰᠢᠭᠦᠷᠢᠲᠡᠢ ᠠᠵᠢᠯ ᠮᠡᠷᠭᠡᠵᠢᠯ ᠤᠨ ᠬᠥᠮᠥᠰ ᠤᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠳᠠᠭ᠎ᠠ ᠶᠢ ᠨᠡᠮᠡᠭᠳᠡᠭᠦᠯᠵᠦ᠂ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ᠂ ᠡᠳ᠋ ᠪᠣᠳᠠᠰ᠂ ᠣᠷᠴᠢᠨ ᠲᠣᠭᠤᠷᠢᠨ ᠲᠠᠢ ᠰᠢᠭᠤᠳ ᠣᠶᠢᠷᠠᠳᠬᠤ ᠬᠥᠮᠥᠰ ︵ᠵᠢᠱᠢᠶᠡᠯᠡᠪᠡᠯ ᠬᠢᠯᠢ ᠠᠯᠤᠰᠯᠠᠭᠰᠠᠨ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠤᠨ ᠵᠢᠯᠣᠭᠤᠴᠢ᠂ ᠴᠡᠪᠡᠷᠯᠡᠭᠴᠢ᠂ ᠰᠡᠯᠪᠢᠨ ᠵᠠᠰᠠᠭᠴᠢ ᠵᠡᠷᠭᠡ ᠬᠥᠮᠥᠰ᠂ ᠬᠢᠯᠢ ᠶᠢᠨ ᠪᠣᠭᠤᠮᠲᠠ ᠶᠢᠨ ᠭᠠᠳᠠᠭᠠᠳᠤ ᠠᠴᠠ ᠣᠷᠣᠭᠤᠯᠬᠤ ᠡᠳ᠋ ᠪᠣᠳᠠᠰ ᠢ ᠵᠥᠭᠡᠭᠡᠪᠦᠷᠢᠯᠡᠬᠦ ᠬᠥᠮᠥᠰ᠂ ᠪᠣᠭᠤᠮᠲᠠ᠂ ᠨᠡᠭᠦᠳᠡᠯ ᠠᠷᠠᠳ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠢᠯᠢ ᠶᠢᠨ ᠭᠠᠳᠠᠨ᠎ᠠ ᠠᠴᠠ ᠣᠷᠣᠵᠤ ᠢᠷᠡᠭᠰᠡᠳ ᠪᠠ ᠡᠳ᠋ ᠪᠣᠳᠠᠰ ᠲᠠᠢ ᠰᠢᠭᠤᠳ ᠣᠶᠢᠷᠠᠳᠬᠤ ᠨᠢᠭᠡᠳᠦᠭᠡᠷ ᠹᠷᠣᠨᠲ ᠤᠨ ᠬᠥᠮᠥᠰ ᠵᠡᠷᠭᠡ︶᠂ ᠲᠥᠪᠯᠡᠷᠡᠭᠦᠯᠦᠨ ᠲᠤᠰᠠᠭᠠᠷᠯᠠᠬᠤ ᠲᠠᠯᠠᠪᠤᠷ ᠭᠠᠵᠠᠷ ᠤᠨ ᠠᠵᠢᠯᠲᠠᠨ ᠂ ᠴᠡᠭ ᠲᠣᠭᠲᠠᠭᠠᠭᠰᠠᠨ ᠡᠮᠴᠢᠯᠡᠭᠡᠨ ᠤ ᠪᠠᠶᠢᠭᠤᠯᠤᠮᠵᠢ ᠪᠣᠯᠣᠨ ᠡᠩ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠶᠢᠨ ᠠᠵᠢᠯᠲᠠᠨ ᠵᠡᠷᠭᠡ ᠳᠤ ᠡᠳᠦᠷ ᠪᠦᠷᠢ ᠨᠢᠭᠡ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠠᠵᠢᠯ ᠡᠷᠭᠢᠯᠡᠬᠦ ᠣᠷᠴᠢᠨ ᠲᠣᠭᠤᠷᠢᠨ ᠤ ᠠᠵᠢᠯᠲᠠᠨ ᠨᠢᠭᠲᠠᠷᠠᠭᠰᠠᠨ᠂ ᠣᠶᠢᠷᠠᠳᠬᠤ ᠬᠥᠮᠥᠨ ᠣᠯᠠᠰᠢᠷᠠᠭᠰᠠᠨ᠂ ᠰᠢᠯᠵᠢᠮᠡᠯ ᠴᠢᠨᠠᠷ ᠢᠶᠠᠷ ᠴᠢᠩᠭ᠎ᠠ ᠠᠵᠢᠯ ᠡᠷᠬᠢᠯᠡᠭᠰᠡᠳ ︵ᠲᠦᠷᠭᠡᠨ ᠬᠦᠷᠭᠡᠯᠲᠡ᠂ ᠵᠠᠬᠢᠶᠠᠯᠠᠭ᠎ᠠ ᠶᠢᠨ ᠬᠤᠭᠤᠯᠠ ᠬᠦᠷᠭᠡᠭᠰᠡᠳ᠂ ᠪᠠᠭᠤᠳᠠᠯ ᠤᠨ ᠦᠢᠯᠡᠴᠢᠯᠡᠭᠡ᠂ ᠵᠠᠰᠠᠵᠤ ᠴᠢᠮᠡᠭᠯᠡᠬᠦ ᠪᠠ ᠠᠴᠢᠶᠠᠯᠠᠵᠤ ᠪᠠᠭᠤᠯᠭᠠᠬᠤ ᠦᠢᠯᠡᠴᠢᠯᠡᠭᠡ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠦᠢᠯᠡᠴᠢᠯᠡᠭᠡ᠂ ᠬᠤᠳᠠᠯᠳᠤᠭ᠎ᠠ ᠬᠡᠲᠦ ᠳᠡᠯᠭᠡᠭᠦᠷ ᠪᠠ ᠲᠠᠷᠢᠶᠠᠯᠠᠩ ᠤᠨ ᠪᠦᠲᠦᠭᠡᠭᠳᠡᠬᠦᠨ ᠤ ᠴᠤᠭᠯᠠᠭ᠎ᠠ ᠮᠠᠶᠢᠮᠠᠢ ᠶᠢᠨ ᠵᠠᠬ᠎ᠠ ᠳᠡᠯᠭᠡᠭᠦᠷ ᠤᠨ ᠠᠵᠢᠯᠲᠠᠨ ᠵᠡᠷᠭᠡ︶ ᠵᠢᠴᠢ ᠡᠩ ᠤᠨ ᠡᠮᠴᠢᠯᠡᠭᠡᠨ ᠤ ᠪᠠᠶᠢᠭᠤᠯᠤᠮᠵᠢ ᠶᠢᠨ ᠬᠠᠯᠠᠭᠤᠷᠠᠯ ᠤᠨ ᠡᠭᠦᠳᠡᠨ ᠡᠮᠨᠡᠯᠭᠡ ᠠᠴᠠ ᠪᠤᠰᠤᠳ ᠰᠠᠯᠠᠭ᠎ᠠ ᠲᠠᠰᠤᠭ ᠤᠨ ᠠᠵᠢᠯᠲᠠᠳ ᠲᠤ ᠭᠠᠷᠠᠭ ᠪᠦᠷᠢ ᠬᠤᠶᠠᠷ ᠤᠳᠠᠭ᠎ᠠ ᠪᠥᠭᠡᠮ ᠬᠦᠴᠢᠯ ᠤᠨ ᠪᠠᠶᠢᠴᠠᠭᠠᠯᠲᠠ ᠬᠢᠨ᠎ᠡ᠃ ᠲᠤᠬᠠᠢ ᠶᠢᠨ ᠭᠠᠵᠠᠷ ᠤᠨ ᠬᠢᠵᠢᠭ ᠤᠨ ᠪᠠᠶᠢᠳᠠᠯ ᠡᠭᠦᠰᠦᠭᠰᠡᠨ ᠤ ᠳᠠᠷᠠᠭ᠎ᠠ᠂ ᠬᠢᠵᠢᠭ ᠤᠨ ᠪᠠᠶᠢᠳᠠᠯ ᠤᠨ ᠲᠠᠷᠬᠠᠬᠤ ᠲᠦᠭᠰᠢᠭᠦᠷᠢ ᠶᠢ ᠦᠨᠳᠦᠰᠦᠯᠡᠨ ᠪᠥᠭᠡᠮ ᠬᠦᠴᠢᠯ ᠤᠨ ᠪᠠᠶᠢᠴᠠᠭᠠᠯᠲᠠ ᠶᠢᠨ ᠤᠳᠠᠭ᠎ᠠ ᠳᠠᠪᠲᠠᠮᠵᠢ ᠶᠢ ᠨᠡᠮᠡᠭᠳᠡᠭᠦᠯᠦᠨ᠎ᠡ᠃      ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠳᠤ ᠪᠠᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠲᠤᠯᠭᠠᠷᠠᠪᠠᠯ᠂ ᠡᠲᠡᠭᠡᠷ ᠠᠷᠭ᠎ᠠ ᠵᠠᠮ ᠢᠶᠠᠷ ᠲᠤᠰᠬᠠᠵᠤ ᠪᠣᠯᠣᠨ᠎ᠠ      ︽ᠶᠢᠰᠦ  ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠨᠡᠶᠢᠲᠡᠯᠡᠭᠰᠡᠨ ᠤ ᠳᠠᠷᠠᠭ᠎ᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠨᠢ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠲᠠᠢ ᠬᠠᠮᠲᠤᠷᠠᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠩᠭᠢ ᠪᠠᠶᠢᠭᠤᠯᠵᠠᠢ᠃ ᠡᠨᠡ ᠬᠦ ᠲᠤᠰᠬᠠᠢ ᠠᠩᠭᠢ ᠨᠢ ᠰᠤᠷᠭᠠᠨ ᠬᠥᠮᠦᠵᠢᠯ ᠤᠨ ᠶᠠᠮᠤᠨ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠶᠠᠮᠤᠨ᠂ ᠲᠠᠷᠢᠶᠠᠯᠠᠩ ᠬᠥᠳᠡᠭᠡ ᠲᠣᠰᠬᠤᠨ ᠤ ᠶᠠᠮᠤᠨ᠂ ᠬᠤᠳᠠᠯᠳᠤᠭᠠᠨ ᠤ ᠶᠠᠪᠤᠳᠠᠯ ᠤᠨ ᠶᠠᠮᠤᠨ᠂ ᠰᠣᠶᠣᠯ ᠪᠠ ᠵᠢᠭᠤᠯᠴᠢᠯᠠᠯ ᠤᠨ ᠶᠠᠮᠤᠨ᠂ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠪᠣᠭᠤᠮᠲᠠ ᠶᠢᠨ ᠶᠡᠷᠦᠩᠬᠡᠢ ᠵᠠᠬᠢᠷᠭ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠶᠡᠷᠦᠩᠬᠡᠢ ᠲᠣᠪᠴᠢᠶ᠎ᠠ᠂ ᠤᠯᠤᠰ ᠤᠨ ᠰᠢᠤᠳᠠᠨ ᠤ ᠲᠣᠪᠴᠢᠶ᠎ᠠ ᠵᠡᠷᠭᠡ ᠰᠠᠯᠠᠭ᠎ᠠ ᠮᠥᠴᠢᠷ ᠢᠶᠠᠷ ᠪᠦᠷᠢᠯᠳᠦᠵᠡᠢ᠃ ᠡᠨᠡ ᠬᠦ ᠪᠦᠷᠢᠯᠳᠦᠭᠦᠨ ᠰᠠᠯᠠᠭ᠎ᠠ ᠮᠥᠴᠢᠷ ᠨᠢ ᠪᠠᠰᠠ ᠪᠠᠶᠢᠳᠠᠯ ᠤᠨ ᠬᠡᠷᠡᠭᠴᠡᠭᠡ ᠶᠢ ᠦᠨᠳᠦᠰᠦᠯᠡᠨ ᠬᠤᠯᠪᠣᠭᠳᠠᠯ ᠪᠦᠬᠦᠢ ᠪᠦᠷᠢᠯᠳᠦᠭᠦᠨ ᠨᠢᠭᠡᠴᠢ ᠶᠢ ᠨᠡᠮᠡᠬᠦ ᠪᠣᠯᠣᠮᠵᠢ ᠲᠠᠢ᠃ ᠲᠤᠰᠬᠠᠢ ᠠᠩᠭᠢ ᠨᠢ ᠭᠤᠣᠯᠳᠠᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠳᠥᠭᠦᠮᠴᠢᠯᠡᠬᠦ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾᠂ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠵᠡᠷᠭᠡ ᠲᠣᠪᠣᠶᠢᠮ᠎ᠠ ᠠᠰᠠᠭᠤᠳᠠᠯ ᠢ ᠲᠤᠰᠬᠠᠶᠢᠯᠠᠨ ᠴᠡᠭᠴᠡᠯᠡᠨ ᠵᠠᠰᠠᠨ᠎ᠠ᠃ ᠡᠯ᠎ᠡ ᠭᠠᠵᠠᠷ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠶᠢ ᠵᠢᠭᠠᠨ ᠵᠢᠯᠤᠭᠤᠳᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ︽ᠶᠢᠰᠦ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠶᠢ ᠰᠢᠮᠳᠠᠭᠤᠯᠤᠨ᠎ᠠ᠃ ᠡᠮᠦᠨᠡᠬᠢ ᠬᠤᠭᠤᠴᠠᠭᠠᠨ ᠤ ᠪᠡᠯᠡᠳᠬᠡᠯ ᠢᠶᠠᠷ ᠳᠡᠮᠵᠢᠨ᠂ ᠣᠳᠣᠬᠠᠨ ᠳᠤ ᠲᠤᠰᠬᠠᠢ ᠠᠩᠭᠢ ᠶᠢᠨ ᠪᠦᠷᠢᠯᠳᠦᠭᠦᠨ ᠨᠢᠭᠡᠴᠢ ᠨᠦᠭᠦᠳ ᠨᠢᠭᠡᠨᠲᠡ ᠲᠣᠰ ᠰᠠᠯᠠᠭ᠎ᠠ ᠮᠥᠴᠢᠷ ᠤᠨ ᠢᠶᠠᠨ ᠫᠤᠷᠲ᠋ᠧᠯ ᠰᠦᠯᠵᠢᠶ᠎ᠡ ᠪᠠᠷ ᠳᠠᠮᠵᠢᠭᠤᠯᠤᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠤᠨ ᠲᠤᠰᠬᠠᠢ ᠪᠤᠯᠤᠩ ᠭᠠᠷᠭᠠᠭᠰᠠᠨ ᠪᠤᠶᠤ ᠢᠯᠡᠴᠢᠯᠡᠵᠦ ᠮᠡᠳᠡᠭᠦᠯᠬᠦ ᠤᠲᠠᠰᠤ ᠨᠡᠶᠢᠲᠡᠯᠡᠭᠰᠡᠨ ᠪᠠᠶᠢᠨ᠎ᠠ᠃ ᠣᠲᠣ ᠨᠢᠭᠡᠨᠲᠡ ᠨᠡᠶᠢᠭᠡᠮ ᠨᠡᠶᠢᠲᠡ ᠠᠴᠠ ︽ᠶᠢᠰᠦ ᠶᠢ ᠥᠯᠥ ᠵᠥᠪᠰᠢᠶᠡᠷᠡᠬᠦ︾ ᠱᠠᠭᠠᠷᠳᠠᠯᠭ᠎ᠠ ᠶᠢ ᠵᠥᠷᠢᠴᠡᠭᠰᠡᠨ ᠠᠰᠠᠭᠤᠳᠠᠯ ᠤᠨ ᠰᠦᠪᠡᠭᠴᠢ ᠶᠢ ᠴᠤᠭᠯᠠᠭᠤᠯᠵᠤ ᠪᠠᠶᠢᠨ᠎ᠠ᠂ ᠣᠯᠠᠨ ᠲᠦᠮᠡᠨ ᠰᠦᠯᠵᠢᠶ᠎ᠡ ᠪᠤᠶᠤ ᠤᠲᠠᠰᠤ ᠪᠠᠷ ᠢᠯᠡᠴᠢᠯᠡᠨ ᠮᠡᠳᠡᠭᠦᠯᠵᠦ ᠪᠣᠯᠣᠨ᠎ᠠ᠃      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠠᠴᠠ ᠤᠯᠤᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠠᠯᠪᠠᠨ ᠰᠦᠯᠵᠢᠶ᠎ᠡ ᠶᠢᠨ ᠲᠦᠷᠦᠭᠦᠸ ᠨᠢᠭᠤᠷ ᠲᠤ ᠣᠯᠠᠨ ᠨᠡᠶᠢᠲᠡ ᠶᠢᠨ ᠦᠭᠡ ᠦᠯᠡᠳᠡᠭᠡᠬᠦ ᠰᠠᠮᠪᠠᠷ᠎ᠠ ᠶᠢ ᠲᠣᠬᠢᠷᠠᠭᠤᠯᠪᠠ᠃ ︽ᠶᠢᠰᠦ ᠶᠢ ᠦᠯᠦ ᠵᠥᠪᠰᠢᠶᠡᠷᠡᠬᠦ︾ ᠱᠠᠭᠠᠷᠳᠠᠯᠭ᠎ᠠ ᠶᠢ ᠵᠦᠷᠢᠴᠡᠭᠰᠡᠨ ᠠᠰᠠᠭᠤᠳᠠᠯ ᠤᠨ ᠰᠦᠪᠡᠭᠴᠢ ᠶᠢ ᠬᠢᠨᠠᠮᠠᠭᠠᠢ ᠬᠤᠷᠢᠶᠠᠩᠭᠤᠶᠢᠯᠠᠨ ᠡᠮᠬᠢᠯᠡᠵᠦ᠂ ᠣᠷᠣᠨ ᠨᠤᠲᠤᠭ ᠤᠨ ᠬᠢᠨ ᠢ ᠰᠢᠮᠳᠠᠭᠤᠯᠤᠨ ᠱᠠᠭᠠᠷᠳᠠᠵᠤ ᠪᠠᠶᠢᠭᠠᠳ ᠠᠯᠢ ᠲᠦᠷᠭᠡᠨ ᠢᠶᠠᠷ ᠴᠡᠭᠴᠡᠯᠡᠨ ᠰᠠᠶᠢᠵᠢᠷᠠᠭᠤᠯᠵᠤ᠂ ᠨᠡᠶᠢᠲᠡᠯᠢᠭ ᠬᠡᠷᠡᠭ ᠤᠨ ᠵᠢᠱᠢᠶ᠎ᠡ ᠶᠢ ᠢᠯᠡᠴᠢᠯᠡᠨ᠎ᠡ᠃      ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠲᠤᠰᠬᠠᠢ ᠠᠩᠭᠢ ᠪᠠ ᠡᠯ᠎ᠡ ᠪᠦᠷᠢᠯᠳᠦᠭᠦᠨ ᠨᠢᠭᠡᠴᠢ ᠶᠢᠨ ᠬᠢᠨ ᠣᠯᠠᠨ ᠲᠦᠮᠡᠨ ᠤ ᠲᠤᠰᠬᠠᠭᠰᠠᠨ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠬᠢᠨᠠᠮᠠᠭᠠᠢ ᠭᠥᠯᠢᠶᠡᠨ ᠠᠪᠴᠤ ᠬᠢᠨᠠᠨ ᠬᠠᠷᠭᠤᠭᠤᠯᠬᠤ ᠪᠣᠯᠣᠨ᠎ᠠ᠃      ᠡᠯ᠎ᠡ ᠭᠠᠵᠠᠷ ᠤᠨ ᠣᠯᠠᠨ ᠲᠦᠮᠡᠨ ᠤ ᠲᠤᠰᠬᠠᠭᠰᠠᠨ ᠣᠷᠣᠨ ᠨᠤᠲᠤᠭ ᠤᠨ ᠬᠢᠨ ᠤ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠥᠨᠳᠥᠷ ᠪᠦᠲᠦᠮᠵᠢᠲᠡᠶ ᠪᠠᠷ ᠰᠢᠢᠳᠪᠦᠷᠢᠯᠡᠬᠦ ᠶᠢᠨ ᠲᠤᠰᠠᠳᠠ᠂ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠠᠴᠠ ᠪᠠᠰᠠ ᠡᠯ᠎ᠡ ᠮᠤᠵᠢ ᠶᠢᠨ ᠱᠠᠲᠤᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢ ᠲᠥᠷᠥ ᠶᠢᠨ ᠶᠠᠪᠤᠳᠠᠯ ᠤᠨ ᠬᠤᠷᠢᠶᠠᠨ ᠤ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ ᠲᠣᠭᠲᠠᠴᠠ ᠶᠢᠨ ᠶᠡᠷᠦᠩᠬᠡᠶᠢᠯᠡᠭᠰᠡᠨ ᠳᠤᠭᠤᠶᠢᠯᠠᠩ ᠤᠨ ᠲᠤᠰᠬᠠᠢ ᠠᠩᠭᠢ ᠶᠢᠨ ᠪᠦᠲᠦᠴᠡ ᠶᠣᠰᠣᠭᠠᠷ᠂ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠠᠰᠠᠭᠤᠳᠠᠯ ᠢ ᠴᠡᠭᠴᠡᠯᠡᠨ ᠵᠠᠰᠠᠬᠤ ᠮᠤᠵᠢ ᠶᠢᠨ ᠱᠠᠲᠤᠨ ᠤ ᠲᠤᠰᠬᠠᠢ ᠠᠩᠭᠢ ᠪᠠᠶᠢᠭᠤᠯᠬᠤ ᠶᠢ ᠱᠠᠭᠠᠷᠳᠠᠵᠤ ᠪᠤᠢ᠃ ᠡᠭᠦᠨ ᠤ ᠵᠡᠷᠭᠡ ᠳᠤ ᠡᠯ᠎ᠡ ᠮᠤᠵᠢ ᠶᠢᠨ ᠱᠠᠲᠤᠨ ᠤ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠲᠣᠭᠲᠠᠴᠠ ᠨᠢ ᠲᠤᠰ ᠮᠤᠵᠢ ᠶᠢᠨ ᠢᠶᠠᠨ ᠣᠯᠠᠨ ᠲᠦᠮᠡᠨ ᠤ ᠬᠢᠵᠢᠭ ᠤᠨ ᠪᠠᠶᠢᠳᠠᠯ ᠢ ᠵᠠᠭᠠᠯᠳᠤᠵᠤ ᠢᠯᠡᠴᠢᠯᠡᠨ ᠮᠡᠳᠡᠭᠦᠯᠬᠦ ᠶᠢ ᠳᠥᠭᠦᠮᠴᠢᠯᠡᠬᠦ᠂ ︽ᠨᠢᠭᠡ ᠯᠡ ᠪᠠᠷᠢᠮᠵᠢᠶ᠎ᠠ ᠪᠠᠷ ᠱᠠᠭᠠᠷᠳᠠᠬᠤ︾᠂ ︽ᠱᠠᠲᠤ ᠱᠠᠲᠤ ᠪᠠᠷ ᠱᠠᠭᠠᠷᠳᠠᠯᠭ᠎ᠠ ᠨᠡᠮᠡᠬᠦ︾ ᠵᠡᠷᠭᠡ ᠠᠰᠠᠭᠤᠳᠠᠯ ᠢ ᠰᠠᠭᠠᠳ ᠦᠭᠡᠢ ᠨᠡᠪᠲᠡᠷᠡᠭᠦᠯᠬᠦ ᠪᠦᠲᠦᠮᠵᠢᠲᠡᠶ ᠠᠷᠭ᠎ᠠ ᠵᠠᠮ ᠢ ᠲᠦᠷᠭᠡᠬᠡᠨ ᠨᠡᠪᠲᠡᠷᠡᠭᠦᠯᠬᠦ ᠶᠢᠨ ᠬᠠᠮᠲᠤ ᠲᠤᠰ ᠮᠤᠵᠢ ᠶᠢᠨ ᠣᠯᠠᠨ ᠲᠦᠮᠡᠨ ᠤ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠬᠤᠯᠪᠣᠭᠳᠠᠯ ᠪᠦᠬᠦᠢ ᠠᠰᠠᠭᠤᠳᠠᠯ ᠤᠨ ᠰᠦᠪᠡᠭᠴᠢ ᠶᠢ ᠴᠠᠭ ᠲᠤᠬᠠᠢ ᠳᠤ ᠨᠢ ᠨᠡᠶᠢᠭᠡᠮ ᠳᠤ ᠨᠡᠶᠢᠲᠡᠯᠡᠵᠦ᠂ ᠬᠤᠷᠢᠶᠠᠨ ᠴᠤᠭᠯᠠᠭᠤᠯᠵᠤ ᠬᠢᠨᠠᠨ ᠬᠠᠷᠭᠤᠭᠤᠯᠬᠤ ᠬᠡᠷᠡᠭᠲᠡᠢ ᠭᠡᠵᠦ ᠱᠠᠭᠠᠷᠳᠠᠪᠠ᠃
 
ᠢᠷᠡᠯᠲᠡ᠄ ᠦᠪᠦᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号