ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2022 ᠣᠨ ᠤ ᠳᠣᠯᠣᠳᠣᠭᠠᠷ ᠣᠳᠠᠭᠠᠨ ᠤ ᠬᠠᠮᠳᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/8/3
      7 ᠰᠠᠷ᠎ᠠ ᠶᠢᠨ 20 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠤᠰᠢᠭᠤ ᠨᠠᠮ ᠤᠨ ᠬᠤᠷᠢᠶᠠᠨ ᠤ ᠣᠨᠣᠯ ᠤᠨ ᠰᠤᠷᠤᠯᠴᠠᠯᠭ᠎ᠠ ᠶᠢᠨ ᠭᠤᠤᠯᠯᠠᠬᠤ ᠳᠤᠭᠤᠶᠢᠯᠠᠩ ᠤᠨ 2022 ᠣᠨ ᠤ ᠳᠣᠯᠣᠳᠣᠭᠠᠷ ᠣᠳᠠᠭᠠᠨ ᠤ ᠬᠠᠮᠳᠤ ᠶᠢᠨ ᠰᠤᠷᠤᠯᠴᠠᠯᠭ᠎ᠠ ︵ᠥᠷᠭᠡᠳᠬᠡᠭᠰᠡᠨ︶ ᠶᠢᠨ ᠬᠤᠷᠠᠯ ᠢ ᠡᠷᠭᠢᠯᠡᠨ‌ᠬᠤᠷᠠᠯᠳᠤᠭᠤᠯᠵᠠᠢ᠃ ᠭᠤᠤᠯᠯᠠᠬᠤ ᠳᠤᠭᠤᠶᠢᠯᠠᠩ ᠤᠨ ᠪᠦᠷᠢᠯᠳᠦᠭᠦᠨ ᠬᠤᠷᠠᠯ ᠳᠤ ᠣᠷᠣᠯᠴᠠᠵᠤ᠂ ᠡᠯ᠎ᠡ ᠰᠤᠮᠤ ᠪᠠᠯᠭᠠᠰᠤ  ︵ᠲᠠᠯᠠᠪᠠᠶ︶᠂ ᠬᠤᠰᠢᠭᠤ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ᠂ ᠲᠠᠷᠢᠶᠠᠯᠠᠩ ᠮᠠᠯ ᠠᠵᠤ ᠠᠬᠤᠢ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶ᠎ᠠ᠂ ᠣᠶ ᠰᠢᠭᠤᠶ ᠪᠠ ᠨᠤᠲᠤᠭ  ᠪᠡᠯᠴᠢᠭᠡᠷ ᠤᠨ ᠲᠣᠪᠴᠢᠶ᠎ᠠ ᠶᠢᠨ ᠪᠥᠬᠦ ᠺᠠᠳ᠋ᠷ ᠠᠵᠢᠯᠲᠠᠨ ᠵᠢᠴᠢ ᠬᠡᠰᠡᠭ ᠮᠠᠯ ᠠᠵᠤ ᠠᠬᠤᠶ ᠶᠢᠨ ᠬᠤᠷᠰᠢᠶ᠎ᠠ ᠶᠢᠨ ᠲᠥᠯᠥᠭᠡᠯᠡᠭᠴᠢ ᠬᠤᠷᠠᠯ ᠳᠤ ᠰᠤᠯᠠ ᠣᠷᠣᠯᠴᠠᠵᠠᠶ᠃      ᠬᠤᠷᠠᠯ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠤᠤᠯ ᠤᠨ ᠳᠡᠳ᠋ ᠲᠡᠷᠢᠭᠦᠯᠡᠭᠴᠢ ᠬᠤᠤ ᠢ ᠳ᠋ᠦᠩ ᠢ ᠤᠷᠢᠵᠤ ︽ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠪᠠᠶᠢᠭᠤᠯᠤᠯ ᠤᠨ ᠵᠦᠪᠳᠡᠭᠡᠬᠦ ᠴᠢᠬᠤᠯᠠᠲᠠᠶ ᠵᠠᠷᠢᠮ ᠠᠳᠡᠭᠦᠷᠡᠯ︾ ᠭᠡᠬᠦ ᠲᠤᠰᠬᠠᠶ ᠰᠡᠳᠦᠪᠲᠦ ᠲᠠᠶᠢᠯᠤᠮᠵᠢ ᠬᠢᠯᠭᠡᠪᠡ᠃ ᠲᠠᠶᠢᠯᠤᠮᠵᠢ ᠨᠢ ᠬᠠᠤᠯᠢ ᠳᠦᠷᠢᠮᠵᠢᠭᠰᠡᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠪᠣᠯ ᠲᠡᠦᠬᠡ ᠶᠢᠨ ᠵᠠᠶᠢᠯᠠᠰᠢ ᠥᠬᠡᠶ ᠵᠢᠮ᠎ᠡ ᠶᠣᠰᠣ᠂ ᠨᠤᠲᠤᠭ ᠪᠡᠯᠴᠢᠭᠡᠷ ᠲᠤ ᠬᠤᠯᠪᠣᠭᠳᠠᠬᠤ ᠰᠢᠢᠳᠪᠦᠷᠢᠲᠦ ᠪᠣᠳᠣᠯᠭ᠎ᠠ ᠲᠣᠭᠲᠠᠭᠠᠬᠤ ᠶᠢᠨ ᠭᠤᠤᠯ ᠵᠣᠷᠢᠯᠲᠠ ᠪᠣᠯ ᠨᠤᠲᠤᠭ ᠪᠡᠯᠴᠢᠭᠡᠷ ᠤᠨ ᠭᠤᠷᠪᠠᠨ ᠵᠦᠢᠯ ᠤᠨ ᠰᠢᠨᠵᠢ ᠴᠢᠨᠠᠷ ᠢ ᠶᠡᠷᠦᠩᠬᠡᠶᠢᠯᠡᠨ ᠪᠠᠳᠠᠷᠠᠭᠤᠯᠬᠤ᠂ ᠰᠠᠨᠠᠭᠠᠴᠢᠯᠠᠭ᠎ᠠ ᠠᠴᠠ ᠪᠠᠨ ᠭᠠᠮᠰᠢᠭ ᠲᠠᠢ ᠲᠡᠮᠡᠴᠡᠵᠦ ᠭᠠᠮᠰᠢᠭ ᠢ ᠰᠡᠷᠭᠡᠶᠢᠯᠡᠬᠦ ᠳᠤ ᠡᠷᠬᠡᠪᠰᠢ ᠮᠠᠯ ᠠᠵᠤ ᠠᠬᠤᠶ ᠶᠢᠨ ᠵᠠᠮ ᠢ ᠪᠥᠲᠥᠭᠡᠨ ᠪᠠᠶᠢᠭᠤᠯᠬᠤ ᠵᠡᠷᠭᠡ ᠠᠷᠪᠠᠨ ᠲᠠᠯ᠎ᠠ ᠶᠢᠨ ᠠᠭᠤᠯᠭ᠎ᠠ ᠶᠢ ᠨᠠᠷᠢᠨ ᠲᠠᠶᠢᠯᠪᠤᠷᠢᠯᠠᠪᠠ᠃ ᠲᠠᠶᠢᠯᠤᠮᠵᠢ ᠨᠢ ᠠᠭᠤᠯᠭ᠎ᠠ ᠪᠠᠷ ᠪᠠᠶᠠᠯᠢᠭ᠂  ᠳᠦᠭᠦᠮ ᠣᠶᠢᠯᠠᠭᠠᠮᠵᠢᠲᠠᠶ ᠪᠠᠶᠢᠵᠤ᠂ ᠶᠡᠭᠡ ᠬᠡᠮᠵᠢᠶᠡᠨ ᠤ  ᠦᠢᠯᠡᠳᠦᠯᠭᠡ ᠶᠢᠨ ᠵᠢᠱᠢᠶ᠎ᠡ ᠪᠠ ᠬᠥᠨᠳᠡᠯᠡᠨ ᠭᠤᠯᠳᠤ ᠴᠢᠭᠯᠡᠯ ᠤᠨ ᠦᠵᠡᠭᠳᠡᠯ  ᠢ ᠬᠠᠷᠢᠴᠠᠭᠤᠯᠬᠤ ᠪᠠᠷ ᠳᠠᠮᠵᠢᠨ ᠨᠤᠲᠤᠭ ᠪᠡᠯᠴᠢᠭᠡᠷ ᠤᠨ ᠬᠠᠮᠢᠶᠠᠷᠤᠯᠲᠠ ᠶᠢᠨ ᠲᠦᠷᠢᠮ ᠢ ᠭᠦᠨᠵᠡᠭᠡᠶ ᠪᠥᠭᠡᠳ ᠨᠠᠷᠢᠯᠢᠭ ᠣᠨᠣᠪᠴᠢᠲᠠᠶ ᠡᠮᠬᠢᠯᠡᠨ ᠵᠠᠳᠠᠯᠵᠤ᠂ ᠮᠠᠨ ᠤ ᠬᠤᠰᠢᠭᠤᠨ ᠤ ᠮᠠᠯ ᠠᠵᠤ ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠳᠤ ᠰᠡᠳᠬᠢᠴᠡ ᠶᠢ ᠲᠣᠳᠣᠷᠬᠠᠶ ᠪᠣᠯᠭᠠᠨ ᠥᠭᠴᠦ᠂ ᠠᠷᠭ᠎ᠠ  ᠪᠤᠳᠤᠯᠭ᠎ᠠ ᠵᠢᠭᠠᠵᠤ ᠥᠭᠭᠦᠭᠰᠡᠨ ᠪᠠᠶᠢᠨ᠎ᠠ᠃ ᠲᠠᠶᠢᠯᠤᠮᠵᠢ ᠳᠤ ᠪᠠᠰᠠ ᠨᠤᠭᠤᠭᠠᠨ ᠳᠠᠷᠣᠰᠢ ᠪᠣᠯ ᠣᠳᠣᠬᠠᠨ ᠤ ᠭᠤᠤᠯ ᠪᠠᠭᠤᠷᠠᠶ ᠲᠠᠯ᠎ᠠ᠂ ᠪᠣᠷᠳᠤᠨ ᠲᠠᠷᠭᠤᠯᠠᠭᠤᠯᠬᠤ  ᠶᠢᠨ ᠳᠠᠯᠳᠠ ᠬᠦᠴᠦᠨ ᠢ ᠪᠠᠳᠠᠷᠠᠭᠤᠯᠬᠤ ᠴᠢᠬᠤᠯᠠᠲᠠᠶ᠂ ᠥᠪᠡᠷ ᠤᠨ ᠥᠷᠲᠡᠭ ᠢᠶᠠᠷ ᠳᠤᠤᠷ᠎ᠠ ᠰᠢᠢᠳᠪᠦᠷᠢᠲᠦ ᠪᠣᠳᠣᠯᠭ᠎ᠠ ᠪᠣᠯ ᠣᠲᠣ ᠦᠶ᠎ᠡ ᠶᠢᠨ ᠡᠵᠡᠩᠨᠡᠯᠲᠡ ᠶᠢᠨ ᠰᠠᠭᠤᠷᠢ ᠵᠡᠷᠭᠡ ᠲᠠᠪᠤᠨ ᠲᠠᠯ᠎ᠠ ᠶᠢᠨ ᠠᠭᠤᠯᠭ᠎ᠠ ᠶᠢᠨ ᠲᠣᠭᠤᠷᠢᠨ ᠳᠤ ᠰᠤᠳᠤᠯᠤᠨ ᠶᠠᠷᠢᠯᠴᠠᠵᠠᠶ᠃      ᠬᠤᠷᠠᠯ ᠠᠴᠠ ᠱᠠᠭᠠᠷᠳᠠᠬᠤ ᠳᠠᠭᠠᠨ᠂ ᠪᠦᠬᠦ ᠬᠤᠰᠢᠭᠤᠨ ᠤ ᠥᠷᠭᠡᠨ ᠣᠯᠠᠨ ᠤᠳᠤᠷᠢᠳᠬᠤ ᠺᠠᠳ᠋ᠷ ᠭᠦᠨᠵᠡᠭᠡᠶ ᠰᠤᠷᠤᠯᠴᠠᠨ ᠤᠶᠢᠯᠭᠠᠵᠦ᠂ ᠮᠠᠨ ᠤ ᠬᠤᠰᠢᠭᠤᠨ ᠤ ᠪᠣᠳᠠᠲᠠᠶ ᠠᠵᠢᠯ ᠳᠤ ᠰᠠᠭᠤᠷᠢᠯᠠᠨ᠂ ᠠᠮᠢ ᠠᠬᠤᠶ ᠶᠢ ᠲᠡᠷᠢᠭᠦᠨ ᠳᠤ ᠲᠠᠯᠪᠢᠨ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠤᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢ ᠪᠠᠷᠢᠮᠲᠠᠯᠠᠨ᠂ ᠬᠤᠶᠠᠷ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢᠨ ᠲᠣᠭᠤᠷᠢᠨ ᠳᠤ᠂ ᠪᠣᠬᠢᠷᠲᠤᠯ ᠦᠭᠡᠢ᠂ ᠠᠵᠤ  ᠦᠢᠯᠡᠰᠵᠢᠭᠰᠡᠨ᠂ ᠨᠡᠷᠡᠲᠦ ᠲᠡᠮᠳᠡᠭᠵᠢᠯᠲᠦ ᠶᠢᠨ ᠬᠠᠨᠳᠤᠰᠢ ᠪᠠᠷ᠂ ᠣᠳᠣ ᠦᠶ᠎ᠡ ᠶᠢᠨ ᠮᠠᠯ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠠᠬᠢᠴᠠ ᠶᠢ  ᠲᠦᠷᠭᠡᠳᠭᠡᠨ᠂ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠬᠢᠭᠡᠳ ᠠᠰᠢᠭᠯᠠᠯᠲᠠ ᠶᠢ ᠪᠦᠬᠦ ᠲᠠᠯ᠎ᠠ ᠪᠠᠷ  ᠠᠬᠢᠭᠤᠯᠵᠤ᠂ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠪᠠ ᠮᠠᠯ ᠪᠡᠯᠴᠢᠭᠡᠷ ᠤᠨ ᠲᠡᠩᠴᠡᠭᠦᠷᠢ ᠶᠢ  ᠪᠠᠲᠤᠯᠠᠬᠤ᠂ ᠪᠡᠯᠴᠢᠭᠡᠷᠯᠡᠭᠦᠯᠬᠦ ᠶᠢ ᠵᠤᠰᠣᠭᠠᠨ᠂  ᠪᠡᠯᠴᠢᠭᠡᠷ ᠢ ᠰᠡᠷᠭᠦᠭᠡᠬᠦ᠂ ᠪᠡᠯᠴᠢᠭᠡᠷ ᠢ ᠡᠭᠡᠯᠵᠢᠯᠡᠨ ᠮᠠᠯᠵᠢᠬᠤ ᠳᠦ᠋ᠷᠢᠮ ᠢ ᠴᠢᠩᠭ᠎ᠠ ᠨᠠᠶᠢᠳᠠᠪᠤᠷᠢᠵᠢᠭᠤᠯᠤᠨ᠂ ︽3 + 2︾ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠦᠷᠭᠦᠯᠵᠢᠯᠡᠨ‌ᠠᠬᠢᠭᠤᠯᠵᠤ᠂ ᠦᠢᠯᠡᠳᠬᠦᠨ ᠤ ᠶᠠᠰᠤ ᠴᠢᠨᠠᠷ ᠪᠠ ᠠᠵᠤ ᠦᠢᠯᠡᠰ ᠤᠨ ᠳᠡᠰ ᠳᠠᠪᠬᠤᠷᠭ᠎ᠠ ᠶᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠭᠠᠷᠭᠠᠯᠲᠠ ᠥᠨᠳᠥᠷ ᠪᠦᠲᠦᠮᠵᠢᠲᠡᠶ᠂ ᠦᠢᠯᠡᠳᠬᠦᠨ ᠠᠮᠤᠷ ᠲᠦᠪᠰᠢᠨ᠂ ᠡᠬᠢ ᠪᠠᠶᠠᠯᠢᠭ ᠢ‌ᠠᠷᠪᠢᠯᠠᠭᠰᠠᠨ ᠣᠳᠣ ᠦᠶ᠎ᠡ ᠶᠢᠨ ᠮᠠᠯ ᠠᠵᠤ ᠠᠬᠤᠶ ᠶᠢᠨ ᠬᠥᠭᠵᠢᠯᠲᠡ ᠶᠢᠨ ᠵᠠᠮ  ᠢᠶᠠᠷ ᠴᠢᠷᠮᠠᠶᠢᠨ ᠵᠠᠮᠨᠠᠵᠤ ᠬᠡᠷᠡᠭᠲᠡᠶ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号