ᠮᠠᠨᠳᠤᠬᠤᠪᠤᠯᠠᠭ ᠪᠠᠯᠭᠠᠰᠤ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠤᠷᠢ ᠪᠠᠨ ᠮᠥᠷᠦᠶᠢᠴᠡᠨ ᠣᠳᠤᠨ ᠳᠡᠰ ᠰᠢᠯᠭᠠᠷᠠᠭᠤᠯᠬᠤ ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/2
      ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠵᠢᠴᠢ ᠠᠷᠪᠠ ᠶᠢᠰᠦᠳᠦᠭᠡᠷ ᠬᠤᠭᠤᠴᠠᠭᠠᠨ ᠤ ᠡᠯ᠎ᠡ ᠤᠳᠠᠭᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢ ᠠᠬᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠨᠳᠦᠰᠦᠨ ᠱᠠᠲᠤᠨ ᠤ ᠵᠠᠰᠠᠯᠲᠠ ᠶᠢᠨ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠶᠢᠨ ᠲᠥᠯᠥᠭᠡ᠂ 7 ᠰᠠᠷ᠎ᠠ ᠶᠢᠨ 23 ᠤ ᠡᠳᠦᠷ᠂ ᠮᠠᠨᠳᠤᠬᠤᠪᠤᠯᠠᠭ ᠪᠠᠯᠭᠠᠰᠤ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ︽ᠣᠳᠣᠨ ᠲᠠᠰ ᠤᠨ ᠬᠠᠮᠢᠶᠠᠷᠤᠯᠲᠠ︾ ᠪᠠ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠪᠠᠶᠢᠭᠤᠯᠤᠯᠲᠠ ᠲᠠᠢ ᠤᠶᠠᠯᠳᠤᠭᠤᠯᠤᠨ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠤᠷᠢ ᠪᠠᠨ ᠮᠥᠷᠦᠶᠢᠴᠡᠨ ᠣᠳᠤᠨ ᠳᠡᠰ  ᠰᠢᠯᠭᠠᠷᠠᠭᠤᠯᠬᠤ︾ ᠠᠵᠢᠯᠯᠠᠭ᠎ᠠ ᠥᠷᠨᠢᠭᠦᠯᠪᠡ᠃      ᠲᠤᠬᠠᠢ ᠶᠢᠨ ᠲᠠᠯᠠᠪᠠᠢ ᠶᠢᠨ ᠬᠤᠷᠠᠯ ᠰᠦᠷ ᠵᠢᠪᠬᠤᠯᠠᠩᠲᠤ ᠲᠤᠭ ᠮᠠᠨᠳᠤᠭᠤᠯᠬᠤ ᠶᠣᠰᠣᠯᠠᠯ ᠳᠤᠮᠳᠠ ᠡᠬᠢᠯᠡᠵᠦ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳᠠᠶᠢᠴᠢᠨ ᠠᠴᠠ ᠶᠠᠷᠢᠶ᠎ᠠ ᠲᠠᠯᠪᠢᠵᠦ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠢ ᠵᠣᠷᠢᠭᠵᠢᠭᠤᠯᠤᠨ ᠰᠢᠯᠢᠳᠡᠭ ᠲᠤᠷᠰᠢᠯᠭ᠎ᠠ ᠠᠷᠭ᠎ᠠ ᠠᠪᠴᠠᠯ ᠢᠶᠠᠨ ᠵᠣᠷᠢᠭᠲᠠᠢ  ᠪᠠᠷ ᠳᠡᠯᠭᠡᠨ ᠦᠵᠡᠭᠦᠯᠵᠦ᠂ ᠠᠳᠠᠯᠢᠳᠬᠠᠨ ᠰᠤᠷᠤᠯᠴᠠᠵᠤ᠂ ᠲᠡᠷᠢᠭᠦᠨ ᠤ ᠬᠢ ᠶᠢ ᠲᠡᠮᠡᠴᠡᠨ ᠰᠢᠯᠢᠳᠡᠭ ᠢ  ᠡᠭᠦᠳᠦᠨ᠂ ᠨᠠᠮ ᠤᠨ ᠪᠠᠶᠢᠭᠤᠯᠤᠯᠲᠠ ᠶᠢᠨ ᠨᠢᠭᠡᠳᠦᠭᠡᠷ ᠬᠠᠷᠢᠭᠤᠴᠠᠯᠭᠠᠲᠠᠨ ᠤ ︽ᠳᠠᠭᠠᠭᠤᠯᠤᠭᠴᠢ︾ ᠶᠢᠨ ᠦᠢᠯᠡᠳᠦᠯ ᠢ ᠪᠠᠳᠠᠷᠠᠭᠤᠯᠵᠤ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ ︽ᠬᠠᠷᠢᠯᠴᠠᠨ ᠵᠥᠷᠢᠶ᠎ᠡ ᠪᠠᠨ ᠡᠷᠢᠬᠦ︾᠂ ︽ᠮᠥᠷᠦ ᠵᠡᠷᠭᠡᠴᠡᠵᠦ ᠤᠷᠤᠭᠰᠢᠯᠠᠯᠲᠠ ᠶᠢ ᠠᠬᠢᠭᠤᠯᠬᠤ︾᠂ ︽ᠲᠡᠷᠢᠭᠦᠨ ᠳᠤ ᠣᠷᠣᠬᠤ ᠪᠠᠷ ᠴᠢᠷᠮᠠᠶᠢᠵᠤ ᠵᠢᠱᠢᠶ᠎ᠡ ᠦᠵᠡᠭᠦᠯᠬᠦ︾ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠪᠦᠲᠦᠮᠵᠢᠲᠡᠢ᠂ ᠰᠢᠨ᠎ᠡ ᠶᠢ ᠡᠭᠦᠳᠬᠦ᠂ ᠪᠣᠳᠠᠲᠠᠢ ᠠᠷᠭ᠎ᠠ ᠪᠠᠷᠢᠯ ᠢᠶᠠᠷ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠦᠪᠰᠢᠨ ᠢᠶᠠᠨ ᠲᠠᠰᠤᠷᠠᠯᠳᠡ ᠦᠭᠡᠢ ᠳᠡᠭᠡᠭᠰᠢᠯᠡᠭᠦᠯᠵᠦ᠂ ᠴᠤᠭ ᠪᠠᠳᠠᠷᠠᠩᠭᠤᠢ ᠳᠦᠷᠰᠦ ᠪᠠᠶᠢᠳᠠᠯ ᠢᠶᠠᠷ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠦᠨ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ︕      ᠠᠵᠢᠯᠲᠠᠨ ᠠᠴᠠ ᠬᠤᠪᠢ ᠲᠣᠭᠲᠠᠭᠠᠬᠤ ᠪᠠᠷᠢᠮᠵᠢᠶ᠎ᠠ ᠶᠢ ᠲᠠᠶᠢᠯᠪᠤᠷᠢᠯᠠᠪᠠ᠃ ᠲᠤᠰ ᠤᠳᠠᠭᠠᠨ ᠤ ︽ᠴᠢᠳᠠᠪᠤᠷᠢ ᠪᠠᠨ ᠮᠥᠷᠦᠶᠢᠴᠡᠨ ᠣᠳᠤᠨ ᠳᠡᠰ ᠰᠢᠯᠭᠠᠷᠠᠭᠤᠯᠬᠤ︾ ᠳᠤ ︽ᠤᠳᠤᠷᠢᠳᠬᠤ ᠪᠠᠭ ᠤᠨ ᠪᠠᠲᠤ ᠴᠢᠩᠭ᠎ᠠ ᠤᠳᠤ᠂ ᠨᠠᠮ ᠤᠨ ᠭᠡᠰᠢᠭᠦᠨ ᠤ ᠬᠤᠰᠢᠭᠤᠴᠢ ᠤᠳᠤ᠂ ᠳᠦᠷᠢᠮ ᠢ ᠨᠠᠶᠢᠳᠠᠪᠤᠷᠢᠵᠢᠭᠤᠯᠬᠤ ᠤᠳᠤ᠂ ᠲᠣᠪᠣᠶᠢᠮ᠎ᠠ ᠠᠮᠵᠢᠯᠲᠠ ᠪᠦᠲᠦᠮᠵᠢ ᠲᠠᠢ ᠤᠳᠤ᠂ ᠤᠯᠠᠨ ᠲᠦᠮᠡᠨ ᠤ ᠬᠠᠨᠤᠮᠵᠢᠲᠠᠢ ᠤᠳᠤ᠂ ᠬᠠᠮᠲᠤ ᠶᠢᠨ ᠪᠣᠳᠠᠲᠤ ᠬᠦᠴᠦᠨ ᠤ ᠤᠳᠤ᠂ ᠰᠠᠭᠤᠷᠢᠨ ᠭᠠᠵᠠᠷ ᠤᠨ ᠵᠢᠷᠤᠮᠵᠢᠭᠰᠠᠨ ᠤᠳᠤ᠂ ᠵᠠᠰᠠᠯᠲᠠ ᠶᠢᠨ ᠪᠦᠲᠦᠮᠵᠢᠲᠡᠢ ᠤᠳᠤ᠂ ᠭᠠᠴᠠᠭᠠᠨ ᠤ ᠶᠠᠪᠤᠳᠠᠯ ᠤᠨ ᠵᠢᠷᠤᠮᠵᠢᠭᠰᠠᠨ ᠤᠳᠤ᠂ ᠠᠴᠢᠶᠠᠯᠠᠪᠤᠷᠢ ᠶᠢᠨ ᠰᠢᠨ᠎ᠡ ᠶᠢ ᠡᠭᠦᠳᠬᠦ ᠤᠳᠤ︾ ᠭᠡᠬᠦ ᠠᠷᠪᠠᠨ ᠣᠳᠤᠨ ᠠᠭᠤᠯᠭ᠎ᠠ ᠶᠢ ᠲᠣᠭᠲᠠᠭᠠᠪᠠ᠃ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ᠂ ᠲᠠᠶᠢᠰᠠᠨ ᠳᠤ ᠭᠠᠷᠴᠤ ᠴᠢᠳᠠᠪᠤᠷᠢ ᠪᠠᠨ ᠮᠥᠷᠥᠶᠢᠴᠡᠬᠦ ᠬᠡᠯᠪᠡᠷᠢ ᠪᠠᠷ ᠨᠢᠭᠡᠳᠦᠭᠡᠷ ᠳᠡᠰ ᠤᠨ ᠱᠠᠩᠨᠠᠯ᠂ ᠬᠤᠶᠠᠳᠤᠭᠠᠷ ᠳᠡᠰ ᠤᠨ ᠱᠠᠩᠨᠠᠯ ᠪᠠ ᠰᠢᠯᠢᠳᠡᠭ ᠱᠠᠩᠨᠠᠯ ᠢ ᠰᠢᠯᠭᠠᠷᠠᠭᠤᠯᠤᠨ ᠭᠠᠷᠭᠠᠨ᠎ᠠ᠃      ᠬᠤᠪᠢ ᠲᠣᠭᠲᠠᠭᠠᠬᠤ ᠳᠤᠭᠤᠶᠢᠯᠠᠩ ᠤᠨ ᠬᠢᠨ ᠡᠯ᠎ᠡ ᠭᠠᠴᠠᠭᠠᠨ ᠤ ᠨᠠᠮ ᠤ ᠭᠡᠰᠢᠬᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠠᠵᠤ ᠦᠢᠯᠡᠰ ᠤᠨ ᠰᠠᠭᠤᠷᠢᠨ ᠭᠠᠵᠠᠷ ᠵᠡᠷᠭᠡ ᠭᠠᠵᠠᠷ ᠲᠤ ᠭᠦᠨᠵᠡᠭᠡᠶᠢᠷᠡᠵᠦ᠂ ᠲᠡᠳᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ᠂ ᠵᠠᠰᠠᠯᠲᠠ ᠶᠢᠨ ᠦᠷ᠎ᠡ ᠪᠦᠲᠦᠮᠵᠢ ᠵᠡᠷᠭᠡ ᠶᠢ ᠲᠤᠬᠠᠢ ᠶᠢᠨ ᠭᠠᠵᠠᠷ ᠲᠤᠨᠢ ᠲᠣᠭᠤᠷᠢᠨ ᠦᠵᠡᠵᠦ ᠬᠤᠪᠢ ᠲᠣᠭᠲᠠᠭᠠᠪᠠ᠃      ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠤᠷᠤᠯᠳᠤᠭᠠᠨ ᠤ ᠲᠠᠪᠴᠠᠩ ᠤᠨ ᠮᠥᠷᠥᠶᠢᠴᠡᠭᠡᠨ ᠥᠷᠨᠢᠭᠦᠯᠵᠦ᠂ ᠭᠠᠴᠠᠭᠠᠨ ᠤ ᠪᠣᠳᠠᠲᠤ ᠪᠠᠶᠢᠳᠠᠯ ᠳᠤ ᠰᠠᠭᠤᠷᠢᠯᠠᠨ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠥᠲᠥᠯᠥᠨ ᠳᠠᠭᠠᠭᠤᠯᠬᠤ ᠪᠠᠷ ᠭᠤᠣᠯ ᠰᠡᠳᠦᠪ ᠪᠣᠯᠭᠠᠵᠤ᠂ ᠭᠠᠴᠠᠭᠠᠨ ᠤ ᠡᠩᠨᠡᠭᠡ ᠶᠢᠨ ᠪᠠᠶᠢᠭᠤᠯᠤᠯᠲᠠ᠂ ᠳᠦᠷᠢᠮ ᠤᠨ ᠨᠠᠶᠢᠳᠠᠪᠤᠷᠢᠵᠢᠭᠤᠯᠤᠯᠲᠠ᠂ ᠬᠠᠮᠲᠤ ᠶᠢᠨ ᠠᠵᠤ ᠠᠬᠤᠢ ᠶᠢᠨ ᠬᠥᠭᠵᠢᠯᠲᠡ᠂ ᠬᠥᠮᠥᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠵᠡᠷᠭᠡ ᠭᠤᠣᠯᠳᠠᠯᠭ᠎ᠠ ᠲᠠᠢ ᠠᠵᠢᠯ ᠤᠨ ᠲᠣᠭᠤᠷᠢᠨ ᠳᠤ ᠠᠮᠵᠢᠯᠲᠠ ᠪᠠᠨ ᠢᠯᠡ ᠨᠡᠶᠢᠲᠡᠯᠡᠵᠦ᠂ ᠲᠤᠷᠰᠢᠯᠭ᠎ᠠ᠂ ᠠᠷᠭ᠎ᠠ ᠪᠠᠷᠢᠯ ᠢᠶᠠᠨ ᠶᠠᠷᠢᠯᠴᠠᠨ᠂ ᠠᠷᠭ᠎ᠠ ᠪᠣᠳᠣᠯᠭ᠎ᠠ ᠳᠤᠷᠠᠳᠴᠤ᠂ ᠬᠥᠭᠵᠢᠯᠲᠡ ᠶᠢ ᠡᠷᠢᠯᠬᠢᠯᠡᠭᠰᠡᠨ ᠪᠠᠶᠢᠨ᠎ᠠ᠃      ᠡᠯ᠎ᠡ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠠᠷ ᠠᠮᠵᠢᠯᠲᠠ᠂ ᠴᠤᠭ ᠵᠢᠪᠬᠤᠭ᠎ᠠ ᠪᠠᠨ ᠪᠠᠳᠠᠷᠠᠭᠤᠯᠵᠤ᠂ ᠬᠡᠪ ᠳᠠᠭᠤᠷᠢᠶᠠᠯ ᠦᠵᠡᠬᠦᠯᠦᠨ᠂ ᠴᠢᠳᠠᠪᠤᠷᠢ ᠪᠠᠨ ᠮᠥᠷᠦᠶᠢᠴᠡᠬᠦ ᠪᠠᠷ ᠳᠡᠮᠵᠢᠨ ᠳᠤᠲᠠᠭᠤᠳᠠᠯ ᠢᠶᠠᠨ ᠡᠷᠢᠯᠬᠢᠯᠡᠵᠦ᠂ ᠳᠠᠷᠤᠯᠲᠠ ᠪᠠᠨ ᠠᠳᠠᠯᠢᠳᠬᠠᠨ᠂ ᠬᠦᠳᠡᠯᠭᠡᠬᠦ ᠬᠦᠴᠦᠨ ᠢ ᠬᠥᠭᠵᠢᠭᠡᠵᠦ᠂ ᠠᠳᠠᠯᠢᠳᠬᠠᠬᠤ᠂ ᠰᠤᠷᠤᠯᠴᠠᠬᠤ᠂ ᠳᠠᠪᠠᠭ᠋ᠤ ᠠᠭᠤᠷ ᠠᠮᠢᠰᠬᠤᠯ ᠢ ᠦᠨᠡᠨᠬᠦ ᠪᠣᠶ ᠪᠣᠯᠭᠠᠵᠤ᠂ ᠮᠠᠨᠳᠤᠬᠤᠪᠤᠯᠠᠭ  ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠳᠣᠲᠣᠭᠠᠳᠤ ᠬᠦᠳᠡᠯᠭᠡᠬᠦ ᠬᠦᠴᠦᠨ ᠢ ᠬᠥᠭᠵᠢᠭᠡᠭᠰᠡᠨ ᠪᠠᠶᠢᠨ᠎ᠠ      ᠪᠠᠯᠭᠠᠰᠤᠨ ᠤ ᠨᠠᠮ ᠤᠨ ᠬᠤᠷᠢᠶᠠᠨ ᠤ ᠱᠦᠵᠢ ᠳᠠᠶᠢᠴᠢᠨ ᠳ᠋ᠦᠩᠨᠡᠯᠲᠡ ᠬᠢᠵᠦ ᠵᠢᠭᠠᠵᠤ ᠭᠠᠷᠭᠠᠭᠰᠠᠨ ᠨᠢ᠂ ᠡᠯ᠎ᠡ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠠᠷᠢᠭᠤᠴᠠᠯᠭ᠎ᠠ ᠶᠢ ᠴᠢᠩᠭ᠎ᠠ ᠠᠳᠬᠤᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠴᠢᠩᠭ᠎ᠠ᠂ ᠰᠡᠳᠬᠢᠬᠦᠢ ᠥᠷᠭᠡᠨ᠂ ᠠᠵᠢᠯ ᠤᠨ ᠨᠠᠶᠢᠳᠠᠪᠤᠷᠢᠵᠢᠭᠤᠯᠤᠯᠲᠠ ᠰᠠᠶᠢᠨ ᠪᠠᠶᠢᠵᠤ᠂ ᠪᠦᠬᠦ ᠪᠠᠯᠭᠠᠰᠤᠨ ᠤ ᠬᠥᠭᠵᠢᠯᠲᠡ ᠶᠢᠨ ᠰᠢᠨ᠎ᠡ ᠪᠠᠶᠢᠷᠢᠰᠢᠯ ᠳᠤ ᠪᠠᠲᠤ ᠪᠠᠬᠢ ᠰᠠᠭᠤᠷᠢ ᠲᠠᠯᠪᠢᠪᠠ᠃ ᠭᠠᠴᠠᠭᠠᠨ ᠤ ᠨᠠᠮ ᠤᠨ ᠡᠭᠦᠷ ᠤᠨ ᠵᠢᠷᠤᠮᠵᠢᠭᠰᠠᠨ ᠪᠠᠶᠢᠭᠤᠯᠤᠯᠲᠠ ᠶᠢ ᠨᠠᠷᠢᠨ ᠨᠢᠮᠪᠠᠢ ᠲᠥᠯᠥᠪᠵᠢᠭᠦᠯᠵᠦ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠬᠦᠴᠦᠨ ᠢ ᠳᠡᠭᠡᠭᠰᠢᠯᠡᠭᠦᠯᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠵᠤ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠤᠨ ᠬᠠᠮᠲᠤ ᠶᠢᠨ ᠠᠵᠤ ᠦᠢᠯᠡᠰ ᠤᠨ ᠶᠠᠰᠤ ᠴᠢᠨᠠᠷ ᠢ ᠳᠡᠭᠡᠭᠰᠢᠯᠡᠭᠦᠯᠦᠨ ᠣᠷᠣᠯᠭ᠎ᠠ ᠪᠠᠨ ᠨᠡᠮᠡᠭᠳᠡᠭᠦᠯᠬᠦ ᠶᠢ ᠦᠷᠭᠦᠯᠵᠢᠯᠡᠨ ᠬᠥᠭᠵᠢᠭᠦᠯᠬᠦ ᠶᠢ ᠪᠠᠷᠢᠮᠲᠠᠯᠠᠨ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂  ᠭᠠᠴᠠᠭᠠᠨ ᠤ ᠪᠡᠯᠴᠢᠭᠡᠷ ᠪᠠ ᠪᠤᠰᠤᠳ ᠠᠮᠢ ᠠᠬᠤᠢ ᠶᠢᠨ ᠡᠬᠢ ᠪᠠᠶᠠᠯᠢᠭ ᠢ ᠲᠥᠯᠥᠪᠯᠡᠭᠡ ᠲᠠᠢ ᠪᠠᠷ ᠨᠡᠭᠡᠭᠡᠨ ᠠᠰᠢᠭᠯᠠᠵᠤ᠂ ᠨᠠᠩ ᠠᠯᠤᠰ ᠬᠡᠲᠦ ᠶᠢᠨ᠂ ᠨᠠᠩ ᠦᠷᠭᠦᠯᠵᠢᠯᠡᠬᠦᠶᠢᠴᠡ ᠬᠥᠭᠵᠢᠯᠲᠡ ᠶᠢ ᠪᠡᠶᠡᠯᠡᠭᠦᠯᠬᠦ ᠳᠤ ᠰᠠᠭᠤᠷᠢ ᠲᠠᠯᠪᠢᠬᠤ ᠬᠡᠷᠡᠭᠲᠡᠢ᠃ ᠭᠠᠴᠠᠭᠠᠨ ᠤ ᠴᠢᠳᠠᠪᠤᠷᠢᠲᠠᠨ ᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠰᠢᠯᠢᠳᠡᠭ ᠵᠠᠯᠠᠭᠤᠴᠤᠳ ᠤᠨ ᠨᠠᠮ ᠳᠤ ᠣᠷᠣᠬᠤ ᠶᠢ ᠴᠢᠬᠤᠯᠠᠴᠢᠯᠠᠨ ᠬᠥᠭᠵᠢᠭᠦᠯᠵᠦ᠂ ︽ᠬᠤᠶᠠᠷ ᠵᠥᠪᠯᠡᠯ︾ ᠤᠨ ᠺᠠᠳ᠋ᠷ ᠤᠨ ᠨᠥᠭᠡᠴᠡ ᠶᠢ ᠰᠠᠶᠢᠲᠤᠷ ᠬᠢᠵᠦ᠂ ᠬᠤᠶᠠᠷ ᠵᠥᠪᠯᠡᠯ ᠤᠨ ᠭᠡᠰᠢᠬᠦᠳ ᠤᠨ ᠶᠡᠷᠦᠩᠬᠡᠢ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠰᠣᠶᠣᠯ ᠤᠨ ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠡᠷᠴᠢᠮᠲᠡᠢ ᠥᠷᠨᠢᠭᠦᠯᠦᠨ᠂ ᠮᠠᠯᠴᠢᠳ ᠢ ᠬᠥᠲᠥᠯᠥᠨ ᠵᠢᠯᠤᠭᠤᠳᠴᠤ ᠪᠠᠶᠢᠭᠠᠳ ᠨᠡᠶᠢᠭᠡᠮ ᠵᠢᠷᠤᠮ ᠤᠨ ᠭᠤᠣᠯᠯᠠᠬᠤ ᠥᠷᠲᠡᠭ ᠤᠨ ᠦᠵᠡᠯᠲᠡ ᠶᠢ ᠢᠳᠡᠪᠬᠢᠲᠡᠢ ᠦᠢᠯᠡᠳᠦᠯᠭᠡᠵᠢᠭᠦᠯᠵᠦ᠂ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠬᠦᠴᠦᠷᠬᠡᠭ ᠶᠡᠭᠡ ᠳᠠᠶᠢᠴᠢᠨ ᠬᠦᠴᠦᠨ ᠢ ᠠᠯᠬᠤᠮ ᠠᠯᠬᠤᠮ ᠢᠶᠠᠷ ᠨᠢᠭᠲᠠᠷᠠᠭᠤᠯᠤᠨ᠂ ᠭᠠᠴᠠᠭᠠᠨ ᠤ ᠬᠥᠭᠵᠢᠯᠲᠡ ᠶᠢᠨ ᠣᠶᠤᠨ ᠰᠠᠨᠠᠭᠠᠨ ᠤ ᠴᠥᠮ᠎ᠡ ᠶᠢ ᠪᠣᠯᠪᠠᠰᠤᠷᠠᠭᠤᠯᠬᠤ ᠬᠡᠷᠡᠭᠲᠡᠢ᠃      ᠮᠠᠨᠳᠤᠬᠤᠪᠤᠯᠠᠭ ᠪᠠᠯᠭᠠᠰᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠷ ᠬᠠᠷᠠᠯᠲᠠ ᠪᠣᠯᠭᠠᠵᠤ᠂ ︽ᠴᠢᠳᠠᠪᠤᠷᠢ ᠪᠠᠨ ᠮᠥᠷᠦᠶᠢᠴᠡᠨ ᠣᠳᠤᠨ ᠳᠡᠰ ᠰᠢᠯᠭᠠᠷᠠᠭᠤᠯᠬᠤ︾ ᠪᠠᠷ ᠠᠴᠢᠶᠠᠯᠠᠪᠤᠷᠢ ᠪᠣᠯᠭᠠᠵᠤ᠂ ᠰᠢᠨᠵᠢᠯᠡᠬᠦ ᠤᠬᠠᠭᠠᠨᠴᠢ ᠪᠠᠷ ᠲᠥᠯᠦᠪᠵᠢᠭᠦᠯᠦᠨ᠂ ᠨᠢᠭᠡᠳᠦᠯᠲᠡᠢ ᠪᠠᠶᠢᠷᠢᠯᠠᠭᠤᠯᠵᠤ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠳᠠᠬᠢ ᠳᠠᠭᠠᠭᠤᠯᠬᠤ ᠦᠢᠯᠡᠳᠦᠯ ᠢ ᠢᠳᠡᠪᠬᠢᠲᠡᠢ ᠪᠠᠳᠠᠷᠠᠭᠤᠯᠤᠨ᠂ ᠠᠵᠢᠯ ᠤᠨ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠠᠵᠢᠯ ᠤᠨ ᠪᠠᠶᠢᠷᠢ ᠳᠠᠭᠠᠨ ᠰᠠᠭᠤᠷᠢᠯᠠᠬᠤ᠂ ᠠᠵᠢᠯ ᠬᠢᠵᠦ ᠦᠢᠯᠡᠰ ᠴᠣᠭᠴᠠᠯᠠᠬᠤ ᠠᠵᠢᠯ ᠤᠨ ᠬᠠᠯᠠᠭᠤᠨ ᠰᠡᠳᠬᠢᠯᠭᠡ ᠶᠢ ᠬᠥᠭᠵᠢᠭᠡᠪᠡ᠃ ︽ᠴᠢᠳᠠᠪᠤᠷᠢ ᠪᠠᠨ ᠮᠥᠷᠦᠶᠢᠴᠡᠨ ᠣᠳᠤᠨ ᠳᠡᠰ ᠰᠢᠯᠭᠠᠷᠠᠭᠤᠯᠬᠤ︾ ᠪᠣᠯ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ᠂ ᠦᠨᠳᠦᠰᠦᠨ ᠱᠠᠲᠤᠨ ᠤ ᠵᠠᠰᠠᠯᠲᠠ ᠵᠡᠷᠭᠡ ᠭᠤᠣᠯᠳᠠᠯᠭ᠎ᠠ ᠲᠠᠢ ᠠᠵᠢᠯ ᠢ ᠬᠥᠲᠥᠯᠥᠨ ᠳᠠᠭᠠᠭᠤᠯᠬᠤ ᠴᠢᠬᠤᠯᠠ ᠠᠴᠢᠶᠠᠯᠠᠪᠤᠷᠢ ᠪᠣᠯᠣᠨ᠎ᠠ᠂ ᠨᠡᠩ ᠴᠤ ᠬᠠᠷᠢᠯᠴᠠᠨ ᠰᠤᠷᠤᠯᠴᠠᠬᠤ᠂ ᠬᠠᠷᠢᠯᠴᠠᠨ ᠰᠣᠯᠢᠯᠴᠠᠬᠤ᠂ ᠰᠢᠯᠢᠳᠡᠭ ᠢᠶᠠᠨ ᠪᠠᠳᠠᠷᠠᠭᠤᠯᠵᠤ ᠲᠤᠲᠠᠭᠳᠠᠯ ᠢᠶᠠᠨ ᠨᠥᠬᠦᠪᠦᠷᠢᠯᠡᠬᠦ ᠲᠠᠪᠴᠠᠩ ᠪᠣᠯᠣᠨ᠎ᠠ᠃ ᠡᠨᠡᠬᠦ ᠰᠠᠨᠠᠭᠠᠴᠢᠯᠠᠭ᠎ᠠ ᠠᠴᠠ ᠪᠠᠨ ᠰᠢᠨ᠎ᠡ ᠬᠤᠪᠢᠷᠠᠯᠲᠠ ᠶᠢ ᠡᠷᠢᠯᠬᠢᠯᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠬᠤᠭ᠎ᠠ ᠶᠢ ᠲᠦᠷᠭᠡᠳᠭᠡᠵᠦ ᠪᠠᠶᠢᠭ᠎ᠠ ᠴᠠᠭ ᠦᠶ᠎ᠡ ᠳᠤ᠂ ᠮᠠᠨᠳᠤᠬᠤᠪᠤᠯᠠᠭ ᠪᠠᠯᠭᠠᠰᠤᠨ ᠤ ᠨᠠᠮ ᠤᠨ ᠬᠤᠷᠢᠶ᠎ᠠ ᠴᠥᠬᠦᠷᠡᠰᠢ ᠦᠭᠡᠢ ᠴᠢᠷᠮᠠᠶᠢᠯᠭ᠎ᠠ᠂ ᠲᠠᠰᠤᠷᠠᠯᠳᠡ ᠦᠭᠡᠢ ᠰᠥᠰᠥ ᠵᠣᠷᠢᠭ ᠢᠶᠠᠷ ᠤᠮᠠᠷᠠᠲᠤ ᠬᠢᠯᠢ ᠶᠢᠨ ᠪᠠᠯᠭᠠᠰᠤᠨ ᠤ ᠪᠦᠬᠦ ᠲᠠᠯ᠎ᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠰᠢᠯᠢᠳᠡᠭ ᠬᠠᠷᠢᠭᠤᠯᠲᠠ ᠶᠢᠨ ᠬᠠᠭᠤᠳᠠᠰᠤ ᠶᠢ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠪᠣᠯᠣᠨ᠎ᠠ︕
 
ᠢᠷᠡᠯᠲᠡ᠄ ᠮᠠᠨᠳᠣᠬᠤᠪᠣᠯᠠᠭ ᠪᠠᠯᠭᠠᠰᠤ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号