ᠬᠡᠦᠬᠡᠳ ᠰᠦᠯᠵᠢᠶᠡᠨ ᠳᠡᠭᠡᠷ᠎ᠡ ᠬᠢᠴᠢᠶᠡᠯ ᠣᠷᠣᠬᠤ ᠳᠤ ᠬᠥᠬᠡ ᠭᠡᠷᠡᠯ ᠠᠴᠠ ᠰᠡᠷᠭᠡᠶᠢᠯᠡᠬᠦ ᠨᠢᠳᠦᠨ ᠰᠢᠯ | ᠵᠡᠭᠦᠬᠦ ᠴᠢᠬᠤᠯᠠ ᠲᠠᠢ ᠦᠦ︖ ᠡᠭᠦᠨ ᠤ ᠲᠤᠬᠠᠶ ᠪᠡᠭᠡᠵᠢᠩ ᠬᠤᠲᠠ ᠶᠢᠨ ᠨᠢᠳᠦᠨ ᠤ ᠰᠠᠯᠠᠭᠠᠨ ᠤ ᠰᠤᠳᠤᠯᠬᠤ | ᠭᠠᠵᠠᠷ ᠤᠨ ᠳᠠᠷᠤᠭ᠎ᠠ᠂ ᠡᠷᠬᠢᠯᠡᠭᠴᠢ ᠡᠮᠴᠢ᠂ ᠪᠦᠬᠦ ᠤᠯᠤᠰ ᠤᠨ ᠬᠠᠷᠠᠭ᠎ᠠ ᠠᠯᠳᠠᠬᠤ ᠶᠢ ᠰᠡᠷᠭᠡᠶᠢᠯᠡᠬᠦ ᠠᠵᠢᠯ ᠤᠨ | ᠠᠯᠪᠠᠨ ᠭᠡᠷ ᠤᠨ ᠬᠠᠷᠢᠭᠤᠴᠠᠯᠭᠠᠲᠠᠨ ᠶᠢᠨ ᠽᠢ ᠪᠢᠩ ᠫᠷᠤᠹᠧᠰᠰᠤᠷ᠂ ᠮᠧᠯᠪᠧᠨ ᠶᠡᠭᠡ ᠰᠤᠷᠭᠠᠭᠤᠯᠢ ᠶᠢᠨ ᠨᠢᠳᠦᠨ ᠤ | ᠰᠢᠨᠵᠢᠯᠡᠬᠦ ᠤᠬᠠᠭᠠᠨ ᠤ ᠫᠷᠤᠹᠧᠰᠰᠤᠷ ᠾᠧ ᠮᠢᠩ ᠭᠤᠸᠠᠩ ᠬᠠᠷᠢᠭᠤᠯᠲᠠ ᠥᠭᠴᠡᠶ᠃ | ᠶᠢᠨ ᠽᠢ ᠪᠢᠩ ᠫᠷᠤᠹᠧᠰᠰᠤᠷ ᠲᠠᠨᠢᠯᠴᠠᠭᠤᠯᠬᠤ ᠳᠠᠭᠠᠨ᠂ ︽ᠡᠯᠧᠺᠳ᠋ᠷᠣᠨ ᠦᠢᠯᠡᠳᠭᠦᠨ ᠤ ᠳᠣᠲᠣᠷᠠᠬᠢ | ᠳᠡᠯᠭᠡᠴᠡ ᠠᠴᠠ ᠭᠠᠳᠠᠨ᠎ᠠ᠂ ᠪᠠᠶᠢᠭᠠᠯᠢ ᠶᠢᠨ ᠬᠡᠷᠡᠯ ᠳᠤ ᠪᠠᠰᠠ ᠡᠯ᠎ᠡ ᠳᠣᠯᠭᠢᠶᠠᠨ ᠪᠠᠭ ᠤᠨ ᠬᠡᠷᠡᠯ ᠪᠠᠶᠢᠳᠠᠭ᠂ | ᠡᠭᠦᠨ ᠳᠤ ᠣᠬᠤᠷ ᠳᠣᠯᠭᠢᠶᠠᠨ ᠤ ᠬᠥᠬᠡ ᠬᠡᠷᠡᠯ ᠪᠠᠭᠲᠠᠨ᠎ᠠ᠃ ᠣᠳᠣᠬᠠᠨ ᠤ ᠰᠢᠨᠵᠢᠯᠡᠬᠦ ᠤᠬᠠᠭᠠᠨ ᠤ ᠭᠡᠷᠡᠴᠢ | ᠪᠠᠷᠢᠮᠲᠠ ᠳᠤ ᠬᠥᠬᠡ ᠬᠡᠷᠡᠯ ᠪᠣᠯ ᠣᠶᠢᠷ᠎ᠠ ᠬᠠᠷᠠᠭ᠎ᠠ ᠡᠭᠦᠰᠭᠡᠬᠦ ᠭᠤᠤᠯ ᠰᠢᠯᠲᠠᠭᠠᠨ ᠮᠥᠨ᠂ ᠮᠥᠨ ᠴᠦ ᠪᠣᠶ ᠪᠥᠬᠦᠶ | ᠬᠥᠬᠡ ᠬᠡᠷᠡᠯ ᠨᠢ ᠴᠥᠮ ᠬᠥᠮᠦᠨ ᠤ ᠪᠡᠶ᠎ᠡ ᠳᠤ ᠬᠤᠤᠷᠲᠠᠶ ᠪᠢᠰᠢ᠂ ᠪᠠᠰᠠ ᠵᠢᠱᠢᠶᠡᠯᠡᠪᠡᠯ ᠠᠮᠢᠳᠤ ᠪᠣᠳᠠᠰ ᠤᠨ ᠬᠡᠮᠨᠡᠯ᠂ | ᠠᠮᠢᠳᠤ ᠪᠣᠳᠠᠰ ᠤᠨ ᠦᠶᠡᠯᠡᠯ ᠢ ᠲᠣᠬᠢᠷᠠᠭᠤᠯᠬᠤ ᠵᠡᠷᠭᠡ ᠦᠢᠯᠡᠳᠤᠯ ᠪᠠᠶᠢᠳᠠᠭ︾ ᠭᠡᠯᠡ᠃ ᠲᠡᠷᠡ᠄ ︽ᠪᠢᠳᠡ ᠬᠥᠬᠡ | ᠭᠡᠷᠡᠯ ᠤᠨ ᠬᠤᠤᠷ ᠬᠦᠨᠤᠭᠡᠯ ᠢ ᠬᠡᠲᠦᠷᠬᠡᠶ ᠲᠤᠮᠤᠷᠠᠭᠤᠯᠵᠤ ᠪᠣᠯᠬᠤ ᠦᠭᠡᠶ᠂ ᠭᠡᠪᠡᠴᠤ ᠬᠥᠬᠡ ᠭᠡᠷᠡᠯ ᠢ ᠪᠠᠰᠠ | ᠴᠢᠬᠤᠯᠠᠴᠢᠯᠠᠵᠤ ᠦᠵᠡᠬᠦ ᠬᠡᠷᠡᠭᠲᠡᠶ︾ ᠭᠡᠵᠡᠢ᠃ | ᠬᠥᠬᠡ ᠭᠡᠷᠡᠯ ᠰᠡᠷᠭᠡᠶᠢᠯᠡᠬᠦ ᠨᠢᠳᠦᠨ ᠰᠢᠯ ᠦᠨᠡᠬᠡᠷ ᠬᠡᠷᠡᠭᠴᠡᠭᠡ ᠲᠠᠢ ᠦᠦ ᠦᠭᠡᠢ ᠦᠦ︖ ᠶᠢᠨ ᠽᠢ ᠪᠢᠩ ᠤᠨ | ᠦᠵᠡᠬᠦ ᠪᠠᠷ᠂ ᠬᠢᠷᠢ ᠲᠡᠩᠴᠡᠭᠰᠡᠨ ᠬᠥᠬᠡ ᠬᠡᠷᠡᠯ ᠢ ᠰᠡᠷᠭᠡᠶᠢᠯᠡᠬᠦ ᠨᠢᠳᠦᠨ ᠰᠢᠯ ᠨᠢ ᠦᠨᠡᠬᠡᠷ ᠶᠠᠮᠠᠷ ᠨᠢᠭᠡᠨ ᠳᠣᠯᠭᠢᠶᠠᠨ | ᠲᠠᠰᠤᠯᠪᠤᠷᠢ ᠪᠤᠶᠤ ᠬᠡᠳᠦᠨ ᠳᠣᠯᠭᠢᠶᠠᠨ ᠲᠠᠰᠤᠯᠪᠤᠷᠢ ᠶᠢᠨ ᠬᠡᠷᠡᠯ ᠢ ᠬᠠᠯᠬᠠᠯᠠᠵᠤ ᠲᠠᠶᠢᠯᠤᠨ᠎ᠠ᠃ ᠲᠡᠷᠡ | ᠰᠠᠨᠠᠭᠤᠯᠬᠤ ᠳᠠᠭᠠᠨ᠂ ︽ᠡᠯᠧᠺᠳ᠋ᠷᠣᠨ ᠦᠢᠯᠡᠳᠭᠦᠨ ᠢ ᠣᠷᠳᠣ ᠬᠤᠭᠤᠴᠠᠭ᠎ᠠ ᠪᠠᠷ ᠬᠡᠷᠡᠭᠯᠡᠬᠦ ᠴᠢᠬᠤᠯᠠᠲᠠᠶ ᠨᠠᠰᠤᠨ ᠳᠤ | ᠭᠦᠷᠦᠭᠰᠡᠳ ᠥᠪᠡᠷ ᠤᠨ ᠪᠠᠶᠢᠳᠠᠯ ᠢᠶᠠᠨ ᠦᠨᠳᠦᠰᠦᠯᠡᠨ ᠬᠢᠷᠢ ᠲᠡᠩᠴᠡᠭᠰᠡᠨ ᠬᠥᠬᠡ ᠬᠡᠷᠡᠯ ᠤᠨ ᠰᠡᠷᠭᠡᠶᠢᠯᠡᠯᠲᠡ ᠶᠢᠨ | ᠨᠢᠳᠦᠨ ᠰᠢᠯ ᠢ ᠰᠣᠩᠭᠤᠨ ᠬᠡᠷᠡᠭᠯᠡᠬᠦ ᠪᠤᠯᠤᠨ᠎ᠠ᠂ ᠠᠳᠡ ᠬᠢᠷᠢ ᠲᠡᠩᠴᠡᠭᠦ ᠳᠤ ᠬᠥᠬᠡ ᠬᠡᠷᠡᠯ ᠤᠨ ᠰᠢᠭᠦᠷᠡᠯᠲᠡ ᠶᠢᠨ | ᠬᠠᠷᠢᠴᠠᠯ᠂ ᠬᠥᠬᠡ ᠬᠡᠷᠡᠯ ᠤᠨ ᠳᠣᠯᠭᠢᠶᠠᠨ ᠲᠠᠰᠤᠯᠪᠤᠷᠢ᠂ ᠪᠠᠷᠢᠮᠵᠢᠶᠠᠲᠤ ᠬᠡᠷᠡᠯ ᠤᠨ ᠤᠬᠠᠭᠠᠨ ᠤ ᠫᠠᠷᠠᠮᠧᠳ᠋ᠷ ᠵᠡᠷᠭᠡ | ᠪᠠᠭᠲᠠᠨ᠎ᠠ︾ ᠭᠡᠪᠡ᠃ ᠡᠭᠦᠨ ᠤ ᠬᠠᠮᠲᠤ ᠲᠡᠷᠡ ᠪᠠᠰᠠ᠄ ︽ᠦᠰᠦᠯᠲᠠ ᠪᠤᠶᠢᠵᠢᠯᠲᠠ ᠶᠢᠨ ᠬᠤᠭᠤᠴᠠᠭᠠᠨ ᠳᠠᠭᠠᠨ | ᠪᠠᠶᠢᠭ᠎ᠠ ᠬᠡᠦᠬᠡᠳ ᠪᠠᠭᠠᠴᠤᠳ ᠲᠤ ᠰᠢᠭᠤᠳ ᠬᠥᠬᠡ ᠬᠡᠷᠡᠯ ᠠᠴᠠ ᠰᠡᠷᠭᠡᠶᠢᠯᠡᠬᠦ ᠨᠢᠳᠦᠨ ᠰᠢᠯ ᠵᠡᠭᠦᠯᠭᠡᠬᠦ ᠶᠢ | ᠰᠠᠨᠠᠭᠠᠴᠢᠯᠠᠬᠤ ᠥᠬᠡᠶ᠂ ᠬᠠᠷᠢᠨ ᠡᠯᠧᠺᠳ᠋ᠷᠣᠨ ᠦᠢᠯᠡᠳᠭᠦᠨ ᠤ ᠬᠡᠷᠡᠭᠯᠡᠬᠦ ᠴᠠᠭ ᠢ ᠬᠢᠵᠠᠭᠠᠷᠯᠠᠵᠤ᠂ ᠬᠡᠷ ᠤᠨ ᠭᠠᠳᠠᠨᠠᠬᠢ | ᠬᠥᠳᠡᠯᠭᠡᠭᠡᠨ ᠢ ᠢᠯᠡᠭᠦᠬᠡᠨ ᠬᠢᠬᠦ ᠬᠡᠷᠡᠭᠲᠡᠶ︾ ᠭᠡᠯᠡ᠃ | ᠾᠧ ᠮᠢᠩ ᠭᠤᠸᠠᠩ ᠫᠷᠤᠹᠧᠰᠰᠤᠷ ᠪᠠᠰᠠ ᠬᠥᠬᠡ ᠬᠡᠷᠡᠯ ᠢ ᠰᠡᠷᠭᠡᠶᠢᠯᠡᠬᠦ ᠨᠢᠳᠦᠨ ᠰᠢᠯ ᠨᠢ ᠵᠣᠬᠢᠬᠤ | ᠦᠢᠯᠡᠳᠤᠯ ᠲᠠᠢ᠂ ᠭᠡᠪᠡᠴᠦ ᠬᠡᠲᠦᠷᠡᠭᠦᠯᠵᠦ ᠪᠣᠯᠬᠤ ᠥᠬᠡᠶ᠂ ︽ᠣᠲᠣ ᠪᠢᠳᠡ ᠮᠠᠰᠢ ᠣᠯᠠᠨ ᠡᠯᠧᠺᠳ᠋ᠷᠣᠨ | ᠳᠡᠯᠭᠡᠴᠡ ᠶᠢ ᠬᠡᠷᠡᠭᠯᠡᠬᠦ ᠳᠤ ᠦᠨᠡᠬᠡᠷ ᠬᠥᠬᠡ ᠬᠡᠷᠡᠯ ᠤᠨ ᠬᠠᠷᠢᠴᠠᠯ ᠨᠢ ᠥᠨᠳᠥᠷ ᠪᠠᠶᠢᠳᠠᠭ᠂ ᠡᠶᠢᠮᠦ ᠠᠴᠠ ᠵᠠᠷᠢᠮ | ᠦᠶ᠎ᠡ ᠳᠤ ᠬᠥᠬᠡ ᠬᠡᠷᠡᠯ ᠤᠨ ᠰᠢᠯ ᠢ ᠵᠣᠬᠢᠰᠲᠠᠶ ᠬᠡᠷᠡᠭᠯᠡᠬᠦ ᠨᠢ ᠨᠢᠳᠦ ᠶᠢ ᠬᠠᠮᠠᠭᠠᠯᠠᠬᠤ ᠳᠤ ᠵᠢᠭᠠᠬᠠᠨ ᠦᠢᠯᠡᠳᠤᠯ ᠲᠠᠢ | ᠪᠠᠶᠢᠵᠤ ᠮᠡᠳᠡᠨ᠎ᠡ᠂ ᠨᠢᠳᠦᠨ ᠤ ᠡᠪᠡᠳᠴᠢᠨ ᠢ ᠰᠡᠷᠭᠡᠶᠢᠯᠡᠬᠦ ᠪᠠᠷ ᠠᠪᠴᠤ ᠬᠡᠯᠡᠪᠡᠯ ᠦᠢᠯᠡᠳᠤᠯ ᠨᠢ ᠲᠡᠶᠢᠮᠦ ᠶᠡᠭᠡ ᠪᠢᠰᠢ | ᠶᠤᠮ᠃ ᠭᠡᠪᠡᠴᠦ ᠬᠥᠬᠡ ᠭᠡᠷᠡᠯ ᠠᠴᠠ ᠰᠡᠷᠭᠡᠶᠢᠯᠡᠬᠦ ᠨᠢᠳᠦᠨ ᠰᠢᠯ ᠬᠡᠷᠡᠭᠯᠡᠪᠡᠯ᠂ ᠨᠢᠳᠤᠨ ᠤ ᠲᠠᠭᠠᠯᠠᠮᠵᠢᠲᠠᠢ ᠬᠡᠮᠵᠢᠶ᠎ᠡ | ᠦᠨᠡᠬᠡᠷ ᠳᠡᠭᠡᠭᠰᠢᠯᠡᠨ᠎ᠡ ᠭᠡᠳᠡᠭ ᠢ ᠨᠢᠭᠡ ᠬᠡᠰᠡᠭ ᠰᠤᠳᠤᠯᠭᠠᠨ ᠲᠤᠷᠰᠢᠯᠲᠠ ᠪᠠᠷ ᠳᠠᠮᠵᠢᠨ ᠭᠡᠷᠡᠴᠢᠯᠡᠵᠦ ᠥᠩᠭᠡᠷᠡᠭᠰᠡᠨ | ᠶᠤᠮ︾ ᠭᠡᠰᠡᠨ ᠪᠠᠶᠢᠨ᠎ᠠ᠃ |