ᠮᠠᠨ ᠤ ᠬᠤᠰᠢᠭᠤ ᠪᠣᠯᠪᠠᠰᠤᠨ ᠵᠠᠮ ᠬᠠᠷᠢᠯᠴᠠᠭ᠎ᠠ ᠶᠢ ᠬᠥᠲᠥᠯᠥᠨ ᠵᠢᠯᠣᠭᠤᠳᠬᠤ ᠠᠵᠢᠯᠯᠠᠭ᠎ᠠ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2022/8/3
      ᠵᠠᠮ ᠬᠠᠷᠢᠯᠴᠠᠭᠠᠨ ᠤ ᠪᠣᠯᠪᠠᠰᠤᠨ ᠦᠢᠯᠡ ᠠᠵᠢᠯᠯᠠᠭ᠎ᠠ ᠶᠢ ᠤᠯᠠᠮ ᠨᠢᠭᠡ ᠠᠯᠬᠤᠮ ᠰᠠᠨᠠᠭᠠᠴᠢᠯᠠᠵᠤ᠂ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠵᠠᠮ ᠬᠠᠷᠢᠯᠴᠠᠭᠠᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠪᠣᠯᠪᠠᠰᠤᠨ ᠡᠶ᠎ᠡ ᠵᠣᠬᠢᠴᠠᠯ ᠲᠠᠢ ᠰᠠᠭᠠᠳ ᠥᠬᠡᠶ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠬᠤ ᠶᠢᠨ  ᠲᠥᠯᠦᠭᠡ᠂ 7 ᠰᠠᠷ᠎ᠠ ᠶᠢᠨ 13 ᠤ ᠡᠳᠦᠷ ᠡᠴᠠ‌ᠡᠬᠢᠯᠡᠨ 7  ᠰᠠᠷ᠎ᠠ ᠶᠢᠨ ᠰᠡᠭᠦᠯᠴᠢ ᠪᠣᠯᠲᠠᠯ᠎ᠠ᠂ ᠬᠤᠰᠢᠭᠤ ᠣᠶᠤᠨ ᠤ ᠪᠣᠯᠪᠠᠰᠤᠨ ᠤ ᠪᠠᠶᠢᠭᠤᠯᠤᠯᠲᠠ ᠶᠢᠨ ᠠᠯᠪᠠᠨ ᠬᠡᠷ᠂ ᠰᠢᠨ᠎ᠡ ᠴᠠᠭ ᠦᠶ᠎ᠡ‌‍ᠶᠢᠨ ᠪᠣᠯᠪᠠᠰᠤᠨ ᠦᠢᠯᠡᠳᠦᠯᠭᠡ ᠶᠢᠨ ᠦᠢᠯᠡᠴᠢᠯᠡᠭᠡᠨ ᠤ ᠲᠥᠪ᠂ ᠵᠠᠮ ᠬᠠᠷᠢᠯᠴᠠᠭᠠᠨ ᠤ  ᠴᠠᠭᠳᠠᠭᠠᠨ ᠶᠡᠭᠡ ᠠᠩᠭᠢ᠂ ᠡᠪᠯᠡᠯ ᠤᠨ ᠬᠤᠷᠢᠶ᠎ᠠ ᠬᠠᠮᠲᠤᠷᠠᠨ ᠪᠣᠯᠪᠠᠰᠤᠨ ᠵᠠᠮ ᠬᠠᠷᠢᠯᠴᠠᠭ᠎ᠠ  ᠶᠢ ᠬᠥᠲᠥᠯᠥᠨ ᠵᠢᠯᠣᠭᠤᠳᠬᠤ ᠠᠵᠢᠯᠯᠠᠭ᠎ᠠ ᠥᠷᠨᠢᠭᠦᠯᠵᠦ᠂ ᠪᠥᠬᠦ ᠬᠤᠰᠢᠭᠤᠨ ᠤ ᠡᠯ᠎ᠡ ᠱᠠᠲᠤᠨ ᠤ ᠪᠣᠯᠪᠠᠰᠤᠨ ᠨᠢᠭᠡᠴᠢ ᠶᠢᠨ ᠰᠠᠶᠢᠨ ᠳᠤᠷᠠᠴᠤᠳ ᠢᠶᠠᠷ ᠪᠦᠷᠢᠯᠳᠦᠭᠰᠡᠨ ᠪᠣᠯᠪᠠᠰᠤᠨ ᠵᠠᠮ ᠬᠠᠷᠢᠯᠴᠠᠭ᠎ᠠ ᠶᠢ ᠬᠥᠲᠥᠯᠥᠨ ᠵᠢᠯᠣᠭᠤᠳᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ 80 ᠭᠠᠷᠤᠶ ᠬᠡᠰᠢᠭᠦᠳ ᠵᠠᠮ ᠬᠠᠷᠢᠯᠴᠠᠭᠠᠨ ᠤ ᠴᠠᠭᠳᠠᠭ᠎ᠠ ᠶᠢᠨ ᠵᠢᠯᠣᠭᠤᠳᠣᠯᠭ᠎ᠠ ᠳᠤᠤᠷ᠎ᠠ ᠪᠣᠯᠪᠠᠰᠤᠨ ᠵᠠᠮ ᠬᠠᠷᠢᠯᠴᠠᠭ᠎ᠠ ᠶᠢ ᠬᠥᠲᠥᠯᠥᠨ ᠵᠢᠯᠣᠭᠤᠳᠬᠤ ᠰᠠᠶᠢᠨ ᠳᠤᠷ᠎ᠠ ᠶᠢᠨ ᠦᠢᠯᠡᠴᠢᠯᠡᠭᠡ ᠶᠢ ᠡᠮᠬᠢ ᠵᠢᠷᠤᠮ ᠲᠠᠢ ᠥᠷᠨᠢᠭᠦᠯᠵᠦ᠂ ᠠᠵᠢᠯᠯᠠᠭ᠎ᠠ ᠳᠤ᠂ ᠰᠠᠶᠢᠨ ᠳᠤᠷᠠᠴᠤᠳ ᠵᠠᠮ ᠬᠠᠷᠢᠯᠴᠠᠭᠠᠨ ᠤ ᠡᠮᠬᠢ ᠳᠢᠭᠯᠢᠮ ᠢ ᠬᠠᠮᠠᠭᠠᠯᠠᠨ᠂ ᠪᠣᠯᠪᠠᠰᠤᠨ ᠢᠶᠠᠷ ᠶᠠᠪᠤᠵᠤ ᠰᠠᠭᠤᠬᠤ ᠶᠢ ᠬᠥᠲᠥᠯᠥᠨ ᠵᠢᠯᠣᠭᠤᠳᠴᠣ᠂ ᠴᠠᠬᠢᠯᠭᠠᠨ ᠬᠥᠳᠡᠯᠭᠡᠭᠦᠷᠲᠦ ᠲᠡᠷᠭᠡ᠂ ᠮᠣᠲ᠋ᠣᠷ ᠤᠨᠤᠬᠤ ᠳᠤ ᠬᠠᠮᠠᠭᠠᠯᠠᠯᠲᠠ ᠶᠢᠨ ᠮᠠᠯᠠᠭᠠᠢ ᠵᠡᠭᠦᠭᠰᠡᠨ ᠥᠬᠡᠶ᠂ ᠮᠠᠰᠢᠨ ᠬᠥᠳᠡᠯᠭᠡᠭᠦᠷᠲᠦ ᠪᠤᠰᠤ ᠲᠡᠷᠭᠡ ᠳᠤᠷ᠎ᠠ ᠪᠠᠷ ᠵᠣᠭᠰᠣᠬᠤ ᠪᠠ ᠶᠠᠪᠠᠭᠠᠨ ᠬᠥᠮᠦᠨ ᠶᠠᠪᠠᠭᠠᠨ ᠬᠦᠮᠦᠨ ᠤ ᠵᠠᠮ ᠢᠶᠠᠷ ᠶᠠᠪᠤᠬᠤ ᠦᠭᠡᠢ᠂ ᠵᠠᠮ ᠬᠠᠷᠢᠯᠴᠠᠭᠠᠨ ᠤ  ᠳᠥᠷᠢᠮ ᠢ ᠰᠠᠬᠢᠬᠤ ᠦᠭᠡᠢ ᠵᠡᠷᠭᠡ ᠦᠢᠯᠡ ᠠᠵᠢᠯᠯᠠᠭ᠎ᠠ ᠳᠤ ᠬᠢᠨᠠᠯᠲᠠ ᠲᠠᠯᠪᠢᠵᠤ ᠢᠳᠬᠠᠨ ᠬᠤᠷᠢᠭᠯᠠᠬᠤ ᠶᠢᠨ ᠬᠠᠮᠲᠤ ᠨᠠᠰᠢ ᠴᠠᠰᠢ ᠶᠠᠪᠤᠵᠤ ᠪᠠᠶᠢᠭ᠎ᠠ ᠬᠦᠮᠦᠰ ᠲᠤ ᠵᠠᠮ ᠬᠠᠷᠢᠯᠴᠠᠭᠠᠨ ᠤ ᠠᠮᠤᠷ ᠲᠦᠪᠰᠢᠨ ᠢ ᠠᠩᠬᠠᠷᠬᠤ ᠶᠢ ᠰᠠᠨᠠᠭᠤᠯᠵᠤ  ᠂ ᠣᠯᠠᠨ ᠲᠦᠮᠡᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠤᠬᠠᠮᠰᠠᠷ ᠢ ᠳᠡᠭᠡᠭᠰᠢᠯᠡᠭᠦᠯᠵᠦ᠂ ᠪᠣᠯᠪᠠᠰᠤᠨ ᠡᠶ᠎ᠡ‌ᠵᠣᠬᠢᠴᠠᠩᠭᠤᠶ ᠵᠠᠮ ᠬᠠᠷᠢᠯᠴᠠᠭᠠᠨ ᠤ ᠠᠭᠤᠷ ᠠᠮᠢᠰᠬᠤᠯ ᠢ ᠬᠠᠮᠲᠤ ᠪᠠᠷ ᠪᠣᠶ ᠪᠣᠯᠭᠠᠪᠠ᠃      ᠲᠣᠰ ᠤᠳᠠᠭᠠᠨ ᠤ ᠰᠠᠶᠢᠨ ᠳᠤᠷ᠎ᠠ ᠶᠢᠨ ᠠᠵᠢᠯᠯᠠᠭ᠎ᠠ ᠨᠢ ᠣᠯᠠᠨ ᠲᠦᠮᠡᠨ ᠳᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠲᠣᠭᠲᠠᠭᠠᠯ ᠢ ᠤᠬᠠᠭᠤᠯᠵᠤ᠂ ᠪᠣᠯᠪᠠᠰᠤᠨ ᠵᠠᠮ ᠬᠠᠷᠢᠯᠴᠠᠭᠠᠨ ᠤ ᠣᠶᠢᠯᠠᠭᠠᠭᠳᠠᠬᠤᠨ ᠢ ᠰᠠᠨᠠᠭᠠᠴᠢᠯᠠᠬᠤ ᠶᠢᠨ ᠬᠠᠮᠲᠤ ᠥᠪᠡᠷ ᠤᠨ ᠪᠣᠯᠪᠠᠰᠤᠨ ᠤ ᠤᠬᠠᠮᠰᠠᠷ ᠢᠶᠠᠨ ᠴᠢᠩᠭᠠᠳᠬᠠᠵᠤ᠂ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠭᠰᠠᠨ ᠪᠠᠶᠢᠨ᠎ᠠ᠃ ᠰᠠᠶᠢᠨ ᠲᠤᠷᠠᠴᠤᠳ ᠥᠪᠡᠷ ᠤᠨ ᠪᠣᠳᠠᠲᠤ ᠠᠵᠢᠯᠯᠠᠭ᠎ᠠ ᠪᠠᠷ ᠢᠶᠠᠨ ᠦᠯᠢᠭᠡᠷ ᠳᠠᠭᠤᠷᠢᠶᠠᠯ ᠪᠣᠯᠵᠤ᠂ ᠬᠥᠮᠦᠰ ᠤᠨ ᠶᠠᠪᠤᠵᠤ ᠰᠠᠭᠤᠬᠤ ᠳᠤ ᠳᠥᠭᠦᠮ ᠦᠵᠡᠭᠦᠯᠪᠡ᠃ ᠥᠷᠭᠡᠨ ᠣᠯᠠᠨ ᠰᠠᠭᠤᠭᠠᠯᠢ ᠠᠷᠠᠳ ᠴᠦ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂  ᠣᠲᠣ ᠠᠴᠠ ᠭᠠᠷᠳᠠᠨ ᠬᠢᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠵᠤ᠂ ᠵᠠᠮ ᠬᠠᠷᠢᠯᠴᠠᠭᠠᠨ ᠤ ᠮᠠᠭᠤ ᠳᠠᠳᠬᠠᠯ ᠢᠶᠠᠨ ᠲᠠᠶᠠᠭᠳᠠᠬᠤ ᠶᠢ ᠬᠦᠰᠡᠵᠦ ᠪᠠᠶᠢᠨ᠎ᠠ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号