ᠵᠢᠨᠵᠧᠦ ᠭᠠᠷᠠᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠵᠡᠭᠦᠨ ᠦᠵᠦᠮᠦᠴᠢᠨ ᠬᠤᠰᠢᠭᠤᠨ ᠳᠤ ᠢᠷᠡᠵᠦ ᠵᠡᠭᠦᠨ ᠬᠠᠳᠠᠪᠴᠢ ᠤᠯᠠᠨ ᠤᠯᠤᠰ ᠤᠨ ᠪᠣᠳᠠᠰ ᠤᠨ ᠭᠦᠢᠯᠭᠡᠭᠡᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠦᠷᠦᠯ ᠵᠦᠢᠯ ᠲᠠᠢ ᠵᠣᠯᠭᠠᠭᠤᠯᠪᠠ
ᠨᠡᠶᠢᠲᠡᠯᠡᠭᠰᠡᠨ ᠴᠠᠭ᠄
2022/8/2
      7 ᠰᠠᠷ᠎ᠠ ᠶᠢᠨ 7 ᠤ ᠡᠳᠦᠷ ᠠᠴᠠ 8 ᠤ ᠡᠳᠦᠷ ᠪᠣᠯᠲᠠᠯ᠎ᠠ᠂ ᠵᠢᠨᠵᠧᠦ ᠭᠠᠷᠠᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠳᠡᠳ᠋ ᠶᠡᠷᠦᠩᠬᠡᠢ ᠵᠠᠬᠢᠷᠤᠯ ᠼᠤᠤ ᠴᠧᠩ ᠨᠠᠷ ᠵᠡᠭᠦᠨ ᠦᠵᠦᠮᠦᠴᠢᠨ ᠬᠤᠰᠢᠭᠤᠨ ᠳᠤ ᠢᠷᠡᠵᠦ᠂ ᠵᠡᠭᠦᠨ ᠬᠠᠲᠠᠪᠴᠢ ᠣᠯᠠᠨ ᠤᠯᠤᠰ ᠤᠨ ᠪᠣᠳᠠᠰ ᠤᠨ ᠭᠦᠢᠯᠭᠡᠭᠡᠨ ᠤ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠲᠤᠭᠤᠷᠢᠭ ᠲᠤ ᠰᠢᠨᠵᠢᠯᠡᠨ ᠪᠠᠶᠢᠴᠠᠭᠠᠪᠠ᠃ ᠡᠩ ᠲᠡᠷᠢᠭᠦᠨ ᠳᠤ᠂ ᠵᠡᠭᠦᠨ ᠬᠠᠲᠠᠪᠴᠢ ᠪᠣᠭᠤᠮᠲᠠ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠵᠤ᠂ ᠳᠠᠷᠠᠭ᠎ᠠ ᠪᠠᠷ ᠨᠢ ᠬᠤᠰᠢᠭᠤ ᠵᠠᠰᠠᠭ ᠤᠨ ᠣᠷᠳᠣᠨ ᠤ ᠤᠳᠤᠷᠢᠳᠤᠯᠭ᠎ᠠ ᠲᠠᠢ ᠶᠠᠷᠢᠯᠴᠠᠬᠤ ᠬᠤᠷᠠᠯ ᠬᠤᠷᠠᠯᠳᠣᠭᠤᠯᠪᠠ᠃ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ ᠬᠤᠷᠠᠯ ᠡᠷᠭᠢᠯᠡᠵᠦ᠂ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠴᠠᠩ ᠵᠧᠩ᠂ ᠵᠡᠭᠦᠨ ᠬᠠᠳᠠᠪᠴᠢ ᠪᠣᠭᠤᠮᠲᠠ ᠶᠢᠨ ᠳᠠᠷᠤᠭ᠎ᠠ  ᠳᠠᠪᠰᠢᠯᠲᠦ᠂ ᠬᠢᠯᠢ ᠶᠢᠨ ᠪᠠᠶᠢᠴᠠᠭᠠᠯᠲᠠ ᠶᠢᠨ ᠥᠷᠲᠡᠭᠡᠨ ᠤ ᠳᠠᠷᠤᠭ᠎ᠠ ᠫᠠᠩ ᡁᠢ ᠭᠠᠩ᠂ ᠬᠤᠰᠢᠭᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠣᠭᠤᠮᠲᠠ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠠᠮᠢᠶ᠎ᠠ ᠪᠦᠬᠦᠢ ᠬᠠᠷᠢᠭᠤᠴᠠᠯᠭᠠᠲᠠᠨ ᠵᠢᠴᠢ ᠵᠡᠭᠦᠨ ᠬᠤᠶᠢᠲᠤ ᠶᠢᠨ ᠲᠡᠯᠡᠶ ᠬᠠᠭᠤᠷᠠᠢ ᠶᠢᠨ ᠰᠢᠨ᠎ᠡ ᠨᠡᠪᠲᠡᠷᠬᠡᠢ ᠵᠠᠮ ᠤᠨ ᠬᠤᠯᠪᠣᠭᠠᠨ ᠤ ᠣᠶᠤᠨ ᠤ ᠬᠥᠮᠥᠷᠭᠡ ᠶᠢᠨ ᠲᠤᠰᠬᠠᠢ ᠮᠡᠷᠭᠡᠵᠢᠯᠲᠡᠨ ᠪᠢ ᠳ᠋ᠧ ᠯᠢ᠂ ᠵᠢᠨᠵᠧᠦ ᠭᠠᠷᠠᠮ ᠤᠨ ᠨᠡᠪᠲᠡᠷᠬᠡᠢ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠪ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠢᠨᠵᠢᠯᠡᠨ ᠪᠠᠶᠢᠴᠠᠭᠠᠬᠤ ᠶᠠᠷᠢᠯᠴᠠᠬᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠼᠤᠤ ᠴᠧᠩ ᠵᠢᠨᠵᠧᠦ ᠭᠠᠷᠠᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠭᠵᠢᠯᠲᠡ ᠶᠢᠨ ᠶᠠᠪᠤᠴᠠ᠂ ᠲᠤᠬᠠᠶᠢᠯᠠᠭᠰᠠᠨ ᠠᠵᠢᠯ ᠤᠨ ᠬᠠᠮᠤᠷᠬᠤ ᠬᠦᠷᠢᠶ᠎ᠡ ᠬᠡᠪᠴᠢᠶ᠎ᠡ ᠵᠡᠷᠭᠡ ᠶᠢᠨ ᠲᠣᠭᠤᠷᠢᠨ ᠳᠤ ᠪᠦᠬᠦ ᠲᠠᠯ᠎ᠠ ᠶᠢᠨ ᠲᠠᠨᠢᠯᠴᠠᠭᠤᠯᠭ᠎ᠠ ᠬᠢᠵᠡᠢ᠃ ᠲᠡᠷᠡ᠂ ᠵᠢᠨᠵᠧᠦ ᠶᠢᠨ ᠣᠷᠣᠨ ᠪᠠᠶᠢᠷᠢ ᠶᠢᠨ ᠳᠠᠪᠠᠭᠤᠯᠢᠭ ᠲᠤ ᠲᠦᠰᠢᠭᠯᠡᠨ᠂ ᠵᠢᠨᠵᠧᠦ ᠭᠠᠷᠠᠮ ᠤᠨ ᠪᠣᠭᠤᠮᠲᠠ ᠪᠣᠯᠣᠨ ᠵᠡᠭᠦᠨ ᠬᠠᠳᠠᠪᠴᠢ ᠪᠣᠭᠤᠮᠲᠠ ᠶᠢ ᠰᠢᠨ᠎ᠡ ᠨᠡᠪᠲᠡᠷᠬᠡᠢ ᠵᠠᠮ ᠤᠨ ᠬᠠᠮᠤᠭ ᠤᠨ ᠰᠢᠯᠢᠳᠡᠭ ᠬᠤᠶᠠᠷ ᠴᠢᠬᠤᠯᠠ ᠵᠠᠩᠭᠢᠯᠠᠭ᠎ᠠ ᠶᠢᠨ ᠪᠣᠭᠤᠮᠲᠠ ᠪᠣᠯᠭᠠᠵᠤ᠂ ᠪᠣᠳᠠᠰ ᠤᠨ ᠭᠦᠢᠯᠭᠡᠭᠡᠨ ᠤ ᠲᠣᠣᠷ ᠤᠨ ᠪᠠᠶᠢᠭᠤᠯᠤᠯᠲᠠ ᠶᠢ ᠲᠦᠷᠭᠡᠳᠬᠡᠵᠦ᠂ ︽ᠭᠠᠷᠠᠮ + ᠨᠡᠪᠲᠡᠷᠬᠡᠢ ᠵᠠᠮ + ᠳᠣᠲᠣᠭᠠᠳᠤ ᠬᠠᠭᠤᠷᠠᠢ ᠶᠢᠨ ᠭᠠᠷᠠᠮ︾ ᠤᠨ ᠪᠣᠳᠠᠰ ᠤᠨ ᠭᠦᠢᠯᠭᠡᠭᠡᠨ ᠤ ᠠᠵᠢᠯᠯᠠᠭᠠᠨ ᠤ ᠰᠢᠰᠲ᠋ᠧᠮ ᠢ ᠪᠠᠶᠢᠭᠤᠯᠤᠨ᠎ᠠ ᠭᠡᠵᠦ ᠢᠯᠡᠷᠬᠡᠶᠢᠯᠡᠪᠡ᠃ ᠪᠢ ᠳ᠋ᠧ ᠯᠢ ᠵᠡᠭᠦᠨ ᠬᠤᠶᠢᠲᠤ ᠶᠢᠨ ᠡᠬᠡ ᠬᠠᠭᠤᠷᠠᠢ ᠳᠠᠯᠠᠢ ᠲᠠᠩᠭᠢᠰ ᠤᠨ ᠰᠢᠨ᠎ᠡ ᠨᠡᠪᠲᠡᠷᠬᠡᠢ ᠵᠠᠮ ᠤᠨ ᠲᠡᠦᠬᠡᠨ ᠠᠬᠤᠢ ᠪᠠᠶᠢᠳᠠᠯ᠂ ᠣᠳᠣᠬᠢ ᠪᠠᠶᠢᠳᠠᠯ ᠵᠢᠴᠢ ᠢᠷᠡᠭᠡᠳᠦᠢ ᠶᠢᠨ ᠬᠥᠭᠵᠢᠯᠲᠡ ᠶᠢᠨ ᠬᠠᠨᠳᠤᠰᠢ ᠶᠢᠨ ᠲᠠᠯ᠎ᠠ ᠪᠠᠷ ᠲᠤᠰᠬᠠᠢ ᠮᠡᠷᠭᠡᠵᠢᠯ ᠤᠨ ᠲᠠᠨᠢᠯᠴᠠᠭᠤᠯᠭ᠎ᠠ ᠬᠢᠵᠡᠢ᠃      ᠰᠢᠦᠢ ᠶᠢᠩ ᠵᠢᠶᠠᠨ ᠵᠡᠭᠦᠨ ᠬᠠᠲᠠᠪᠴᠢ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠣᠳᠣᠬᠢ ᠪᠠᠶᠢᠳᠠᠯ᠂ ᠪᠣᠭᠤᠮᠲᠠ ᠪᠠᠷ ᠥᠩᠭᠡᠷᠡᠬᠦ ᠪᠠᠶᠢᠳᠠᠯ ᠵᠡᠷᠭᠡ ᠶᠢ ᠪᠦᠬᠦ ᠲᠠᠯ᠎ᠠ ᠪᠠᠷ ᠲᠠᠨᠢᠯᠴᠠᠭᠤᠯᠪᠠ᠃ ᠲᠡᠷᠡ᠂ ᠵᠢᠨᠵᠧᠦ ᠭᠠᠷᠠᠮ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠨᠢ ᠮᠠᠨ ᠤ ᠬᠤᠰᠢᠭᠤᠨ ᠤ ᠠᠷᠠᠯᠵᠢᠶᠠᠴᠢᠨ ᠤᠷᠢᠵᠤ ᠪᠡᠯᠡ ᠣᠷᠣᠭᠤᠯᠤᠨ ᠵᠥᠪᠳᠡᠯᠴᠡᠬᠦ ᠶᠢ ᠵᠣᠯᠭᠠᠭᠤᠯᠬᠤ ᠴᠢᠬᠤᠯᠠ ᠠᠵᠤ ᠠᠬᠤᠶᠢᠯᠠᠯ ᠪᠣᠯᠤᠭᠰᠠᠨ ᠤ ᠬᠤᠪᠢ ᠳᠤ ᠵᠡᠭᠦᠨ ᠬᠤᠶᠢᠲᠤ ᠶᠢᠨ ᠲᠡᠯᠡᠶ ᠬᠠᠭᠤᠷᠠᠢ ᠶᠢᠨ ᠰᠢᠨ᠎ᠡ ᠨᠡᠪᠲᠡᠷᠬᠡᠢ ᠵᠠᠮ ᠤᠨ ᠪᠦᠲᠦᠭᠡᠨ ᠪᠠᠶᠢᠭᠤᠯᠤᠯᠲᠠ ᠳᠤ ᠲᠦᠰᠢᠭᠯᠡᠨ ᠵᠡᠭᠦᠨ ᠬᠠᠳᠠᠪᠴᠢ ᠪᠣᠭᠤᠮᠲᠠ ᠶᠢᠨ ᠪᠣᠳᠠᠰ ᠤᠨ ᠭᠦᠢᠯᠭᠡᠭᠡᠨ ᠤ ᠲᠣᠭᠤᠷᠢᠭ ᠪᠣᠯᠣᠨ ᠲᠡᠮᠦᠷ ᠵᠠᠮ ᠤᠨ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠨᠢᠭᠲᠠ ᠬᠤᠯᠪᠣᠭᠠᠯᠠᠭᠤᠯᠬᠤ ᠶᠢᠨ ᠬᠠᠮᠲᠤ ᠺᠣᠮᠫᠠᠨᠢ ᠶᠢᠨ ᠴᠢᠬᠤᠯᠠ ᠵᠥᠪᠯᠡᠬᠦ ᠵᠦᠢᠯ ᠳᠤ ᠣᠷᠣᠭᠤᠯᠬᠤ ᠶᠢ ᠬᠦᠰᠡᠵᠦ ᠪᠠᠶᠢᠨ᠎ᠠ ᠭᠡᠪᠡ᠃      ᠵᠢᠨᠵᠧᠦ ᠭᠠᠷᠠᠮ ᠤᠨ ᠨᠡᠪᠲᠡᠷᠬᠡᠢ ᠵᠠᠮ ᠤᠨ ᠪᠦᠲᠦᠭᠡᠨ ᠪᠠᠶᠢᠭᠤᠯᠤᠯᠲᠠ ᠶᠢᠨ ᠲᠥᠪ ᠨᠢ ᠬᠤᠰᠢᠭᠤ ᠬᠠᠮᠢᠶ᠎ᠠ ᠪᠦᠬᠦᠢ ᠰᠠᠯᠠᠭ᠎ᠠ ᠮᠥᠴᠢᠷ ᠯᠦᠭᠡ ᠪᠣᠳᠠᠰ ᠤᠨ ᠭᠦᠢᠯᠭᠡᠭᠡᠨ ᠤ  ᠲᠣᠭᠤᠷᠢᠭ ᠤᠨ ᠰᠠᠭᠤᠷᠢ ᠪᠦᠲᠦᠭᠡᠨ ᠪᠠᠶᠢᠭᠤᠯᠤᠯᠲᠠ᠂ ᠠᠶᠤᠯᠲᠠᠢ ᠪᠣᠳᠠᠰ ᠤᠨ ᠡᠵᠡᠩᠨᠡᠯᠲᠡ ᠶᠢᠨ ᠬᠢᠷᠢ ᠬᠡᠮ ᠤᠨ ᠴᠣᠬᠤᠯᠠᠪᠤᠷᠢ᠂ ᠲᠡᠭᠡᠭᠡᠪᠦᠷᠢ ᠶᠢᠨ ᠨᠡᠪᠲᠡᠷᠬᠡᠢ ᠵᠠᠮ ᠤᠨ ᠪᠦᠲᠦᠭᠡᠨ ᠪᠠᠶᠢᠭᠤᠯᠤᠯᠲᠠ ᠵᠢᠴᠢ ᠪᠣᠭᠤᠮᠲᠠ ᠪᠠᠷ ᠥᠩᠭᠡᠷᠡᠬᠦ ᠪᠣᠭᠤᠮᠲᠠ ᠳᠤ ᠮᠡᠳᠡᠭᠦᠯᠬᠦ ᠵᠡᠷᠭᠡ ᠬᠠᠮᠲᠤᠷᠠᠯᠴᠠᠭᠠᠨ ᠤ ᠵᠥᠪᠯᠡᠯᠴᠡᠭᠡᠷ ᠤᠨ ᠨᠠᠷᠢᠨ ᠳᠦᠷᠢᠮ ᠤᠨ ᠲᠠᠯ᠎ᠠ ᠪᠠᠷ ᠭᠦᠢᠴᠡᠳ ᠰᠣᠯᠢᠯᠴᠠᠭ᠎ᠠ  ᠬᠢᠪᠡ᠃      ᠳᠠᠷᠠᠭᠠᠴᠢ ᠶᠢᠨ ᠠᠯᠬᠤᠮ ᠳᠤ᠂ ᠬᠤᠶᠠᠷ ᠲᠠᠯ᠎ᠠ ᠪᠠᠷ ᠢᠶᠠᠨ ᠵᠥᠪᠯᠡᠯᠴᠡᠭᠡᠷ ᠤᠨ ᠨᠠᠷᠢᠨ ᠳᠦᠷᠢᠮ᠂ ᠲᠥᠯᠦᠪᠵᠢᠭᠦᠯᠭᠡ ᠶᠢᠨ ᠲᠥᠰᠥᠯ ᠢ ᠰᠢᠨᠡᠳᠬᠡᠨ ᠲᠡᠭᠦᠯᠳᠡᠷᠵᠢᠭᠦᠯᠦᠨ᠎ᠡ᠃ ᠲᠥᠷᠥᠯ ᠵᠦᠢᠯ ᠢ ᠡᠷᠲᠡᠬᠡᠨ ᠨᠠᠶᠢᠳᠠᠪᠤᠷᠢᠵᠢᠭᠤᠯᠵᠤ ᠠᠵᠢᠯ ᠡᠬᠢᠯᠡᠭᠦᠯᠬᠦ ᠶᠢ ᠠᠬᠢᠭᠤᠯᠤᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠤᠷᠴᠢᠭᠤᠯᠭ᠎ᠠ ᠶᠢᠨ ᠲᠠᠰᠤᠭ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号