ᠠᠷᠠᠳ ᠤᠨ ᠲᠦᠯᠦᠭᠡᠯᠡᠭᠴᠢᠳ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠲᠦᠭᠡᠨ ᠪᠠᠢᠭᠤᠯᠤᠯᠲᠠ ᠳᠤ ᠢᠳᠡᠪᠬᠢᠳᠠᠢ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2022/8/2
      ᠠᠷᠠᠳ ᠤᠨ ᠲᠥᠯᠥᠭᠡᠯᠡᠭᠴᠢᠳ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠰᠠᠮᠠᠢ ᠰᠤᠮᠤᠨ ᠤ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠰᠠᠮᠠᠢ ᠰᠤᠮᠤᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠤᠶᠠᠷ ᠱᠠᠲᠤᠨ ᠤ ᠠᠷᠠᠳ ᠤᠨ ᠲᠥᠯᠥᠭᠡᠯᠡᠭᠴᠢᠳ ᠢ ᠤᠯᠠᠨ ᠤᠳᠠᠭ᠎ᠠ ᠵᠣᠬᠢᠶᠠᠨ ᠪᠠᠶᠢᠭᠤᠯᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠢᠷᠢᠰ ᠠᠵᠢᠯᠯᠠᠭ᠎ᠠ ᠳᠤ ᠢᠳᠡᠪᠬᠢᠲᠡᠢ ᠣᠷᠣᠯᠴᠠᠭᠤᠯᠪᠠ᠃      ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠵᠤ᠂ ᠨᠠᠮ  ᠤᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠬᠠᠯᠠᠭᠤᠨ ᠢᠶᠠᠷ ᠮᠠᠭᠲᠠᠨ ᠳᠠᠭᠤᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠬᠤ ᠶᠢᠨ ᠲᠥᠯᠥᠭᠡ᠂ ᠣᠶᠢᠷ᠎ᠠ ᠳᠤ ᠰᠠᠮᠠᠢ ᠰᠤᠮᠤ ᠨᠢ ︽ᠬᠤᠷᠢᠳᠤᠭᠠᠷ ᠶᠡᠭᠡ ᠬᠤᠷᠠᠯ ᠤᠨ ᠡᠷᠡᠯᠬᠡᠭᠯᠡᠨ ᠤᠷᠤᠭᠰᠢᠯᠠᠬᠤ ᠰᠢᠨ᠎ᠡ‌ᠠᠶᠠᠨ ᠵᠠᠮ ᠢ ᠪᠠᠶᠠᠷᠯᠠᠨ ᠤᠭᠲᠤᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ  ᠮᠠᠨᠳᠤᠭᠤᠯᠵᠤ᠂ ᠦᠵᠡᠰᠬᠦᠯᠡᠩᠲᠦ ᠰᠠᠶᠢᠬᠠᠨ ᠰᠠᠮᠠᠢ ᠰᠤᠮᠤ ᠶᠢ ᠪᠦᠳᠦᠭᠡᠨ ᠪᠠᠶᠢᠭᠤᠯᠬᠤ︾ ᠰᠢᠷᠢᠰ ᠠᠵᠢᠯᠯᠠᠭ᠎ᠠ ᠥᠷᠨᠢᠭᠦᠯᠪᠡ᠃ ᠰᠠᠮᠠᠢ ᠰᠤᠮᠤᠨ ᠤ ᠠᠷᠠᠳ ᠤᠨ ᠲᠥᠯᠥᠭᠡᠯᠡᠭᠴᠢᠳ ᠨᠢ ᠳᠠᠷᠤᠢ ᠲᠦᠷᠭᠡᠨ ᠴᠤᠤᠷᠢᠶᠠᠲᠤᠨ ᠳᠠᠭᠠᠵᠤ᠂ ︽ᠨᠤᠲᠤᠭ ᠲᠠᠭᠠᠨ ᠪᠤᠴᠠᠭᠰᠠᠨ ᠤᠶᠤᠲᠠᠳ ᠤᠨ ᠲᠤᠷᠰᠢᠯᠭ᠎ᠠ ᠰᠣᠯᠢᠯᠴᠠᠬᠤ ᠬᠤᠷᠠᠯ︾᠂ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ ᠳᠠᠭᠤᠤ ᠪᠦᠵᠢᠭ ᠤᠨ ᠤᠷᠤᠯᠳᠤᠭᠠᠨ︾ ᠵᠡᠷᠭᠡ ᠰᠢᠷᠢᠰ ᠠᠵᠢᠯᠯᠠᠭ᠎ᠠ ᠳᠤ ᠢᠳᠡᠪᠬᠢᠲᠡᠢ ᠣᠷᠣᠯᠴᠠᠵᠤ᠂ ᠠᠵᠢᠯᠯᠠᠭ᠎ᠠ ᠶᠢᠨ ᠳᠤᠮᠳᠠ ᠲᠥᠯᠥᠭᠡᠯᠡᠭᠴᠢᠳ ᠤᠢᠢᠷ᠎ᠠ ᠶᠢᠨ ᠵᠢᠯ ᠠᠴᠠ ᠨᠠᠭᠠᠰᠢᠬᠢ ᠰᠠᠮᠠᠢ ᠰᠤᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠪᠡᠯᠡ ᠣᠷᠣᠭᠤᠯᠤᠯᠲᠠ ᠪᠠᠨ ᠨᠡᠮᠡᠭᠳᠡᠭᠦᠯᠵᠦ ᠮᠠᠯᠴᠢᠨ ᠲᠦᠮᠡᠨ ᠳᠤ ᠯᠤᠲᠤ ᠶᠡᠭᠡ ᠬᠤᠪᠢᠷᠠᠯᠲᠠ ᠠᠪᠴᠢᠷᠠᠭᠰᠠᠨ ᠢ ᠭᠦᠨᠵᠡᠭᠡᠢ ᠮᠡᠳᠡᠷᠡᠵᠦ᠂ ᠣᠯᠤᠭᠰᠠᠨ ᠠᠮᠵᠢᠯᠲᠠ ᠪᠦᠲᠦᠮᠵᠢ ᠶᠢ ᠭᠦᠢᠴᠡᠳ ᠨᠤᠲᠠᠯᠠᠬᠤ ᠶᠢᠨ ᠬᠠᠮᠲᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠴᠢᠨᠠᠭᠰᠢᠳᠠ ᠠᠬᠢᠭᠤᠯᠬᠤ ᠳᠤ ᠢᠳᠡᠪᠬᠢᠳᠠᠢ ᠰᠠᠨᠠᠯ ᠰᠠᠨᠠᠭᠤᠯᠭ᠎ᠠ ᠳᠤᠷᠠᠳᠴᠠᠢ᠃      ᠰᠠᠮᠠᠢ ᠰᠤᠮᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠠᠬᠢᠭᠤᠯᠬᠤ ᠶᠢ ᠣᠶᠢᠷ᠎ᠠ ᠶᠢᠨ ᠵᠢᠯ ᠤᠨ ᠲᠤᠷᠰᠢᠬᠢ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠶᠡᠭᠡ ᠲᠠᠯ᠎ᠠ ᠳᠤ ᠦᠶᠯᠡᠴᠢᠯᠡᠬᠦ ᠴᠢᠬᠤᠯᠠ ᠭᠠᠷᠳᠠᠴᠠ ᠪᠤᠯᠭᠠᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠶᠢᠨ ᠲᠣᠭᠤᠷᠢᠨ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠷᠬᠡ ᠲᠤᠰᠢᠶᠠᠯ ᠢᠶᠠᠨ ᠰᠠᠶᠢᠲᠤᠷ ᠬᠡᠷᠡᠭᠵᠢᠭᠦᠯᠵᠦ᠂ ᠲᠥᠯᠥᠭᠡᠯᠡᠭᠴᠢᠳ ᠤᠨ ᠦᠢᠯᠡᠳᠦᠯ ᠢ ᠰᠠᠶᠢᠲᠤᠷ ᠪᠠᠳᠠᠷᠠᠭᠤᠯᠬᠤ ᠪᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠂  ︽ᠠᠵᠤ ᠦᠶᠯᠡᠰ ᠨᠢ ᠬᠥᠭᠵᠢᠯ ᠪᠠᠳᠠᠷᠠᠯ ᠲᠠᠢ᠂ ᠣᠷᠣᠰᠢᠨ ᠰᠠᠭᠤᠬᠤ ᠳᠤ ᠲᠣᠬᠢᠷᠠᠮᠵᠢᠲᠠᠶ᠂ ᠨᠤᠲᠤᠭ ᠤᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ︾ ᠰᠠᠮᠠᠢ ᠰᠤᠮᠤ ᠶᠢ ᠪᠦᠳᠦᠭᠡᠨ ᠪᠠᠶᠢᠭᠤᠯᠵᠤ᠂ ᠰᠠᠮᠠᠢ ᠰᠤᠮᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠥᠬᠦ ᠲᠠᠯ᠎ᠠ  ᠪᠠᠷ ᠭᠦᠨᠵᠡᠭᠡᠶᠢᠷᠡᠭᠦᠯᠬᠦ ᠳᠤ ᠢᠳᠡᠪᠬᠢᠳᠠᠢ ᠬᠦᠴᠦᠨ ᠨᠡᠮᠡᠷᠢᠯᠡᠨ᠎ᠡ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号