ᠦᠪᠣᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠬᠠᠷᠢᠯᠴᠠᠭ᠎ᠠ ᠵᠦᠬᠡᠬᠡᠪᠦᠷᠢ ᠶᠢᠨ ᠲᠢᠩᠬᠢᠮ ᠤᠨ | ᠲᠦᠷᠦᠬᠦᠭᠡᠨ ᠨᠡᠶᠢᠲᠡᠯᠡᠭᠰᠡᠨ ᠮᠡᠳᠡᠭᠡ ᠶᠢ ᠦᠨᠳᠦᠰᠦᠯᠡᠪᠡᠯ᠂ ᠮᠠᠨ ᠤ ᠣᠷᠣᠨ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠪᠣᠬᠢᠷᠲᠤᠯ ᠥᠬᠡᠶ ᠵᠠᠮ ᠬᠠᠷᠢᠯᠴᠠᠭ᠎ᠠ ᠵᠦᠬᠡᠬᠡᠪᠦᠷᠢ ᠶᠢᠨ ᠰᠢᠰᠲ᠋ᠧᠮ ᠢ ᠪᠠᠶᠢᠭᠤᠯᠬᠤ ᠶᠢᠨ ᠲᠦᠯᠦᠬᠡ | ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭ᠎ᠠ᠂ ᠲᠦᠷᠢᠶᠡᠰᠦᠨ ᠮᠠᠰᠢᠨ᠂ ᠪᠣᠳᠠᠰ ᠤᠨ ᠬᠦᠢᠯᠬᠡᠬᠡ ᠵᠡᠷᠭᠡ ᠣᠯᠠᠨ | ᠨᠡᠶᠢᠲᠡ ᠶᠢᠨ ᠦᠢᠯᠡᠴᠢᠯᠡᠬᠡᠨ ᠤ ᠲᠡᠷᠭᠡ ᠬᠥᠰᠬᠡ ᠳᠤ ᠰᠢᠨ᠎ᠡ ᠡᠨᠧᠷᠭᠢ ᠵᠢᠴᠢ ᠴᠡᠪᠡᠷ ᠡᠨᠧᠷᠭᠢ ᠬᠡᠷᠡᠭᠯᠡᠬᠦ ᠶᠢ | ᠠᠬᠢᠭᠤᠯᠵᠤ᠂ 2025 ᠣᠨ ᠪᠣᠯᠬᠤ ᠳᠤ ᠪᠥᠬᠦ ᠣᠷᠣᠨ ᠤ ᠰᠢᠨ᠎ᠡ ᠡᠨᠧᠷᠭᠢ ᠵᠢᠴᠢ ᠴᠡᠪᠡᠷ ᠡᠨᠧᠷᠭᠢ ᠶᠢᠨ | ᠨᠡᠶᠢᠲᠡ ᠶᠢᠨ ᠮᠠᠰᠢᠨ ᠲᠡᠷᠭᠡᠨ ᠤ ᠬᠠᠷᠢᠴᠠᠯ ᠢ 80% ᠳᠤ ᠬᠦᠷᠭᠡᠬᠦ ᠪᠠᠷ ᠪᠣᠢ᠃ ᠡᠭᠦᠨ ᠤ ᠬᠠᠮᠲᠤ᠂ ᠴᠠᠬᠢᠯᠭᠠᠨ | ᠬᠦᠴᠦ᠂ ᠤᠰᠤᠲᠥ᠋ᠷᠥᠭᠴᠢ ᠲᠦᠯᠡᠰᠢ ᠶᠢᠨ ᠲᠡᠷᠭᠡ ᠬᠥᠰᠬᠡ ᠪᠠᠷ ᠰᠢᠲᠠᠭᠠᠯᠭ᠎ᠠ ᠶᠢᠨ ᠲᠣᠰᠣᠨ ᠤ ᠲᠡᠷᠭᠡ ᠬᠥᠰᠬᠡ ᠶᠢ | ᠣᠷᠣᠯᠠᠭᠤᠯᠬᠤ ᠶᠢ ᠯᠠᠪᠳᠠᠭᠤᠨ ᠢᠶᠠᠷ ᠠᠬᠢᠭᠤᠯᠵᠤ᠂ ᠬᠤᠷᠳᠣᠨ ᠤ ᠵᠠᠮ ᠤᠨ ᠦᠢᠯᠡᠴᠢᠯᠡᠬᠡᠨ ᠤ ᠲᠣᠭᠤᠷᠢᠭ᠂ | ᠠᠶᠠᠨᠴᠢᠳ ᠪᠠ ᠪᠠᠷᠠᠭᠠᠨ ᠤ ᠵᠦᠭᠡᠭᠡᠪᠦᠷᠢ ᠵᠡᠷᠭᠡ ᠶᠢᠨ ᠭᠤᠣᠯᠳᠠᠯᠭ᠎ᠠ ᠲᠠᠢ ᠣᠷᠣᠨ ᠪᠦᠰᠡ ᠶᠢᠨ ᠴᠠᠬᠢᠯᠭᠠᠨ ᠴᠡᠨᠡᠭᠯᠡᠬᠦ | ᠪᠠᠭᠠᠨ᠎ᠠ᠂ ᠴᠠᠬᠢᠯᠭᠠᠨ ᠰᠣᠯᠢᠬᠤ ᠥᠷᠲᠡᠭᠡ᠂ ᠰᠢᠲᠠᠮᠠᠬᠠᠢ ᠬᠡᠶ ᠨᠡᠮᠡᠬᠦ ᠥᠷᠲᠡᠭᠡ᠂ ᠤᠰᠤᠲᠥ᠋ᠷᠥᠭᠴᠢ ᠨᠡᠮᠡᠬᠦ ᠥᠷᠲᠡᠭᠡ | ᠵᠡᠷᠭᠡ ᠢᠵᠢ ᠪᠥᠷᠢᠳᠦᠭᠦᠯᠦᠭᠰᠡᠨ ᠲᠦᠬᠦᠬᠡᠷᠦᠮᠵᠢ ᠶᠢᠨ ᠲᠥᠯᠥᠪᠵᠢᠭᠦᠯᠭᠡ ᠵᠢᠴᠢ ᠪᠥᠲᠥᠭᠡᠨ ᠪᠠᠶᠢᠭᠤᠯᠤᠯᠲᠠ ᠶᠢ | ᠲᠦᠷᠭᠡᠳᠬᠡᠨ ᠠᠬᠢᠭᠤᠯᠬᠤ ᠪᠠᠷ ᠪᠣᠢ᠃ |