ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/5
     ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ᠃      ᠲᠥᠷᠥ ᠶᠢᠨ ᠪᠣᠳᠣᠯᠭ᠎ᠠ ᠶᠢᠨ ᠴᠢᠨᠠᠷᠲᠠᠢ᠂ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠪᠠᠷ ᠴᠢᠬᠤᠯᠠ ᠶᠡᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠨ ᠠᠵᠢᠯ ᠣᠯᠭᠤᠯᠲᠠ ᠪᠠ ᠬᠡᠷᠡᠭᠯᠡᠭᠡ ᠶᠢ ᠠᠬᠢᠭᠤᠯᠪᠠ᠃      ᠭᠤᠣᠯᠳᠠᠯᠭ᠎ᠠ ᠲᠠᠢ ᠢᠨᠵᠧᠨᠧᠷᠢᠩ ᠤᠨ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠡᠷᠴᠢᠮ ᠢ ᠴᠢᠩᠭᠠᠷᠠᠭᠤᠯᠬᠤ ᠶᠢ ᠪᠠᠶᠢᠷᠢᠯᠠᠭᠤᠯᠵᠤ᠂ ᠠᠵᠢᠯ ᠤᠨ ᠪᠠᠶᠢᠷᠢ ᠶᠢ ᠥᠷᠭᠡᠳᠬᠡᠨ ᠬᠥᠯᠥᠰᠦᠨ ᠠᠵᠢᠯᠴᠢᠨ ᠵᠡᠷᠭᠡ ᠶᠢᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠪᠠ᠃      ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠰᠤᠳᠤᠯᠭᠠᠨ ᠪᠠ ᠦᠷ᠎ᠡ ᠪᠦᠲᠦᠭᠡᠯ ᠢ ᠤᠯᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠲᠤᠷᠰᠢᠯᠲᠠ ᠶᠢ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠪᠠᠷ ᠲᠣᠭᠲᠠᠪᠠ᠃      ᠰᠢᠨᠬᠤᠸᠠ ᠬᠤᠷᠢᠶᠠᠨ ᠤ ᠪᠡᠭᠡᠵᠢᠩ ᠤᠨ 6 ᠳ᠋ᠤᠭᠠᠷ ᠰᠠᠷ᠎ᠠ ᠶᠢᠨ 30 ᠤ ᠡᠳᠦᠷ ᠤᠨ ᠴᠠᠬᠢᠯᠭᠠᠨ ᠮᠡᠳᠡᠭᠡ  ᠲᠦᠷᠦ ᠶᠢᠨ ᠶᠠᠪᠤᠳᠠᠯ ᠤᠨ ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 6 ᠳ᠋ᠤᠭᠠᠷ ᠰᠠᠷ᠎ᠠ ᠶᠢᠨ 29 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠲᠦᠷᠦ ᠶᠢᠨ ᠪᠣᠳᠣᠯᠭ᠎ᠠ ᠶᠢᠨ ᠴᠢᠨᠠᠷᠲᠠᠢ᠂ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠪᠠᠷ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠳᠡᠮᠵᠢᠬᠦ ᠠᠷᠭ᠎ᠠ ᠬᠡᠮᠵᠢᠶ᠎ᠡ ᠶᠢ ᠲᠣᠭᠲᠠᠭᠠᠵᠤ᠂ ᠪᠦᠲᠦᠮᠵᠢᠲᠡᠢ ᠪᠡᠯᠡ ᠣᠷᠣᠭᠤᠯᠤᠯᠲᠠ ᠶᠢ ᠥᠷᠭᠡᠳᠬᠡᠨ ᠠᠵᠢᠯ ᠣᠯᠭᠤᠯᠲᠠ ᠪᠠ ᠬᠡᠷᠡᠭᠯᠡᠭᠡ ᠶᠢ ᠠᠬᠢᠭᠤᠯᠪᠠ︔ ᠭᠤᠣᠯᠳᠠᠯᠭ᠎ᠠ ᠲᠠᠢ ᠢᠨᠵᠧᠨᠧᠷᠢᠩ ᠤᠨ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠡᠷᠴᠢᠮ ᠢ ᠴᠢᠩᠭᠠᠷᠠᠭᠤᠯᠬᠤ ᠶᠢ ᠪᠠᠶᠢᠷᠢᠯᠠᠭᠤᠯᠵᠤ᠂ ᠠᠵᠢᠯ ᠤᠨ ᠪᠠᠶᠢᠷᠢ ᠶᠢ ᠥᠷᠭᠡᠳᠬᠡᠨ ᠬᠥᠯᠥᠰᠦᠨ ᠠᠵᠢᠯᠴᠢᠨ ᠵᠡᠷᠭᠡ ᠶᠢᠨ ᠣᠷᠣᠯᠭ᠎ᠠ ᠶᠢᠨ ᠨᠡᠮᠡᠭᠳᠡᠯ ᠢ ᠳᠠᠶᠢᠴᠢᠯᠠᠪᠠ︔ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶᠠᠨ ᠤ ᠡᠮᠴᠢᠯᠡᠭᠡᠨ ᠤ ᠰᠤᠳᠤᠯᠭᠠᠨ ᠪᠠ ᠦᠷ᠎ᠡ ᠪᠦᠲᠦᠭᠡᠯ ᠢ ᠤᠯᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠲᠤᠷᠰᠢᠯᠲᠠ ᠶᠢ ᠥᠷᠨᠢᠭᠦᠯᠵᠦ᠂ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠤ ᠳᠡᠭᠡᠭᠰᠢᠯᠡᠯᠲᠡ ᠶᠢ ᠠᠬᠢᠭᠤᠯᠬᠤ ᠪᠠᠷ ᠲᠣᠭᠲᠠᠪᠠ᠃      ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠷᠢᠯᠠᠭᠤᠯᠤᠯᠲᠠ ᠶᠢ ᠲᠤᠭᠤᠰᠢᠯᠠᠭᠤᠯᠵᠤ᠂ ᠵᠣᠭᠤᠰᠤᠨ ᠤ ᠲᠣᠭᠲᠠᠭᠤᠨ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠪᠦᠲᠦᠴᠡ ᠶᠢᠨ ᠴᠢᠨᠠᠷᠲᠠᠢ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠪᠠᠭᠠᠵᠢ ᠶᠢ ᠰᠠᠶᠢᠲᠤᠷ ᠬᠡᠷᠡᠭᠯᠡᠵᠦ᠂ ᠮᠥᠩᠭᠦᠨ ᠭᠦᠢᠯᠭᠡᠭᠡᠨ ᠤ ᠪᠣᠳᠠᠲᠤ ᠴᠣᠭᠴᠠᠲᠤ ᠠᠵᠤ ᠠᠬᠤᠢ ᠳᠤ ᠦᠢᠯᠡᠴᠢᠯᠡᠬᠦ ᠴᠢᠳᠠᠪᠤᠷᠢ ᠶᠢ ᠨᠡᠮᠡᠭᠳᠡᠭᠦᠯᠵᠦ᠂ ᠠᠵᠤ ᠠᠬᠤᠢ ᠶᠢᠨ ᠶᠡᠭᠡ ᠪᠠᠶᠢᠳᠠᠯ ᠢ ᠲᠣᠭᠲᠠᠪᠤᠷᠢᠵᠢᠭᠤᠯᠬᠤ᠂ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ ᠠᠷᠠᠳ ᠤᠨ ᠠᠮᠢᠳᠤᠷᠠᠯ ᠢ ᠪᠠᠲᠤᠯᠠᠬᠤ ᠳᠤ ᠪᠦᠲᠦᠮᠵᠢᠲᠡᠢ ᠬᠦᠴᠦᠨ ᠨᠡᠮᠡᠷᠢᠯᠡᠬᠦ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠴᠢᠨᠠᠷᠲᠠᠢ᠂ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠪᠠᠷ ᠳᠠᠮᠵᠢᠭᠤᠯᠤᠨ ᠴᠢᠬᠤᠯᠠ ᠶᠡᠭᠡ ᠲᠥᠷᠥᠯ ᠵᠦᠢᠯ ᠤᠨ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ ᠨᠢ ᠵᠣᠭᠤᠰ ᠢ ᠵᠠᠬ᠎ᠠ ᠳᠡᠯᠭᠡᠭᠦᠷ ᠲᠤ ᠬᠡᠲᠦᠷᠡᠲᠡᠯ᠎ᠡ ᠣᠷᠣᠭᠤᠯᠬᠤ ᠦᠭᠡᠢ᠂ ᠬᠡᠲᠦᠷᠡᠲᠡᠯ᠎ᠡ ᠲᠠᠷᠬᠠᠭᠠᠬᠤ ᠦᠭᠡᠢ ᠪᠠᠶᠢᠬᠤ ᠶᠢ ᠪᠠᠷᠢᠮᠲᠠᠯᠠᠬᠤ ᠨᠥᠬᠦᠴᠡᠯ ᠳᠣᠣᠷ᠎ᠠ᠂ ᠬᠥᠲᠥᠯᠥᠨ ᠵᠢᠯᠤᠭᠤᠳᠬᠤ ᠦᠢᠯᠡᠳᠦᠯ ᠢ ᠨᠢ ᠨᠡᠩ ᠰᠠᠶᠢᠨ ᠪᠠᠳᠠᠷᠠᠭᠤᠯᠵᠤ᠂ ᠵᠣᠭᠤᠰᠤᠨ ᠤ ᠲᠦᠷᠦ ᠶᠢᠨ ᠪᠣᠳᠣᠯᠭ᠎ᠠ ᠶᠢᠨ ᠳᠠᠮᠵᠢᠭᠤᠯᠬᠤ ᠵᠢᠯᠣᠭᠤᠳᠬᠤ ᠲᠣᠭᠲᠠᠴᠠ ᠶᠢ ᠰᠢᠯᠤᠭᠤᠳᠬᠠᠵᠤ᠂ ᠪᠠᠩᠬᠢ ᠶᠢᠨ ᠬᠠᠳᠠᠭᠠᠯᠠᠮᠵᠢ ᠵᠢᠭᠡᠯᠡᠯᠭᠡ ᠶᠢᠨ ᠬᠡᠪᠴᠢᠶ᠎ᠡ ᠪᠠ ᠪᠦᠲᠦᠴᠡ ᠶᠢᠨ ᠲᠠᠯ᠎ᠠ ᠪᠠᠷ ᠨᠡᠩ ᠰᠠᠶᠢᠨ ᠵᠣᠬᠢᠴᠠᠯᠳᠤᠬᠤ ᠶᠢ ᠠᠬᠢᠭᠤᠯᠵᠤ᠂ ᠪᠦᠲᠦᠮᠵᠢᠲᠡᠶ ᠪᠡᠯᠡ ᠣᠷᠣᠭᠤᠯᠤᠯᠲᠠ ᠶᠢ ᠥᠷᠭᠡᠳᠬᠡᠬᠦ᠂ ᠠᠵᠢᠯ ᠣᠯᠭᠤᠯᠲᠠ ᠶᠢ ᠳᠠᠶᠢᠴᠢᠯᠠᠬᠤ᠂ ᠬᠡᠷᠡᠭᠯᠡᠭᠡ ᠶᠢ ᠠᠬᠢᠭᠤᠯᠬᠤ ᠶᠡᠷᠦᠩᠬᠡᠶᠢᠯᠡᠭᠰᠡᠨ ᠦᠢᠯᠡᠳᠦᠯ ᠢ ᠪᠡᠶᠡᠯᠡᠭᠦᠯᠬᠦ ᠳᠤ ᠠᠰᠢᠭᠲᠠᠢ ᠶᠤᠮ ᠭᠡᠵᠡᠢ᠃ ᠬᠤᠷᠠᠯ ᠠᠴᠠ᠂ ᠲᠥᠷᠥ ᠶᠢᠨ ᠪᠣᠳᠣᠯᠭ᠎ᠠ ᠶᠢᠨ ᠴᠢᠨᠠᠷᠲᠠᠢ᠂ ᠨᠡᠭᠡᠭᠡᠨ ᠬᠥᠭᠵᠢᠭᠦᠯᠬᠦ ᠴᠢᠨᠠᠷᠲᠠᠢ ᠮᠥᠩᠭᠦᠨ ᠭᠦᠢᠯᠭᠡᠭᠡᠨ ᠤ ᠪᠠᠭᠠᠵᠢ ᠶᠢ ᠬᠡᠷᠡᠭᠯᠡᠨ᠂ ᠮᠥᠩᠭᠦᠨ ᠭᠦᠢᠯᠭᠡᠭᠡᠨ ᠤ ᠵᠢᠭᠡᠯᠡᠯᠭᠡ ᠶᠢᠨ ᠲᠡᠮᠳᠡᠭᠲᠦ ᠲᠠᠷᠬᠠᠭᠠᠬᠤ ᠵᠡᠷᠭᠡ ᠪᠠᠷ ᠳᠠᠮᠵᠢᠭᠤᠯᠤᠨ 3000 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠴᠤᠭᠯᠠᠭᠤᠯᠵᠤ᠂ ᠰᠢᠨ᠎ᠡ ᠬᠡᠯᠪᠡᠷᠢ ᠶᠢᠨ ᠰᠠᠭᠤᠷᠢ ᠪᠡᠯᠡᠳᠬᠡᠮᠵᠢ ᠶᠢ ᠪᠠᠭᠲᠠᠭᠠᠭᠰᠠᠨ ᠴᠢᠬᠤᠯᠠ ᠶᠡᠭᠡ ᠲᠥᠷᠥᠯ ᠵᠦᠢᠯ ᠤᠨ ᠬᠥᠷᠥᠩᠭᠡ ᠮᠥᠩᠭᠦ ᠶᠢ ᠨᠥᠬᠦᠪᠦᠷᠢᠯᠡᠬᠦ ᠳᠤ ᠬᠡᠷᠡᠭᠯᠡᠪᠡᠴᠦ ᠪᠦᠬᠦ ᠬᠥᠷᠥᠩᠭᠡ ᠮᠥᠩᠭᠦ ᠶᠢᠨ 50% ᠠᠴᠠ ᠬᠡᠲᠦᠷᠡᠭᠦᠯᠬᠦ ᠦᠭᠡᠢ᠃ ᠡᠰᠡᠬᠦᠯ᠎ᠡ ᠲᠤᠰᠬᠠᠢ ᠵᠦᠢᠯ ᠤᠨ ᠵᠢᠭᠡᠯᠡᠯᠭᠡ ᠶᠢᠨ ᠲᠥᠷᠥᠯ ᠵᠦᠢᠯ ᠤᠨ ᠬᠥᠷᠥᠩᠭᠡ ᠮᠥᠩᠭᠦ ᠶᠢ ᠨᠥᠬᠦᠪᠦᠷᠢᠯᠡᠬᠦ ᠳᠤ ᠬᠡᠷᠡᠭᠯᠡᠨ᠎ᠡ᠃ ᠡᠳ᠋ ᠤᠨ ᠵᠠᠰᠠᠭ ᠪᠠ ᠵᠣᠭᠤᠰᠤᠨ ᠤ ᠲᠦᠷᠦ ᠶᠢᠨ ᠪᠣᠳᠣᠯᠭ᠎ᠠ ᠶᠢ ᠬᠤᠯᠪᠣᠯᠳᠤᠭᠤᠯᠵᠤ᠂ ᠲᠥᠪ ᠤᠨ ᠡᠳ᠋ ᠤᠨ ᠵᠠᠰᠠᠭ ᠠᠴᠠ ᠰᠲ᠋ᠣᠺ ᠤᠨ ᠡᠷᠬᠡ ᠶᠢᠨ ᠪᠡᠯᠡ ᠣᠷᠣᠭᠤᠯᠤᠯᠲᠠ ᠶᠢᠨ ᠪᠣᠳᠠᠲᠠᠢ ᠲᠤᠭ᠎ᠠ ᠪᠠᠷ ᠵᠣᠬᠢᠰᠲᠠᠢ ᠳᠠᠮ ᠬᠦᠦ ᠥᠭᠴᠦ᠂ ᠳᠠᠮ ᠬᠦᠦ ᠥᠭᠬᠦ ᠬᠤᠭᠤᠴᠠᠭ᠎ᠠ ᠶᠢ 2 ᠵᠢᠯ ᠢᠶᠠᠷ ᠬᠢᠵᠠᠭᠠᠷᠯᠠᠨ᠎ᠠ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠢᠵᠢ ᠪᠦᠷᠢᠳᠦᠭᠦᠯᠬᠦ ᠪᠡᠯᠡ ᠲᠣᠬᠢᠷᠠᠭᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠵᠦ᠂ ᠠᠷᠠᠳ ᠤᠨ ᠬᠥᠷᠥᠩᠭᠡ ᠶᠢ ᠲᠡᠳᠡᠨ ᠣᠷᠣᠭᠤᠯᠵᠤ᠂ ᠨᠠᠩ ᠣᠯᠠᠨ ᠪᠣᠳᠠᠲᠤ ᠪᠣᠳᠠᠰ ᠤᠨ ᠠᠵᠢᠯ ᠤᠨ ᠬᠡᠮᠵᠢᠶ᠎ᠡ ᠶᠢ ᠱᠠᠯᠠᠪᠳᠠᠨ ᠪᠣᠶ ᠪᠣᠯᠭᠠᠨ᠎ᠠ ᠭᠡᠵᠦ ᠲᠣᠭᠲᠠᠭᠠᠪᠠ᠃      ᠬᠤᠷᠠᠯ ᠠᠴᠠ ᠵᠢᠭᠠᠬᠤ ᠳᠤ ᠪᠠᠨ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠨᠢ ᠠᠰᠢᠭ ᠬᠦᠷᠲᠡᠭᠡᠬᠦ ᠬᠡᠪᠴᠢᠶ᠎ᠡ ᠶᠡᠭᠡ᠂ ᠳᠠᠶᠢᠴᠢᠯᠠᠬᠤ ᠦᠢᠯᠡᠳᠦᠯ ᠢᠶᠠᠷ ᠴᠢᠩᠭ᠎ᠠ ᠪᠠᠶᠢᠵᠤ᠂ ᠤᠯᠠᠨ ᠲᠦᠮᠡᠨ ᠢᠯᠠᠩᠭᠤᠶ᠎ᠠ ᠬᠥᠯᠥᠰᠦᠨ ᠠᠵᠢᠯᠴᠢᠨ᠂ ᠶᠠᠳᠠᠭᠤ ᠠᠴᠠ ᠠᠩᠭᠢᠵᠢᠷᠠᠭᠰᠠᠨ ᠬᠥᠮᠥᠨ ᠠᠮᠠ ᠵᠡᠷᠭᠡ ᠳᠤ ᠬᠡᠪᠴᠢᠶᠡᠵᠢᠭᠰᠡᠨ ᠴᠢᠨᠠᠷᠲᠠᠢ ᠠᠵᠢᠯ ᠤᠨ ᠪᠠᠶᠢᠷᠢ ᠬᠠᠩᠭᠠᠵᠤ᠂ ᠲᠡᠳᠡᠨ ᠤ ᠬᠥᠳᠡᠯᠮᠦᠷᠢ ᠪᠠᠷ ᠢᠶᠠᠨ ᠣᠷᠣᠯᠭ᠎ᠠ ᠪᠠᠨ ᠨᠡᠮᠡᠭᠳᠡᠭᠦᠯᠬᠦ ᠶᠢ ᠳᠡᠮᠵᠢᠬᠦ ᠶᠢᠨ ᠤᠯᠠᠮ ᠢᠶᠠᠷ ᠬᠡᠷᠡᠭᠯᠡᠭᠡ ᠢᠯᠠᠩᠭᠤᠶ᠎ᠠ ᠰᠢᠶᠠᠨ ᠤ ᠬᠡᠷᠡᠭᠯᠡᠭᠡ ᠶᠢ ᠳᠠᠶᠢᠴᠢᠯᠠᠬᠤ ᠪᠣᠯ ᠠᠵᠢᠯ ᠣᠯᠭᠤᠯᠲᠠ ᠶᠢ ᠲᠣᠭᠲᠠᠪᠤᠷᠢᠵᠢᠭᠤᠯᠵᠤ᠂ ᠠᠷᠠᠳ ᠤᠨ ᠠᠮᠢᠳᠤᠷᠠᠯ ᠢ ᠪᠠᠲᠤᠯᠠᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ᠂ ᠡᠶᠢᠮᠦ ᠠᠴᠠ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠨᠢᠭᠡ ᠳᠤ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠭᠤᠣᠯᠳᠠᠯᠭ᠎ᠠ ᠲᠠᠢ ᠢᠨᠵᠧᠨᠧᠷᠢᠩ ᠨᠢ ᠶᠠᠰᠤ ᠴᠢᠨᠠᠷ ᠤᠨ ᠠᠶᠤᠯ ᠦᠭᠡᠢ ᠪᠠᠶᠢᠬᠤ ᠶᠢ ᠦᠨᠡᠨ ᠬᠦ ᠪᠠᠲᠤᠯᠠᠭᠰᠠᠨ ᠤᠷᠢᠲᠠᠯ ᠳᠣᠣᠷ᠎ᠠ᠂ ᠬᠡᠷᠡᠭᠯᠡᠵᠦ ᠪᠣᠯᠬᠤ ᠶᠢ ᠨᠢ ᠪᠦᠬᠦᠨ ᠢ ᠬᠡᠷᠡᠭᠯᠡᠵᠦ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠬᠡᠷᠡᠭᠲᠡᠢ᠃ ᠬᠤᠶᠠᠷ ᠲᠤ᠂ ᠭᠤᠣᠯᠳᠠᠯᠭ᠎ᠠ ᠲᠠᠢ ᠢᠨᠵᠧᠨᠧᠷᠢᠩ ᠤᠨ ᠢᠵᠢ ᠪᠦᠷᠢᠳᠦᠭᠦᠯᠬᠦ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢᠨ ᠳᠤᠮᠳᠠ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠲᠥᠪ ᠤᠨ ᠲᠥᠰᠥᠪ ᠤᠨ ᠳᠣᠲᠣᠷᠠᠬᠢ ᠨᠢᠭᠡ ᠪᠦᠯᠦᠭ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠬᠡᠷᠡᠭᠵᠢᠭᠦᠯᠵᠦ᠂ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢᠨ ᠲᠥᠪ ᠤᠨ ᠪᠡᠯᠡ ᠮᠥᠩᠭᠦ ᠳᠤ ᠡᠵᠡᠯᠡᠬᠦ ᠬᠠᠷᠢᠴᠠᠯ ᠢ ᠤᠤᠯ ᠤᠨ ᠲᠣᠭᠲᠠᠭᠠᠭᠰᠠᠨ 15% ᠠᠴᠠ ᠳᠡᠭᠡᠭᠰᠢ ᠪᠠᠶᠢᠭᠰᠠᠨ ᠠᠴᠠ 30% ᠠᠴᠠ ᠳᠡᠭᠡᠭᠰᠢ ᠪᠣᠯᠭᠠᠨ᠎ᠠ᠃ ᠭᠤᠷᠪᠠ ᠳᠤ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠪᠡᠯᠡᠳᠬᠡᠯ ᠪᠠ ᠪᠦᠲᠦᠭᠡᠨ ᠪᠠᠶᠢᠭᠤᠯᠤᠯᠲᠠ ᠶᠢᠨ ᠡᠯ᠎ᠡ ᠭᠤᠭᠴᠤᠭ᠎ᠠ ᠳᠤ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠡᠭᠦᠷᠭᠡ ᠶᠢᠨ ᠱᠠᠭᠠᠷᠳᠠᠯᠭ᠎ᠠ ᠶᠢ ᠲᠣᠳᠣᠷᠬᠠᠶᠢᠯᠠᠵᠤ᠂ ᠬᠥᠳᠡᠯᠮᠦᠷᠢ ᠦᠢᠯᠡᠴᠢᠯᠡᠭᠡᠨ ᠤ ᠬᠥᠯᠥᠰᠦ ᠣᠯᠭᠤᠮᠵᠢ ᠶᠢ ᠴᠠᠭ ᠲᠤᠬᠠᠢ ᠳᠤ ᠨᠢ ᠲᠤᠭ᠎ᠠ ᠶᠣᠰᠣᠭᠠᠷ ᠣᠯᠭᠤᠬᠤ ᠶᠢ ᠰᠢᠮᠳᠠᠭᠤᠯᠤᠨ᠎ᠠ ᠭᠡᠵᠡᠢ᠃ ᠬᠤᠷᠠᠯ ᠠᠴᠠ ᠴᠢᠬᠤᠯᠠᠴᠢᠯᠠᠬᠤ ᠳᠤ ᠪᠠᠨ᠂ ᠮᠠᠨ ᠤ ᠤᠯᠤᠰ ᠤᠨ ᠵᠠᠮ ᠬᠠᠷᠢᠯᠴᠠᠭᠠᠨ ᠤ ᠬᠥᠭᠵᠢᠯᠲᠡ ᠮᠡᠳᠡᠭᠳᠡᠮ᠎ᠡ ᠠᠮᠵᠢᠯᠲᠠ ᠣᠯᠣᠭᠰᠠᠨ ᠪᠣᠯᠪᠠᠴᠤ ᠵᠠᠮ ᠬᠠᠷᠢᠯᠴᠠᠭᠠᠨ ᠤ ᠲᠣᠣᠷ ᠰᠦᠯᠵᠢᠶᠡᠨ ᠤ ᠬᠥᠮᠥᠨ ᠳᠤᠮᠳᠠᠴᠢ ᠨᠢᠭᠲᠠᠴᠠ ᠮᠥᠨ ᠬᠦ ᠨᠡᠯᠢᠶᠡᠳ ᠳᠣᠣᠷ᠎ᠠ ᠪᠠᠶᠢᠭᠰᠠᠭᠠᠷ ᠶᠤᠮ᠃ ᠡᠶᠢᠮᠦ ᠠᠴᠠ ᠳᠤᠲᠠᠭᠤᠳᠠᠯ ᠢ ᠨᠥᠬᠦᠪᠦᠷᠢᠯᠡᠬᠦ ᠪᠡᠯᠡ ᠣᠷᠣᠭᠤᠯᠤᠯᠲᠠ ᠶᠢ ᠨᠡᠮᠡᠭᠳᠡᠭᠦᠯᠵᠦ᠂ ᠠᠵᠢᠯ ᠣᠯᠭᠤᠯᠲᠠ ᠪᠣᠯᠣᠨ ᠬᠡᠷᠡᠭᠯᠡᠭᠡ ᠶᠢᠨ ᠨᠡᠮᠡᠭᠳᠡᠯ ᠢ ᠳᠠᠶᠢᠴᠢᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠤᠯᠭᠠᠭᠤᠷᠢᠯᠠᠬᠤ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠵᠢᠯ ᠤᠨ ᠳᠣᠲᠣᠷ᠎ᠠ ᠪᠠᠰᠠ ᠨᠢᠭᠡ ᠪᠦᠯᠦᠭ ᠤᠯᠤᠰ ᠤᠨ ᠥᠨᠳᠥᠷ ᠬᠤᠷᠳᠤᠴᠠᠲᠤ ᠵᠠᠰᠠᠮᠠᠯ ᠵᠠᠮ ᠢ ᠬᠤᠯᠪᠣᠨ ᠨᠡᠪᠲᠡᠷᠡᠭᠦᠯᠬᠦ᠂ ᠮᠤᠵᠢ ᠶᠢᠨ ᠬᠤᠭᠤᠷᠣᠨᠳᠣᠬᠢ ᠵᠠᠰᠠᠮᠠᠯ ᠵᠠᠮ ᠤᠨ ᠪᠣᠭᠤᠮᠢ ᠬᠡᠰᠡᠭ ᠢ ᠰᠠᠭᠠᠳ ᠦᠭᠡᠢ ᠨᠡᠪᠲᠡᠷᠡᠭᠦᠯᠬᠦ᠂ ᠳᠣᠲᠣᠭᠠᠳᠤ ᠭᠤᠣᠯ ᠮᠥᠷᠡᠨ ᠤ ᠤᠰᠤᠨ ᠲᠡᠭᠡᠭᠡᠪᠦᠷᠢ ᠶᠢᠨ ᠵᠠᠮ ᠢ ᠪᠦᠲᠦᠭᠡᠨ ᠪᠠᠶᠢᠭᠤᠯᠬᠤ᠂ ᠭᠠᠷᠠᠮ ᠤᠨ ᠴᠢᠳᠠᠮᠵᠢ ᠶᠢ ᠳᠡᠭᠡᠭᠰᠢᠯᠡᠭᠦᠯᠬᠦ ᠵᠡᠷᠭᠡ ᠢᠨᠵᠧᠨᠧᠷᠢᠩ ᠤᠨ ᠠᠵᠢᠯ ᠢ ᠡᠬᠢᠯᠡᠭᠦᠯᠬᠦ ᠪᠠᠷ ᠪᠤᠢ᠃ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠤᠷᠳᠤ ᠬᠤᠭᠤᠴᠠᠭᠠᠨ ᠤ ᠳᠣᠣᠷ᠎ᠠ ᠬᠦᠦ ᠶᠢᠨ ᠵᠢᠭᠡᠯᠡᠯᠭᠡ ᠬᠠᠩᠭᠠᠯᠭᠠᠨ᠎ᠠ ᠭᠡᠵᠡᠢ᠃      ᠬᠤᠷᠠᠯ ᠠᠴᠠ ᠵᠢᠭᠠᠬᠤ ᠳᠤ ᠪᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠪᠠᠷ ᠨᠢᠭᠡᠳᠦᠯᠲᠡᠢ ᠲᠥᠯᠥᠪᠵᠢᠭᠦᠯᠬᠦ ᠶᠠᠪᠤᠴᠠ ᠳᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠳᠤ ᠲᠦᠰᠢᠭᠯᠡᠨ ᠡᠮᠴᠢᠯᠡᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠵᠦ᠂ ᠤᠯᠠᠨ ᠲᠦᠮᠡᠨ ᠤ ᠡᠷᠡᠭᠦᠯ ᠮᠡᠨᠳᠦ ᠶᠢ ᠨᠡᠩ ᠰᠠᠶᠢᠲᠤᠷ ᠪᠠᠲᠤᠯᠠᠬᠤ ᠬᠡᠷᠡᠭᠲᠡᠢ ᠭᠡᠵᠡᠢ᠃ ᠬᠤᠷᠠᠯ ᠠᠴᠠ᠂ ᠥᠨᠳᠥᠷ ᠬᠢᠷᠢ ᠲᠦᠪᠰᠢᠨ ᠪᠦᠬᠦᠢ ᠬᠡᠰᠡᠭ ᠡᠮᠨᠡᠯᠭᠡ ᠶᠢᠨ ᠬᠤᠷᠢᠶ᠎ᠠ ᠶᠢ ᠰᠣᠩᠭᠤᠨ ᠡᠮᠴᠢᠯᠡᠭᠡᠨ ᠤ ᠰᠤᠳᠤᠯᠭᠠᠨ ᠪᠠ ᠦᠷ᠎ᠡ ᠪᠦᠲᠦᠭᠡᠯ ᠢ ᠤᠯᠠᠷᠢᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠲᠤᠷᠰᠢᠯᠲᠠ ᠶᠢ ᠥᠷᠨᠢᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠡᠵᠡᠨ ᠮᠡᠳᠡᠬᠦ ᠡᠷᠬᠡ᠂ ᠴᠠᠯᠢᠩ ᠬᠥᠯᠥᠰᠦ ᠶᠢᠨ ᠤᠷᠮᠠᠰᠢᠭᠤᠯᠤᠯ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠥᠮᠴᠢᠯᠡᠯ ᠤᠨ ᠡᠷᠬᠡ ᠪᠠ ᠠᠰᠢᠭ ᠣᠷᠣᠯᠭ᠎ᠠ ᠶᠢᠨ ᠬᠡᠷᠡᠭᠯᠡᠯᠲᠡ ᠬᠤᠪᠢᠶᠠᠷᠢᠯᠠᠯᠲᠠ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠡᠮᠵᠢᠭᠦᠷᠯᠢᠭ ᠲᠥᠬᠦᠭᠡᠷᠦᠮᠵᠢ ᠶᠢ ᠬᠤᠳᠠᠯᠳᠤᠨ ᠠᠪᠬᠤ ᠵᠡᠷᠭᠡ 5 ᠲᠠᠯ᠎ᠠ ᠪᠠᠷ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ ᠭᠠᠵᠠᠷ ᠤᠨ ᠰᠢᠨ᠎ᠡ ᠶᠢ ᠡᠭᠦᠳᠬᠦ ᠶᠢ ᠳᠡᠮᠵᠢᠬᠦ ᠲᠠᠢ ᠠᠳᠠᠯᠢᠬᠠᠨ ᠲᠦᠷᠦ ᠶᠢᠨ ᠪᠣᠳᠣᠯᠭ᠎ᠠ ᠶᠢ ᠬᠡᠷᠡᠭᠵᠢᠭᠦᠯᠵᠦ᠂ ᠣᠨᠴᠠᠭᠠᠶᠢᠯᠠᠨ ᠡᠮᠴᠢᠯᠡᠭᠡᠨ ᠪᠠ ᠤᠯᠠᠷᠢᠭᠤᠯᠤᠯᠲᠠ ᠶᠢᠨ ᠰᠤᠳᠤᠯᠭᠠᠨ ᠤ ᠵᠠᠷᠤᠳᠠᠯ ᠢ ᠨᠡᠮᠡᠭᠳᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠪᠠ ᠵᠠᠷᠤᠳᠠᠯ ᠤᠨ ᠬᠠᠮᠢᠶᠠᠷᠤᠯᠲᠠ ᠶᠢᠨ ᠬᠢᠨᠠᠨ ᠵᠥᠪᠰᠢᠶᠡᠷᠡᠯ᠂ ᠮᠡᠳᠡᠭᠦᠯᠦᠯᠲᠡ ᠶᠢᠨ ᠬᠦᠰᠦᠨᠦᠭᠲᠦ ᠵᠡᠷᠭᠡ ᠶᠢ ᠳᠦᠭᠦᠮᠴᠢᠯᠡᠨ᠎ᠡ᠃ ᠡᠭᠦᠨ ᠤ ᠬᠠᠮᠲᠤ ᠰᠤᠳᠤᠯᠭᠠᠨ ᠤ ᠲᠠᠪᠴᠠᠩ ᠤᠨ ᠰᠠᠭᠤᠷᠢᠨ ᠭᠠᠵᠠᠷ ᠤᠨ ᠪᠠᠶᠢᠭᠤᠯᠤᠯᠲᠠ ᠶᠢ ᠳᠡᠮᠵᠢᠨ᠎ᠡ᠃ ᠤᠯᠠᠨ ᠲᠦᠮᠡᠨ ᠤ ᠡᠪᠡᠳᠴᠢᠨ ᠦᠵᠡᠭᠦᠯᠬᠦ ᠦᠨᠳᠦᠰᠦᠨ ᠬᠡᠷᠡᠭᠴᠡᠭᠡ ᠶᠢ ᠪᠠᠲᠤᠯᠠᠵᠤ᠂ ᠪᠠᠴᠢᠮ ᠠᠶᠤᠯᠲᠠᠢ ᠬᠦᠨᠳᠦ ᠡᠪᠡᠳᠴᠢᠨ ᠲᠠᠢ ᠡᠪᠡᠳᠴᠢᠲᠡᠨ ᠢ ᠡᠮᠴᠢᠯᠡᠭᠡᠨ ᠤ ᠪᠠᠶᠢᠭᠤᠯᠤᠮᠵᠢ ᠶᠢᠨ ᠬᠢᠨ ᠲᠦᠯᠬᠢᠯᠴᠡᠨ ᠲᠡᠪᠴᠢᠵᠦ ᠪᠣᠯᠬᠤ ᠦᠭᠡᠢ᠃ ᠣᠯᠠᠨ ᠲᠦᠮᠡᠨ ᠤ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠂ ᠬᠤᠪᠢ ᠬᠥᠮᠥᠨ ᠤ ᠮᠡᠳᠡᠭᠡ ᠵᠠᠩᠭᠢ ᠶᠢ ᠬᠠᠤᠯᠢ ᠶᠣᠰᠣᠭᠠᠷ ᠬᠠᠮᠠᠭᠠᠯᠠᠵᠤ᠂ ᠳᠤᠷ᠎ᠠ ᠪᠠᠷ ᠺᠣᠳ᠋ ᠣᠯᠭᠤᠬᠤ ᠶᠢ ᠬᠠᠤᠯᠢ ᠲᠣᠭᠲᠠᠭᠠᠯ ᠶᠣᠰᠣᠭᠠᠷ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠥᠨᠳᠥᠷ ᠬᠢᠷᠢ ᠲᠦᠪᠰᠢᠨ ᠪᠦᠬᠦᠢ ᠡᠮᠨᠡᠯᠭᠡ ᠶᠢᠨ ᠬᠤᠷᠢᠶ᠎ᠠ ᠠᠴᠠ ᠳᠡᠯᠡᠬᠡᠢ ᠶᠢᠨ ᠲᠡᠷᠢᠭᠦᠨ ᠤ ᠬᠢ ᠶᠢ ᠬᠠᠷᠠᠭᠠᠯᠠᠨ ᠦᠢᠯᠡᠴᠢᠯᠡᠭᠡᠨ ᠤ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠳᠠᠪᠠᠭᠤᠯᠢᠭ ᠢᠶᠠᠨ ᠪᠠᠳᠠᠷᠠᠭᠤᠯᠤᠨ ᠦᠨᠳᠦᠰᠦᠨ ᠱᠠᠲᠤᠨ ᠤ ᠡᠮᠨᠡᠯᠭᠡ ᠶᠢᠨ ᠬᠤᠷᠢᠶ᠎ᠠ ᠪᠣᠯᠣᠨ ᠪᠦᠬᠦᠯᠢ ᠴᠣᠭᠴᠠ ᠶᠢᠨ ᠡᠮᠴᠢᠯᠡᠭᠡᠨ ᠤ ᠦᠢᠯᠡᠴᠢᠯᠡᠭᠡ ᠶᠢᠨ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠠᠶᠢᠴᠢᠯᠠᠵᠤ᠂ ᠨᠡᠩ ᠤᠯᠠᠨ ᠠᠷᠠᠳ ᠲᠤ ᠠᠰᠢᠭ ᠬᠦᠷᠲᠡᠭᠡᠬᠦ ᠬᠡᠷᠡᠭᠲᠡᠢ ᠭᠡᠵᠦ ᠲᠣᠭᠲᠠᠭᠠᠪᠠ᠃
 
ᠢᠷᠡᠯᠲᠡ᠄ ᠦᠪᠦᠷ ᠮᠣᠩᠭᠤᠯ ‍ᠤᠨ‌ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号