ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠠᠲᠤᠳᠬᠠᠵᠤ᠂ | ᠵᠠᠯᠠᠭᠤᠴᠤᠳ ᠤᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠠᠪᠴᠠᠩ ᠢ ᠪᠦᠬᠦ ᠬᠦᠴᠦᠨ ᠢᠶᠠᠷ ᠢᠶᠠᠨ ᠪᠠᠶᠢᠭᠤᠯᠤᠨ᠂ | ᠡᠪᠯᠡᠯ ᠤᠨ ᠨᠥᠯᠥᠭᠡᠯᠡᠬᠦ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠦᠨᠳᠦᠰᠦᠨ ᠱᠠᠲᠤᠨ ᠤ ᠡᠪᠯᠡᠯ ᠤᠨ | ᠵᠣᠬᠢᠶᠠᠨ ᠪᠠᠶᠢᠭᠤᠯᠤᠯᠲᠠ ᠶᠢᠨ ᠠᠮᠢᠵᠢᠷᠠᠯ ᠤᠨ ᠬᠦᠴᠦᠨ ᠢ ᠲᠠᠰᠤᠷᠠᠯᠲᠠ ᠦᠭᠡᠢ ᠨᠡᠮᠡᠭᠳᠡᠭᠦᠯᠬᠦ ᠶᠢᠨ ᠲᠥᠯᠦᠭᠡ᠂ | 2022 ᠣᠨ ᠤ 7 ᠰᠠᠷ᠎ᠠ ᠶᠢᠨ 26 ᠤ ᠡᠳᠦᠷ᠂ ᠮᠠᠨᠳᠤᠬᠤᠪᠤᠯᠠᠭ ᠪᠠᠯᠭᠠᠰᠤᠨ ᠤ ᠡᠪᠯᠡᠯ ᠤᠨ ᠬᠤᠷᠢᠶ᠎ᠠ ᠠᠴᠠ ᠡᠯ᠎ᠡ | ᠡᠪᠯᠡᠯ ᠤᠨ ᠡᠭᠦᠷ ᠤᠨ ᠵᠠᠯᠠᠭᠤᠴᠤᠳ ᠢ ᠵᠣᠬᠢᠶᠠᠨ ᠪᠠᠶᠢᠭᠤᠯᠵᠤ ᠬᠤᠰᠢᠭᠤ ᠡᠪᠯᠡᠯ ᠤᠨ ᠬᠤᠷᠢᠶᠠᠨ ᠤ ︽ | ᠵᠠᠯᠠᠭᠤᠴᠤᠳ ᠤᠨ ᠠᠶᠢᠯ︾ ᠤᠨ ᠰᠠᠭᠤᠷᠢᠨ ᠭᠠᠵᠠᠷ ᠲᠤ ᠭᠦᠨᠵᠡᠭᠡᠶᠢᠷᠡᠨ ᠲᠣᠭᠤᠷᠢᠨ ᠰᠤᠷᠤᠯᠴᠠᠬᠤ ᠠᠵᠢᠯᠯᠠᠭ᠎ᠠ | ᠥᠷᠨᠢᠭᠦᠯᠪᠡ᠃ | ᠰᠤᠷᠤᠯᠴᠠᠬᠤ ᠳᠤᠭᠤᠶᠢᠯᠠᠩ ᠤᠨ ᠬᠢᠨ ᠬᠤᠰᠢᠭᠤ ᠡᠪᠯᠡᠯ ᠤᠨ ᠬᠤᠷᠢᠶᠠᠨ ᠤ ︽ᠵᠠᠯᠠᠭᠤᠴᠤᠳ ᠤᠨ ᠠᠶᠢᠯ︾ | ᠤᠨ ᠰᠠᠭᠤᠷᠢᠨ ᠭᠠᠵᠠᠷ ᠤᠨ ᠡᠪᠯᠡᠯ ᠤᠨ ᠪᠠᠶᠢᠭᠤᠯᠤᠯᠲᠠ ᠶᠢᠨ ᠣᠨᠴᠠᠯᠢᠭ ᠢ ᠦᠵᠡᠵᠦ᠂ ᠡᠯ᠎ᠡ ᠡᠪᠯᠡᠯ ᠤᠨ | ᠪᠠᠶᠢᠭᠤᠯᠤᠯᠲᠠ ᠶᠢᠨ ᠠᠵᠢᠯ ᠤᠨ ᠠᠮᠵᠢᠯᠲᠠ ᠲᠠᠢ ᠲᠤᠷᠰᠢᠯᠭ᠎ᠠ ᠪᠠ ᠰᠢᠯᠢᠳᠡᠭ ᠠᠷᠭ᠎ᠠ ᠮᠠᠶ᠋ᠢᠭ ᠢ ᠨᠠᠷᠢᠨ ᠬᠢᠨᠠᠮᠠᠭᠠᠢ | ᠰᠣᠨᠤᠰᠤᠨ᠂ ᠢᠷᠡᠭᠡᠳᠦᠢ ᠶᠢᠨ ᠦᠨᠳᠦᠰᠦᠨ ᠱᠠᠲᠤᠨ ᠤ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠤᠨ | ᠬᠥᠭᠵᠢᠯᠲᠡ ᠶᠢᠨ ᠴᠢᠭᠯᠡᠯ ᠢ ᠭᠦᠨᠵᠡᠭᠡᠢ ᠰᠣᠯᠢᠯᠴᠠᠪᠠ᠃ ᠵᠠᠷᠢᠮ ᠡᠪᠯᠡᠯ ᠤᠨ ᠭᠡᠰᠢᠭᠦᠨ ᠵᠠᠯᠠᠭᠤᠴᠤᠳ | ᠢᠯᠡᠷᠬᠡᠶᠢᠯᠡᠬᠦ ᠳᠤ ᠪᠠᠨ᠂ ᠲᠤᠰ ᠤᠳᠠᠭᠠᠨ ᠤ ᠲᠣᠭᠤᠷᠢᠨ ᠰᠤᠷᠤᠯᠴᠠᠭᠰᠠᠨ ᠨᠢ ᠥᠪᠡᠷ ᠤᠨ ᠪᠡᠶ᠎ᠡ ᠳᠡᠭᠡᠨ ᠶᠡᠭᠡ | ᠰᠡᠩᠬᠡᠷᠡᠭᠦᠯᠦᠯ ᠥᠭᠴᠦ᠂ ᠲᠤᠰ ᠪᠡᠶ᠎ᠡ ᠶᠢᠨ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠠᠵᠢᠯ ᠢ ᠰᠠᠶᠢᠲᠤᠷ ᠬᠢᠬᠦ ᠳᠤ | ᠪᠠᠰᠠ ᠮᠠᠰᠢ ᠰᠠᠶᠢᠨ ᠲᠣᠯᠢ ᠪᠣᠯᠬᠤ ᠦᠢᠯᠡᠳᠦᠯ ᠲᠠᠢ ᠶᠤᠮ᠃ ᠳᠠᠷᠠᠭᠠᠴᠢ ᠶᠢᠨ ᠠᠯᠬᠤᠮ ᠤᠨ ᠠᠵᠢᠯ ᠤᠨ | ᠳᠤᠮᠳᠠ ᠪᠠᠨ ᠦᠷᠭᠦᠯᠵᠢᠯᠡᠨ ᠦᠵᠡᠯ ᠰᠠᠨᠠᠭ᠎ᠠ ᠪᠠᠨ ᠴᠢᠯᠦᠭᠡᠯᠡᠵᠦ᠂ ᠵᠣᠷᠢᠭᠲᠠᠢ ᠪᠠᠷ ᠰᠡᠳᠬᠢᠵᠦ ᠵᠣᠷᠢᠭᠲᠠᠢ ᠪᠠᠷ ᠬᠢᠵᠦ | ᠂ ᠳᠡᠷᠭᠡᠳᠡᠬᠢ ᠡᠪᠯᠡᠯ ᠤᠨ ᠭᠡᠰᠢᠭᠦᠨ ᠵᠠᠯᠠᠭᠤᠴᠤᠳ ᠲᠠᠢ ᠬᠠᠮᠲᠤ ᠪᠠᠷ ᠥᠪᠡᠷ ᠤᠨ ᠣᠨᠴᠠᠯᠢᠭ ᠲᠠᠢ ᠪᠥᠭᠡᠳ | ᠵᠠᠯᠠᠭᠤᠴᠤᠳ ᠤᠨ ᠪᠠᠭ᠋ᠠᠷᠬᠠᠯ ᠢ ᠣᠯᠣᠭᠰᠠᠨ ᠡᠪᠯᠡᠯ ᠤᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠎ᠠ᠃ | ᠲᠤᠰ ᠤᠳᠠᠭᠠᠨ ᠤ ᠲᠤᠭᠤᠷᠢᠨ ᠰᠤᠷᠤᠯᠴᠠᠯᠭ᠎ᠠ ᠨᠢ ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠲᠠᠲᠠᠬᠤ | ᠬᠦᠴᠦᠨ ᠪᠠ ᠨᠢᠭᠲᠠᠷᠠᠭᠤᠯᠬᠤ ᠬᠦᠴᠦᠨ ᠢ ᠪᠦᠲᠦᠮᠵᠢᠲᠡᠶ ᠪᠠᠷ ᠴᠢᠩᠭᠠᠳᠬᠠᠵᠤ᠂ ᠮᠠᠨ ᠤ ᠪᠠᠯᠭᠠᠰᠤᠨ ᠤ ᠥᠷᠭᠡᠨ | ᠤᠯᠠᠨ ᠡᠪᠯᠡᠯ ᠤᠨ ᠭᠡᠰᠢᠭᠦᠨ ᠵᠠᠯᠠᠭᠤᠴᠤᠳ ᠲᠤ ᠣᠳᠣᠬᠠᠨ ᠤ ᠪᠦᠬᠦ ᠡᠪᠯᠡᠯ ᠤᠨ ᠦᠨᠳᠦᠰᠦᠨ ᠱᠠᠲᠤ ᠶᠢ ᠶᠡᠬᠡᠪᠡᠷ | ᠠᠳᠬᠤᠬᠤ ᠢᠯᠡ ᠲᠣᠳᠣ ᠤᠳᠤᠷᠢᠳᠤᠮᠵᠢ ᠶᠢ ᠪᠤᠢ ᠪᠣᠯᠭᠠᠵᠤ᠂ ᠮᠠᠨ ᠤ ᠪᠠᠯᠭᠠᠰᠤᠨ ᠤ ᠡᠪ ᠬᠠᠮᠲᠤ ᠵᠠᠯᠠᠭᠤᠴᠤᠳ ᠤᠨ | ᠡᠪᠯᠡᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠠᠬᠢᠭᠤᠯᠤᠨ᠂ ᠪᠠᠰᠠ | ᠡᠪᠯᠡᠯ ᠤᠨ ᠵᠣᠬᠢᠶᠠᠨ ᠪᠠᠶᠢᠭᠤᠯᠤᠯᠲᠠ ᠶᠢᠨ ᠵᠠᠯᠠᠭᠤᠴᠤᠳ ᠢ ᠣᠶᠢᠯᠠᠭᠠᠬᠤ ᠪᠠ ᠵᠠᠯᠠᠭᠤᠴᠤᠳ ᠢ ᠪᠦᠲᠦᠮᠵᠢᠲᠡᠢ ᠪᠠᠷ | ᠬᠥᠲᠥᠯᠥᠨ ᠵᠢᠯᠤᠭᠤᠳᠬᠤ᠂ ᠵᠠᠯᠠᠭᠤᠴᠤᠳ ᠢ ᠵᠣᠬᠢᠶᠠᠨ ᠪᠠᠶᠢᠭᠤᠯᠬᠤ᠂ ᠵᠠᠯᠠᠭᠤᠴᠤᠳ ᠲᠤ ᠦᠢᠯᠡᠴᠢᠯᠡᠬᠦ | ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠵᠦ᠂ ᠮᠠᠨ ᠤ ᠪᠠᠯᠭᠠᠰᠤᠨ ᠤ ᠡᠪ ᠬᠠᠮᠲᠤ ᠵᠠᠯᠠᠭᠤᠴᠤᠳ ᠤᠨ ᠡᠪᠯᠡᠯ ᠤᠨ | ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠬᠤ ᠳᠤ ᠪᠠᠲᠤ ᠴᠢᠩᠭ᠎ᠠ ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ |