ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠵᠤ᠂ ᠪᠥᠬᠦ | ᠨᠠᠮ ᠤᠨ ᠭᠡᠰᠢᠭᠦᠨ ᠣᠯᠠᠨ ᠲᠦᠮᠡᠨ ᠤ ᠢᠲᠡᠭᠡᠯ ᠪᠢᠰᠢᠷᠡᠯ ᠢ ᠤᠯᠠᠮ ᠨᠢᠭᠡ ᠠᠯᠬᠤᠮ ᠪᠠᠲᠤᠳᠬᠠᠨ᠂ ᠤᠷᠤᠭᠰᠢᠯᠠᠬᠤ | ᠬᠦᠴᠦᠨ ᠢ ᠨᠢᠭᠲᠠᠷᠠᠭᠤᠯᠵᠤ᠂ ᠰᠢᠨ᠎ᠡ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ ᠶᠢᠨ ᠲᠥᠯᠥᠭᠡ᠂ ᠣᠶᠢᠷ᠎ᠠ ᠳᠤ᠂ | ᠰᠠᠮᠠᠢ ᠰᠤᠮᠤᠨ ᠤ ᠵᠢᠷᠠᠨᠪᠤᠯᠠᠭ ᠭᠠᠴᠠᠭ᠎ᠠ ᠨᠢ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠳᠤᠵᠤ᠂ ᠰᠢᠨ᠎ᠡ | ᠠᠶᠠᠨ ᠳᠤ ᠡᠷᠡᠮᠡᠭᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠬᠤ︾ ᠭᠤᠤᠯ ᠰᠡᠳᠤᠪᠳᠤ | ᠣᠯᠠᠨ ᠲᠦᠮᠡᠨᠴᠢ ᠰᠣᠶᠣᠯ ᠤᠨ ᠬᠦᠳᠡᠯᠭᠡᠭᠡᠨ ᠥᠷᠨᠢᠭᠦᠯᠪᠡ᠃ ᠭᠠᠴᠠᠭ᠎ᠠ ᠳᠠᠭᠠᠭᠠᠴᠢᠯᠠᠭᠰᠠᠨ ᠰᠤᠮᠤᠨ ᠤ | ᠤᠳᠤᠷᠢᠳᠤᠯᠭ᠎ᠠ᠂ ᠭᠠᠴᠠᠭᠠᠨ ᠤ ︽ᠬᠤᠶᠠᠷ ᠵᠥᠪᠯᠡᠯ︾ ᠤᠨ ᠪᠥᠬᠦ ᠭᠡᠰᠢᠭᠦᠨ ᠵᠢᠴᠢ 100 ᠭᠠᠷᠤᠶ ᠮᠠᠯᠴᠢᠳ | ᠣᠷᠣᠯᠴᠠᠪᠠ᠃ | ᠬᠦᠳᠡᠯᠭᠡᠭᠡᠨ ᠨᠢ ᠮᠠᠯᠴᠢᠨ ᠲᠥᠯᠥᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠠᠴᠠ ᠡᠬᠢᠯᠡᠵᠦ᠂ | ᠰᠠᠮᠠᠢ ᠰᠤᠮᠤᠨ ᠤ ᠨᠠᠮ ᠤᠨ ᠬᠤᠷᠢᠶᠠᠨ ᠤ ᠱᠦᠵᠢ ᠰᠢᠷᠠᠶᠢᠪᠠᠨᠽᠠᠷ ᠨᠥᠬᠦᠷ ᠠᠴᠠ ᠮᠠᠯᠴᠢᠨ ᠲᠦᠮᠡᠨ ᠳᠤ ᠨᠠᠮ ᠤᠨ | ᠬᠢᠴᠢᠶᠡᠯ ᠤᠷᠤᠵᠤ᠂ ᠣᠯᠠᠨ ᠲᠦᠮᠡᠨ ᠢ ᠳᠠᠭᠠᠭᠤᠯᠤᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠳᠤᠮᠳᠠᠳᠤ ᠶᠢᠨ ᠦᠨᠳᠦᠰᠦᠲᠡᠨ ᠤ ᠬᠠᠮᠲᠤ | ᠴᠣᠭᠴᠠ ᠶᠢᠨ ᠤᠬᠠᠮᠰᠠᠷ ᠢ ᠪᠠᠲᠤ ᠴᠤᠭᠴᠠᠯᠠᠬᠤ᠂ ᠨᠠᠮ ᠤᠨ ᠲᠡᠦᠬᠡ ᠶᠢ ᠳᠠᠬᠢᠨ ᠡᠷᠭᠢᠴᠡᠭᠦᠯᠦᠨ ᠰᠣᠷᠣᠯᠴᠠᠵᠤ᠂ | ᠣᠯᠠᠨ ᠲᠦᠮᠡᠨ ᠳᠤ ᠦᠵᠡᠯ ᠰᠠᠨᠠᠭᠠᠨ ᠤ ᠬᠦᠮᠦᠵᠢᠯ ᠬᠦᠷᠳᠡᠭᠡᠨ᠂ ᠬᠦᠰᠡᠯᠡᠩ ᠢᠲᠡᠭᠡᠯ ᠵᠣᠷᠢᠭ ᠢ ᠨᠢ ᠤᠯᠠᠮ ᠨᠢᠭᠡ | ᠠᠯᠬᠤᠮ ᠪᠠᠲᠤᠳᠬᠠᠪᠠ᠂ ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠯᠠᠪᠲᠠᠶ ᠥᠨᠳᠥᠷ ᠪᠠᠷᠢᠮᠵᠢᠶ᠎ᠠ ᠪᠠᠷ ᠥᠪᠡᠷ ᠢ | ᠪᠠᠨ ᠴᠢᠩᠭ᠎ᠠ ᠱᠠᠭᠠᠷᠳᠠᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ | ᠲᠠᠢ ᠬᠤᠷᠠᠯᠳᠤᠬᠤ ᠶᠢ ᠪᠠᠶᠠᠷᠯᠠᠨ ᠤᠭᠲᠤᠶ᠎ᠠ ᠭᠡᠵᠦ ᠢᠯᠡᠷᠬᠡᠶᠢᠯᠡᠵᠡᠭᠡᠪᠡ᠃ | ᠵᠠᠯᠭᠠᠭᠠᠳ ᠡᠯᠪᠡᠭ ᠪᠠᠶᠠᠯᠢᠭ ᠤᠳᠬ᠎ᠠ ᠤᠷᠠᠯᠢᠭ ᠪᠡᠶ᠎ᠡ ᠲᠠᠮᠢᠷ ᠤᠨ ᠬᠥᠳᠡᠯᠭᠡᠭᠡᠨ ᠶᠠᠪᠤᠭᠳᠠᠭᠤᠯᠵᠤ᠂ ᠮᠣᠷᠢ | ᠤᠷᠤᠯᠳᠤᠬᠤ᠂ ᠪᠥᠬᠡ ᠪᠠᠷᠢᠯᠳᠤᠬᠤ᠂ ᠳᠡᠭᠡᠰᠦ ᠲᠠᠲᠠᠬᠤ᠂ ᠰᠣᠨᠢᠷᠬᠠᠯᠲᠠᠶ ᠬᠥᠳᠡᠯᠭᠡᠭᠡᠨ ᠵᠡᠷᠭᠡ ᠬᠤᠪᠢ ᠬᠥᠮᠦᠨ ᠪᠠ | ᠬᠠᠮᠲᠤ ᠶᠢᠨ ᠤᠷᠤᠯᠳᠤᠭᠠᠨ ᠢ ᠡᠬᠢᠯᠡᠭᠦᠯᠵᠦ᠂ ᠲᠤᠬᠠᠶ ᠶᠢᠨ ᠲᠠᠯᠠᠪᠠᠢ ᠶᠢ ᠬᠦᠷ ᠬᠦᠭᠵᠢᠶᠡᠨ ᠪᠠᠷ ᠪᠢᠯᠬᠠᠭᠤᠯᠪᠠ᠃ | ᠲᠤᠰ ᠤᠳᠠᠭᠠᠨ ᠤ ᠬᠦᠳᠡᠯᠭᠡᠭᠡᠨ ᠨᠢ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠦᠢᠯᠡᠳᠦᠯ ᠢ ᠭᠦᠢᠴᠡᠳ ᠪᠠᠳᠠᠷᠠᠭᠤᠯᠵᠤ᠂ ᠮᠠᠯᠴᠢᠳ ᠤᠨ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ | ᠪᠠᠶᠠᠯᠢᠭᠵᠢᠭᠤᠯᠵᠤ᠂ ᠮᠠᠯᠴᠢᠳ ᠤᠨ ᠶᠠᠭᠠᠷᠠᠯᠲᠠᠢ ᠠᠵᠢᠯ ᠬᠥᠳᠡᠯᠮᠦᠷᠢ ᠳᠤ ᠪᠠᠶᠠᠷ ᠪᠠᠶᠠᠰᠤᠯ ᠠᠪᠴᠢᠷᠠᠵᠤ᠂ ᠬᠥᠷᠰᠢ | ᠵᠡᠷᠭᠡᠯᠡᠳᠡᠭᠡ ᠶᠢᠨ ᠬᠤᠭᠤᠷᠣᠨᠳᠣᠬᠢ ᠬᠠᠶᠢᠷ᠎ᠠ ᠰᠡᠳᠬᠢᠯᠭᠡ ᠶᠢᠨ ᠰᠤᠯᠢᠯᠴᠠᠭ᠎ᠠ ᠶᠢ ᠠᠬᠢᠭᠤᠯᠬᠤ ᠶᠢᠨ ᠬᠠᠮᠲᠤ ᠰᠢᠨ᠎ᠡ | ᠴᠠᠭ ᠦᠶ᠎ᠡ ᠶᠢᠨ ᠮᠠᠯᠴᠢᠳ ᠤᠨ ᠢᠳᠡᠪᠬᠢᠲᠡᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢ | ᠳᠡᠭᠡᠭᠰᠢᠯᠡᠭᠦᠯᠪᠡ᠃ |