ᠵᠡᠭᠦᠨ ᠬᠠᠲᠠᠪᠴᠢ ᠪᠣᠭᠤᠮᠲᠠ ᠨᠢ ᠪᠣᠭᠤᠮᠲᠠ ᠨᠡᠪᠳᠡᠷᠡᠬᠦ ᠪᠠᠨ ᠰᠡᠷᠭᠦᠭᠡᠪᠡ
ᠨᠡᠶᠢᠲᠡᠯᠡᠭᠰᠡᠨ ᠴᠠᠭ᠄
2022/8/12
      7 ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠨᠢᠭᠡ ᠪᠦᠯᠦᠭ ᠳᠦᠭᠦᠷᠡᠩ ᠠᠴᠢᠶ᠎ᠠ ᠲᠠᠢ ᠨᠡᠭᠦᠷᠡᠰᠦᠨ ᠲᠡᠷᠭᠡ᠂ ᠴᠢᠩᠭᠡᠯᠢᠭ ᠤᠨ ᠲᠡᠷᠭᠡ ᠶᠢ ᠠᠷᠢᠭᠤᠳᠬᠠᠬᠤ᠂ ᠪᠠᠶᠢᠴᠠᠭᠠᠨ ᠰᠢᠯᠭᠠᠬᠤ ᠶᠠᠪᠤᠴᠠ ᠪᠠᠷ ᠪᠣᠭᠤᠮᠲᠠ ᠪᠠᠷ ᠤᠷᠤᠭᠰᠢᠲᠠᠢ ᠦᠩᠭᠡᠷᠡᠭᠰᠡᠨ ᠨᠢ᠂ ᠰᠢᠯᠢ ᠶᠢᠨ ᠭᠤᠣᠯ ᠠᠶᠢᠮᠠᠭ ᠤᠨ ᠵᠡᠭᠦᠨ ᠦᠵᠦᠮᠦᠴᠢᠨ ᠬᠤᠰᠢᠭᠤᠨ ᠤ ᠵᠡᠭᠦᠨ ᠬᠠᠲᠠᠪᠴᠢ ᠪᠣᠭᠤᠮᠲᠠ ᠶᠢᠨ ᠪᠣᠭᠤᠮᠲᠠ ᠨᠡᠪᠲᠡᠷᠡᠬᠦ ᠶᠢ ᠰᠡᠷᠭᠦᠭᠡᠭᠰᠡᠨ ᠢ ᠬᠠᠷᠠᠭᠤᠯᠵᠤ ᠪᠠᠶᠢᠨ᠎ᠠ᠃      ᠬᠢᠵᠢᠭ ᠤᠨ ᠪᠠᠶᠢᠳᠠᠯ ᠠᠴᠠ ᠪᠣᠯᠵᠤ᠂ 2021 ᠣᠨ ᠤ 9 ᠰᠠᠷ᠎ᠠ ᠳᠤ ᠵᠡᠭᠦᠨ ᠬᠠᠲᠠᠪᠴᠢ ᠪᠣᠭᠤᠮᠲᠠ ᠨᠢ ᠪᠣᠭᠤᠮᠲᠠ ᠨᠡᠪᠲᠡᠷᠡᠬᠦ ᠪᠠᠨ ᠵᠣᠭᠰᠤᠵᠤ᠂ ᠲᠣᠰ ᠪᠣᠭᠤᠮᠲᠠ ᠨᠢ ᠣᠯᠠᠨ ᠤᠯᠤᠰ ᠤᠨ ᠴᠢᠨᠠᠷᠲᠠᠢ ᠪᠠᠶᠢᠩᠭᠤ ᠶᠢᠨ ᠨᠡᠭᠡᠭᠡᠯᠲᠡ ᠲᠠᠢ ᠪᠣᠭᠤᠮᠲᠠ ᠳᠤ ᠬᠠᠷᠢᠶᠠᠯᠠᠭᠳᠠᠨ᠎ᠠ᠃ ᠤᠯᠤᠰ ᠤᠨ ︽ᠪᠣᠭᠤᠮᠲᠠ ᠶᠢᠨ ᠬᠢᠵᠢᠭ ᠢ ᠣᠷᠢᠳᠴᠢᠯᠠᠨ ᠰᠡᠷᠭᠡᠶᠢᠯᠡᠵᠤ᠂ ᠵᠠᠪᠰᠠᠷ ᠤᠨ ᠣᠷᠣᠨ ᠢ ᠪᠠᠶᠢᠭᠤᠯᠬᠤ︾ ᠱᠠᠭᠠᠷᠳᠠᠯᠭ᠎ᠠ ᠶᠣᠰᠣᠭᠠᠷ᠂ ᠪᠣᠭᠤᠮᠲᠠ ᠶᠢᠨ ᠤᠯᠤᠰ ᠤᠨ ᠡᠭᠦᠳᠡᠨ ᠤ ᠵᠡᠭᠦᠨ ᠪᠠᠷᠠᠭᠤᠨ ᠲᠠᠯ᠎ᠠ ᠳᠤ ᠨᠡᠭᠦᠷᠡᠰᠦ ︵ᠠᠭᠤᠷᠬᠠᠢ ᠶᠢᠨ ᠭᠠᠷᠤᠯᠲᠠ︶ ᠶᠢᠨ ᠴᠢᠩᠭᠡᠯᠢᠭ ᠢ ᠳᠡᠭᠦᠵᠢᠯᠡᠨ ᠲᠡᠭᠡᠭᠡᠪᠦᠷᠢᠯᠡᠬᠦ ᠲᠠᠯᠠᠪᠤᠷ ᠪᠠ ᠲᠦᠭᠦᠬᠡᠢ ᠲᠣᠰᠣ ᠶᠢ ᠲᠡᠭᠡᠭᠡᠪᠦᠷᠢᠯᠡᠬᠦ ᠲᠠᠯᠠᠪᠤᠷ ᠪᠠᠶᠢᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠲᠣᠭᠤᠷᠢᠭ ᠢ ᠬᠦᠷᠢᠶᠡᠯᠡᠨ ᠪᠢᠲᠡᠭᠦᠮᠵᠢᠯᠡᠬᠦ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠶᠢ ᠳᠡᠭᠡᠭᠰᠢᠯᠡᠭᠦᠯᠬᠦ᠂ ᠲᠥᠪᠯᠡᠷᠡᠨ ᠰᠠᠭᠤᠬᠤ ᠲᠣᠭᠤᠷᠢᠭ ᠢ ᠥᠭᠡᠷᠡᠴᠢᠯᠡᠬᠦ ᠪᠠ ᠡᠮᠴᠢᠯᠡᠭᠡᠨ ᠤ ᠬᠠᠶᠠᠭᠳᠠᠮᠠᠯ ᠪᠣᠳᠠᠰ ᠢ ᠬᠤᠣᠷ ᠦᠭᠡᠢ ᠪᠣᠯᠭᠠᠨ ᠰᠢᠢᠳᠪᠦᠷᠢᠯᠡᠬᠦ ᠢᠨᠵᠧᠨᠧᠷᠢᠩ ᠢ ᠪᠠᠶᠢᠭᠤᠯᠵᠤ ᠳᠠᠭᠤᠰᠬᠠᠪᠠ᠃ ᠲᠡᠭᠡᠭᠡᠪᠦᠷᠢᠯᠡᠬᠦ ᠠᠵᠢᠯ᠂ ᠲᠦᠷᠭᠡᠨ ᠳᠡᠷᠭᠡ ᠰᠣᠯᠢᠵᠤ ᠲᠡᠭᠡᠭᠡᠪᠦᠷᠢᠯᠡᠬᠦ᠂ ᠰᠡᠯᠪᠢᠨ ᠵᠠᠰᠠᠬᠤ ᠠᠵᠢᠯ᠂ ᠡᠳ᠋ ᠪᠣᠳᠠᠰ ᠤᠨ ᠰᠣᠯᠢᠯᠴᠠᠭ᠎ᠠ ᠵᠢᠴᠢ ᠠᠷᠢᠭᠤᠳᠬᠠᠬᠤ᠂ ᠬᠤᠭ ᠨᠣᠪᠰᠢ ᠶᠢ ᠰᠢᠢᠳᠪᠦᠷᠢᠯᠡᠬᠦ ᠡᠯ᠎ᠡ ᠭᠤᠭᠴᠣᠭᠠᠨ ᠤ ᠪᠥᠬᠦ ᠶᠠᠪᠤᠴᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠳᠤ᠂ ᠠᠵᠢᠯᠲᠠᠨ ᠳᠤ ︽N+7︾᠂ ︽ᠬᠤᠶᠠᠷ ᠴᠡᠭ ᠨᠢᠭᠡ ᠱᠤᠭᠤᠮ︾ ᠤᠨ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ ᠬᠡᠷᠡᠭᠵᠢᠭᠦᠯᠵᠦ᠂ ᠬᠠᠮᠢᠶᠠᠷᠤᠯᠲᠠ ᠶᠢᠨ ᠣᠷᠣᠨ ᠳᠤ ᠨᠡᠶᠢᠳᠡᠮ ᠳᠤᠨᠢ ᠬᠢᠨᠠᠨ ᠡᠵᠡᠮᠳᠡᠭᠦᠷ ᠣᠭᠰᠠᠷᠴᠤ᠂ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠣᠷᠣᠨ ᠳᠤ ᠪᠦᠬᠦᠨ ᠢ ᠬᠢᠨᠠᠨ ᠡᠵᠡᠮᠳᠡᠬᠦ ᠶᠢ ᠦᠨᠡᠨᠬᠦ ᠪᠠᠲᠤᠯᠠᠵᠤ᠂ ᠪᠥᠬᠦ ᠬᠦᠴᠦᠨ ᠢᠶᠠᠷ ᠢᠶᠠᠨ ᠠᠶᠤᠯᠬᠦᠢ ᠪᠠ ᠰᠠᠭᠠᠳ ᠦᠭᠡᠢ ᠨᠡᠪᠲᠡᠷᠡᠬᠦ ᠶᠢ ᠪᠠᠲᠤᠯᠠᠪᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠣᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号