ᠪᠥᠬᠦ ᠬᠤᠰᠢᠭᠤᠨ ᠤ ︽  ᠪᠦᠰᠡᠭᠦᠢ ᠤᠬᠠᠭᠠᠨ︾ ᠴᠢᠯᠦᠭᠡᠲᠦ ᠶᠠᠷᠢᠶ᠎ᠠ ᠢᠯᠡᠳᠬᠡᠯ ᠤᠨ ᠤᠷᠤᠯᠳᠤᠭᠠᠨ ᠶᠠᠪᠣᠭᠳᠠᠪᠠ
ᠨᠡᠶᠢᠲᠡᠯᠡᠭᠰᠡᠨ ᠴᠠᠭ᠄
2022/8/3
      ᠪᠥᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠤᠨ ᠨᠠᠮ ᠤᠨ ᠠᠷᠪᠠ ᠶᠢᠰᠦᠳᠦᠭᠡᠷ ᠶᠡᠭᠡ‌ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠳᠤᠭᠤᠰᠢᠯᠠᠭᠤᠯᠬᠤ ᠶᠢ ᠤᠯᠠᠮ ᠨᠢᠭᠡ ᠠᠯᠬᠤᠮ  ᠠᠬᠢᠭᠤᠯᠵᠤ᠂ ᠴᠤᠭ ᠪᠠᠳᠠᠷᠠᠩᠭᠤᠶ ᠥᠭᠡᠳᠡᠯᠡᠨ ᠳᠠᠪᠰᠢᠬᠤ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠵᠤ᠂ ᠪᠥᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠢ ᠰᠤᠷᠤᠯᠴᠠᠯᠭ᠎ᠠ ᠪᠣᠯᠪᠠᠰᠤᠷᠠᠯ ᠳᠤ ᠢᠳᠡᠪᠬᠢᠲᠡᠶ ᠣᠷᠣᠯᠴᠠᠵᠤ᠂ ᠲᠣᠰ ᠪᠡᠶ᠎ᠡ ᠶᠢᠨ ᠬᠡᠪ ᠴᠢᠨᠠᠷ ᠪᠠ ᠴᠢᠳᠠᠪᠤᠷᠢ ᠪᠠᠨ ᠳᠡᠭᠡᠭᠰᠢᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠢ ᠪᠥᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠬᠦ ᠶᠢ ᠵᠣᠷᠢᠭᠵᠢᠭᠤᠯᠬᠤ ᠶᠢᠨ ᠲᠥᠯᠥᠭᠡ᠂ ᠬᠤᠰᠢᠭᠤ ᠡᠮᠡᠭᠲᠡᠶᠢᠴᠦᠳ ᠤᠨ ᠬᠤᠯᠪᠣᠭᠠᠲᠤ ᠬᠤᠷᠠᠯ  ᠠᠴᠠ ᠭᠤᠤᠯᠯᠠᠨ ᠡᠷᠭᠢᠯᠡᠵᠦ᠂ ᠬᠤᠰᠢᠭᠤ ︽ᠡᠷᠬᠢᠮ︾ ᠮᠠᠯ ᠠᠵᠤ ᠠᠬᠤᠶ ᠶᠢᠨ ᠲᠤᠰᠬᠠᠶ  ᠬᠤᠷᠰᠢᠶᠠᠵᠢᠯ ᠠᠴᠠ ᠳᠠᠭᠠᠭᠠᠴᠢᠯᠠᠨ ᠡᠷᠭᠢᠯᠡᠭᠰᠡᠨ ︽ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ ᠭᠤᠤᠯ ᠰᠡᠳᠦᠪᠲᠦ  ︽ᠪᠦᠰᠡᠭᠦᠢ ᠤᠬᠠᠭᠠᠨ︾ ᠴᠢᠯᠦᠭᠡᠲᠦ ᠶᠠᠷᠢᠶ᠎ᠠ ᠢᠯᠡᠳᠬᠡᠯ ᠤᠨ ᠤᠷᠤᠯᠳᠤᠭᠠᠨ 7 ᠰᠠᠷ᠎ᠠ ᠶᠢᠨ 20 ᠤ ᠡᠳᠦᠷ᠂  ᠤᠯᠠᠭᠠᠨᠮᠥ᠋ᠴᠢᠷ ᠤᠨ ᠣᠯᠠᠨ ᠴᠢᠳᠠᠪᠬᠢᠳᠤ ᠮᠡᠳᠡᠭᠦᠯᠦᠯᠲᠡ ᠶᠢᠨ ᠲᠢᠩᠬᠢᠮ ᠳᠤ  ᠶᠠᠪᠤᠭᠳᠠᠵᠠᠢ᠃      ᠤᠷᠤᠯᠳᠤᠭᠠᠨ ᠤ ᠠᠬᠤᠢ ᠲᠠᠯᠠᠪᠠᠶ ᠳᠤ᠂ ᠤᠷᠤᠯᠳᠤᠭᠠᠨ ᠳᠤ ᠣᠷᠣᠯᠴᠠᠭᠰᠠᠳ ᠠᠴᠠ ︽ᠡᠮᠡᠭᠲᠡᠶᠢᠴᠦᠳ ᠤᠨ ᠴᠤᠭ ᠵᠢᠪᠬᠤᠭ᠎ᠠ ᠶᠢ ᠪᠠᠳᠠᠷᠠᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠶ᠎ᠠ︾ ᠭᠡᠬᠦ ᠭᠤᠤᠯ ᠰᠡᠳᠦᠪ ᠢᠶᠠᠷ ᠠᠮᠢᠳᠤᠷᠠᠯ  ᠤᠨ ᠪᠣᠳᠠᠲᠤ ᠪᠠᠶᠢᠳᠠᠯ ᠪᠠ ᠥᠪᠡᠷ ᠤᠨ ᠲᠥᠷᠥᠭᠳᠡᠯ ᠤᠨ ᠢᠶᠠᠨ ᠲᠣᠭᠤᠷᠢᠨ ᠳᠤ᠂ ᠥᠪᠡᠷᠰᠡᠳ ᠤᠨ ᠦᠶᠯᠡᠰ ᠪᠤᠰᠬᠠᠵᠤ ᠴᠢᠨᠡᠭᠡᠯᠢᠭᠵᠢᠭᠰᠡᠨ᠂ ᠠᠮᠢ ᠠᠬᠤᠶ ᠶᠢᠨ ᠬᠠᠮᠠᠭᠠᠯᠠᠯᠲᠠ᠂ ᠬᠡᠷ ᠤᠨ ᠰᠤᠷᠲᠠᠯ ᠰᠤᠷᠭᠠᠯ᠂ ᠰᠢᠨᠵᠢᠯᠡᠬᠦ ᠤᠬᠠᠭᠠᠨᠴᠢ ᠪᠠᠷ ᠦᠷ᠎ᠡ ᠬᠡᠦᠬᠡᠳ ᠢᠶᠠᠨ ᠬᠦᠮᠦᠵᠢᠭᠦᠯᠦᠭᠰᠡᠨ᠂ ᠨᠠᠰᠤᠲᠠᠨ ᠢᠶᠠᠨ ᠬᠦᠨᠳᠦᠯᠡᠵᠦ ᠨᠢᠯᠬᠠᠰ ᠢᠶᠠᠨ ᠬᠠᠶᠢᠷᠠᠯᠠᠭᠰᠠᠨ᠂ ᠬᠦᠴᠢᠷᠳᠡᠯᠲᠡᠢ ᠨᠢᠭᠡᠨ ᠢᠶᠠᠨ ᠬᠠᠪᠰᠤᠷᠤᠨ ᠲᠤᠰᠠᠯᠠᠭᠰᠠᠨ᠂ ᠰᠡᠳᠬᠢᠯ ᠨᠢᠭᠡᠳᠦᠨ ᠬᠢᠵᠢᠭ ᠲᠠᠢ ᠲᠡᠮᠡᠴᠡᠭᠰᠡᠨ᠂ ᠲᠠᠩᠰᠠ ᠪᠤᠳᠤᠵᠤ  ᠠᠵᠤ ᠡᠷᠬᠢᠯᠡᠭᠰᠡᠨ ᠵᠡᠷᠭᠡ ᠲᠠᠯ᠎ᠠ ᠪᠠᠷ ᠥᠯᠢᠭᠡᠷ ᠤᠴᠠᠷᠠᠯ ᠢᠶᠠᠨ ᠶᠠᠷᠢᠵᠤ᠂ ᠠᠳᠠᠯᠢ ᠪᠤᠰᠤ ᠬᠠᠷᠠᠭᠠᠰᠤ ᠠᠴᠠ᠂ ᠠᠳᠠᠯᠢ ᠪᠤᠰᠤ ᠥᠯᠢᠭᠡᠷ ᠤᠴᠢᠷ ᠢᠶᠠᠷ ᠡᠮᠡᠭᠲᠡᠶᠢᠴᠦᠳ ᠤᠨ  ᠴᠤᠭ ᠵᠢᠪᠬᠤᠭ᠎ᠠ ᠶᠢ ᠢᠯᠡᠷᠡᠭᠦᠯᠵᠡᠢ᠃      ᠶᠠᠷᠢᠶ᠎ᠠ ᠢᠯᠡᠳᠬᠡᠯ ᠳᠠᠭᠤᠰᠤᠭᠰᠠᠨ ᠤ ᠳᠠᠷᠠᠭ᠎ᠠ᠂ ᠲᠤᠰ ᠤᠳᠠᠭᠠᠨ ᠤ ᠤᠷᠤᠯᠳᠤᠭᠠᠨ ᠤ ᠬᠢᠨᠠᠭᠴᠢ ᠪᠠᠳᠮᠠᠴᠡᠴᠡᠭ ᠠᠴᠠ ᠤᠷᠤᠯᠳᠤᠭᠠᠨ ᠳᠤ ᠤᠷᠤᠯᠴᠠᠭᠰᠠᠳ ‍ᠤᠨ‌ᠢᠯᠡᠷᠡᠯ ᠳᠤ ᠦᠨᠡᠯᠡᠯᠲᠡ ᠬᠢᠵᠦ᠂ ᠲᠤᠰ ᠤᠳᠠᠭᠠᠨ ᠤ ︽ᠪᠦᠰᠡᠭᠦᠢ ᠤᠬᠠᠭᠠᠨ︾ ᠴᠢᠯᠦᠭᠡᠲᠦ ᠶᠠᠷᠢᠶ᠎ᠠ ᠢᠯᠡᠳᠬᠡᠯ ᠤᠨ ᠠᠵᠢᠯᠯᠠᠭ᠎ᠠ ᠶᠢ ᠨᠤᠲᠠᠯᠠᠵᠤ᠂ ᠪᠠᠰᠠ ᠥᠪᠡᠷ ᠤᠨ ᠶᠠᠷᠢᠶ᠎ᠠ ᠢᠯᠡᠳᠬᠡᠯ ᠤᠨ ᠤᠷᠤᠯᠳᠤᠭᠠᠨ ᠳᠤ ᠣᠷᠤᠯᠴᠠᠵᠤ ᠪᠠᠶᠢᠭᠰᠠᠨ ᠦᠶ᠎ᠡ ᠶᠢᠨ ᠦᠯᠢᠭᠡᠷ ᠢᠶᠠᠨ ᠬᠤᠪᠢᠶᠠᠯᠴᠠᠵᠠᠢ᠃      ᠳᠠᠭᠠᠭᠠᠴᠢᠯᠠᠨ ᠡᠷᠬᠢᠯᠡᠭᠰᠡᠨ ᠨᠢᠭᠡᠴᠡ ᠠᠴᠠ ᠪᠠᠰᠠ ᠲᠤᠰ ᠤᠳᠠᠭ᠎ᠠ ᠶᠢᠨ ᠶᠠᠷᠢᠶ᠎ᠠ ᠢᠯᠡᠳᠬᠡᠯ ᠤᠨ ᠤᠷᠤᠯᠳᠤᠭᠠᠨ ᠢ ᠡᠷᠬᠢᠯᠡᠭᠰᠡᠨ ᠤᠭ ᠰᠠᠨᠠᠭ᠎ᠠ ᠪᠠᠨ ᠢᠯᠡᠳᠬᠡᠭᠰᠡᠨ ᠪᠥᠭᠡᠳ ᠥᠷᠭᠡᠨ ᠤᠯᠠᠨ ᠡᠮᠡᠭᠲᠡᠶᠢᠴᠦᠳ ᠢ ᠥᠪᠡᠷ  ᠤᠨ ᠰᠣᠶᠣᠯ ᠤᠨ ᠬᠡᠪ ᠪᠣᠯᠪᠠᠰᠤᠷᠠᠯ ᠢᠶᠠᠨ ᠲᠠᠰᠤᠷᠠᠯᠳᠠ ᠦᠭᠡᠢ  ᠳᠡᠭᠡᠭᠰᠢᠯᠡᠭᠦᠯᠵᠦ᠂ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠦᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠶᠢ  ᠨᠢ ᠵᠤᠷᠢᠭᠵᠢᠭᠤᠯᠵᠠᠢ᠃      ᠬᠤᠷᠴᠠ ᠰᠢᠷᠦᠭᠦᠨ ᠥᠷᠢᠰᠥᠯᠳᠦᠭᠡᠨ ᠢᠶᠠᠷ ᠳᠠᠮᠵᠢᠭᠠᠳ᠂ 19 ᠤᠷᠤᠯᠳᠤᠭᠠᠨ ᠳᠤ ᠤᠷᠤᠯᠴᠠᠭᠰᠠᠳ ᠠᠴᠠ ᠨᠢᠭᠡᠳᠦᠭᠡᠷ ᠳᠡᠰ ᠲᠤ ᠨᠢᠭᠡ ᠨᠡᠷ᠎ᠡ᠂ ᠬᠤᠶᠠᠳᠤᠭᠠᠷ ᠳᠡᠰ ᠲᠤ ᠬᠤᠶᠠᠷ ᠨᠡᠷ᠎ᠡ᠂ ᠭᠤᠷᠪᠠᠳᠤᠭᠠᠷ ᠳᠡᠰ ᠲᠤ ᠭᠤᠷᠪᠠᠨ ᠨᠡᠷ᠎ᠡ᠂ ᠰᠢᠯᠢᠳᠡᠭ ᠱᠠᠩᠨᠠᠯ ᠲᠠᠪᠤᠨ ᠨᠡᠷ᠎ᠡ᠂ ᠵᠣᠷᠢᠭᠵᠢᠭᠤᠯᠤᠯ ᠤᠨ ᠱᠠᠩᠨᠠᠯ ᠠᠷᠪᠠᠨ ᠨᠡᠷ᠎ᠡ ᠶᠢ ᠰᠢᠯᠭᠠᠷᠠᠭᠤᠯᠵᠤ᠂ ᠱᠠᠩᠨᠠᠨ ᠬᠦᠬᠢᠭᠦᠯᠵᠡᠢ᠃      ᠲᠣᠰ ᠤᠳᠠᠭᠠᠨ ᠤ ᠤᠷᠤᠯᠳᠤᠭᠠᠨ ᠨᠢ ᠡᠮᠡᠭᠲᠡᠶᠢᠴᠦᠳ ᠤᠨ ᠴᠤᠭ ᠵᠢᠪᠬᠤᠭ᠎ᠠ ᠶᠢ ᠭᠦᠶᠴᠡᠳ ᠢᠯᠡᠷᠡᠭᠦᠯᠵᠦ᠂ ᠪᠥᠬᠦ ᠬᠤᠰᠢᠭᠤᠨ ᠤ ᠥᠷᠭᠡᠨ ᠣᠯᠠᠨ ᠡᠮᠡᠭᠲᠡᠶᠢᠴᠦᠳ ᠬᠤᠶᠢᠰᠢᠳᠠ ᠶᠢᠨ ᠠᠵᠢᠯ ᠠᠮᠢᠳᠤᠷᠠᠯ ᠳᠤᠮᠳᠠ ᠪᠠᠨ ᠵᠣᠷᠢᠭᠲᠠᠶ  ᠪᠠᠷ ᠲᠡᠮᠡᠴᠡᠵᠦ᠂ ᠵᠣᠷᠢᠭᠲᠠᠶ ᠪᠠᠷ ᠤᠷᠤᠭᠰᠢᠯᠠᠨ ᠳᠡᠪᠰᠢᠵᠦ᠂ ᠨᠠᠩ ᠣᠷᠭᠢᠯᠤᠮ᠎ᠠ ᠬᠠᠯᠠᠭᠤᠨ ᠣᠶᠤᠨ ᠰᠠᠨᠠᠭᠠᠨ ᠤ ᠳᠦᠷᠰᠦ ᠪᠠᠶᠢᠳᠠᠯ ᠢᠶᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠮᠠᠯᠵᠢᠬᠤ ᠲᠠᠷᠢᠶᠠᠯᠠᠬᠤ ᠣᠷᠣᠨ ᠤ ᠪᠥᠲᠥᠭᠡᠨ ᠪᠠᠶᠢᠭᠤᠯᠤᠯᠲᠠ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠵᠡᠷᠭᠡ ᠡᠯ᠎ᠡ ᠲᠠᠯ᠎ᠠ ᠶᠢᠨ ᠦᠶᠯᠡᠰ ᠲᠤ ᠢᠳᠡᠪᠬᠢᠲᠡᠶ ᠣᠷᠣᠯᠴᠠᠵᠤ᠂ ᠵᠡᠭᠦᠨ ᠦᠵᠦᠮᠦᠴᠢᠨ ᠬᠤᠰᠢᠭᠤᠨ ᠤ ᠰᠢᠨ᠎ᠡ ᠴᠠᠭ ᠦᠶ᠎ᠡ ᠶᠢᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠦᠶᠯᠡᠳᠦᠯᠭᠡ ᠳᠤᠮᠳᠠ ᠡᠮᠡᠭᠲᠡᠶᠢᠴᠦᠳ ᠤᠨ ᠬᠦᠴᠦᠨ ᠴᠢᠳᠠᠯ ᠢᠶᠠᠨ ᠡᠷᠭᠦᠵᠦ᠂ ᠡᠮᠡᠭᠲᠡᠶᠢᠴᠦᠳ ᠤᠨ ᠴᠤᠭ ᠵᠢᠪᠬᠤᠭ᠎ᠠ ᠶᠢ ᠢᠯᠡᠷᠡᠭᠦᠯᠬᠦ ᠶᠢ ᠬᠦᠰᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号