ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ︽ᠭᠤᠷᠪᠠᠨ ᠬᠦᠴᠦᠷᠬᠡᠭ ᠭᠤᠷᠪᠠᠨ ᠰᠢᠯᠢᠳᠡᠭ︾ | ᠢᠨᠵᠧᠨᠧᠷᠢᠩ ᠢ ᠪᠦᠬᠦ ᠲᠠᠯ᠎ᠠ ᠪᠠᠷ ᠨᠠᠶᠢᠲᠠᠪᠤᠷᠢᠵᠢᠭᠤᠯᠤᠨ᠂ ᠬᠠᠮᠤᠭ ᠤᠨ ᠬᠦᠴᠦᠷᠬᠡᠭ ᠨᠠᠮ ᠤᠨ ᠡᠭᠦᠷ ᠤᠨ ︽ | ᠪᠠᠷᠢᠮᠵᠢᠶ᠎ᠠ ᠲᠠᠢ ᠬᠠᠷᠭᠤᠭᠤᠯᠵᠤ ᠡᠭᠦᠳᠦᠨ ᠪᠠᠶᠢᠭᠤᠯᠬᠤ︾ ᠠᠵᠢᠯ ᠢ ᠭᠦᠨᠵᠡᠭᠡᠢ ᠦᠷᠨᠢᠬᠦᠯᠵᠤ᠂ ᠦᠨᠳᠦᠰᠦᠨ | ᠱᠠᠲᠤᠨ ᠤ ᠨᠠᠮ ᠤᠨ ᠪᠠᠶᠢᠭᠤᠯᠤᠯᠲᠠ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠲᠤ ᠳᠤ | ᠨᠢ ᠠᠬᠢᠭᠤᠯᠬᠤ ᠶᠢᠨ ᠲᠦᠯᠤᠬᠡ᠂ ᠠᠯᠲᠠᠨᠬᠢᠯᠢ ᠰᠤᠮᠤ ᠨᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ | ᠱᠦᠵᠢ ᠶᠢᠨ ᠬᠥᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ︽ᠣᠳᠣᠨ ᠳᠡᠰ ᠰᠢᠯᠭᠠᠷᠠᠭᠤᠯᠬᠤ ᠮᠦᠷᠦᠶᠢᠴᠡᠭᠡᠨ | ︾ ᠤ ᠠᠵᠢᠯᠯᠠᠭ᠎ᠠ ᠶᠢ ᠪᠦᠬᠦ ᠲᠠᠯ᠎ᠠ ᠪᠠᠷ ᠥᠷᠨᠢᠭᠦᠯᠵᠦ᠂ 2022 ᠣᠨ ᠤ 7ᠰᠠᠷ᠎ᠠ ᠶᠢᠨ 19 ᠤ ᠡᠳᠦᠷ᠂ ᠭᠤᠷᠪᠠᠨ | ᠰᠠᠷ᠎ᠠ ᠶᠢᠨ ᠬᠤᠭᠤᠴᠠᠭ᠎ᠠ ᠲᠠᠢ ᠶᠠᠪᠤᠭᠲᠠᠭᠤᠯᠤᠭᠰᠠᠨ ︽ᠣᠳᠣᠨ ᠳᠡᠰ ᠰᠢᠯᠭᠠᠷᠠᠭᠤᠯᠬᠤ ᠮᠦᠷᠦᠶᠢᠴᠡᠭᠡᠨ︾ ᠤ | ᠠᠵᠢᠯᠯᠠᠭ᠎ᠠ ᠲᠡᠭᠦᠰ ᠠᠮᠵᠢᠯᠲᠠ ᠲᠠᠢ ᠥᠨᠳᠥᠷᠯᠡᠪᠡ᠃ | ᠬᠦᠢᠴᠠᠳ——ᠮᠦᠷᠦᠶᠢᠴᠡᠭᠡᠨ ᠤ ᠲᠠᠶᠢᠰᠠᠨ ᠪᠡᠯᠡᠳᠬᠡᠵᠤ᠂ ᠨᠠᠷᠢᠨ ᠬᠢᠨᠠᠮᠠᠭᠠᠢ ᠲᠥᠯᠥᠪᠵᠢᠭᠦᠯᠦᠨ | ᠪᠡᠯᠡᠳᠬᠡᠯ ᠨᠢ ᠬᠦᠢᠴᠠᠳ᠃ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠭᠤᠣᠯᠳᠠᠯᠭ᠎ᠠ ᠲᠠᠢ ᠠᠵᠢᠯ ᠢ | ᠪᠠᠶᠢᠷᠢᠯᠠᠭᠤᠯᠬᠤ ᠬᠤᠷᠠᠯ ᠬᠤᠷᠠᠯᠳᠤᠭᠤᠯᠵᠤ᠂ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ | ᠳᠣᠰᠬᠤᠨ ᠢ ᠬᠦᠭᠵᠢᠬᠦᠯᠦᠨ ᠮᠠᠨᠳᠣᠭᠤᠯᠬᠤ ︽ᠣᠳᠣᠨ ᠳᠡᠰ ᠰᠢᠯᠭᠠᠷᠠᠭᠤᠯᠬᠤ ᠮᠦᠷᠦᠶᠢᠴᠡᠭᠡᠨ︾ ᠤ ᠠᠵᠢᠯᠯᠠᠭ᠎ᠠ ᠶᠢ | ᠲᠣᠬᠢᠷᠠᠭᠤᠯᠤᠨ ᠪᠠᠶᠢᠷᠢᠯᠠᠭᠤᠯᠵᠤ᠂ ᠤᠳᠤᠷᠢᠳᠬᠤ ᠳᠤᠭᠤᠶᠢᠯᠠᠩ᠂ ᠬᠢᠨᠠᠨ ᠵᠢᠯᠤᠭᠤᠳᠬᠤ ᠳᠤᠭᠤᠶᠢᠯᠠᠩ᠂ ᠰᠢᠯᠭᠠᠨ | ᠦᠨᠡᠯᠡᠬᠦ ᠳᠤᠭᠤᠶᠢᠯᠠᠩ᠂ ᠰᠢᠯᠭᠠᠨ ᠪᠠᠶᠢᠴᠠᠭᠠᠬᠤ ᠳᠤᠭᠤᠶᠢᠯᠠᠩ ᠢ ᠪᠠᠶᠢᠭᠤᠯᠵᠤ᠂ ︽ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︿ᠣᠳᠣᠨ ᠳᠡᠰ ᠰᠢᠯᠭᠠᠷᠠᠭᠤᠯᠬᠤ | ᠮᠦᠷᠦᠶᠢᠴᠡᠭᠡᠨ﹀ ᠠᠵᠢᠯᠯᠠᠭ᠎ᠠ ᠶᠢᠨ ᠲᠥᠰᠥᠯ︾ ᠢ ᠲᠣᠭᠲᠠᠭᠠᠨ᠂ ︽ᠬᠠᠮᠤᠭ ᠤᠨ ᠬᠦᠴᠦᠷᠬᠡᠭ ᠨᠠᠮ ᠤᠨ ᠡᠭᠦᠷ︾ ︽ | ᠲᠠᠪᠤᠨ ᠬᠦᠴᠦᠷᠬᠡᠭ︾ ᠤᠨ ᠪᠠᠷᠢᠮᠵᠢᠶ᠎ᠠ ᠲᠠᠢ ᠤᠶᠠᠯᠳᠤᠭᠤᠯᠤᠨ᠂ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ︽ᠣᠳᠣᠨ ᠲᠠᠰ ᠤᠨ ᠬᠠᠮᠢᠶᠠᠷᠤᠯᠲᠠ︾ ᠶᠢᠨ ᠶᠣᠰᠣᠭᠠᠷ᠂ ︽ᠣᠳᠣᠨ ᠳᠡᠰ ᠰᠢᠯᠭᠠᠷᠠᠭᠤᠯᠬᠤ | ᠮᠦᠷᠦᠶᠢᠴᠡᠭᠡᠨ︾ ᠠᠭᠤᠯᠭ᠎ᠠ ᠶᠢ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠦᠨᠡᠯᠡᠨ ᠲᠣᠭᠲᠠᠭᠠᠬᠤ ᠪᠠᠷᠢᠮᠵᠢᠶ᠎ᠠ | ᠪᠠ ᠬᠤᠪᠢ ᠤᠯᠭᠤᠬᠤ ᠨᠠᠷᠢᠨ ᠳᠦᠷᠢᠮ ᠢ ᠵᠦᠢᠯ ᠳᠠᠷᠠᠭᠠᠯᠠᠨ ᠲᠣᠭᠲᠠᠭᠠᠬᠤ ᠶᠢᠨ ᠬᠠᠮᠲᠤ᠂ ᠭᠠᠴᠠᠭ᠎ᠠ ᠨᠢᠭᠡᠪᠦᠷᠢ ᠳᠤ | 1 ᠲᠠᠭᠠᠭᠠᠴᠢᠯᠠᠭᠰᠠᠨ ᠤᠳᠤᠷᠢᠳᠤᠯᠭ᠎ᠠ᠂ 2 ᠬᠠᠷᠢᠯᠴᠠᠬᠤ ᠺᠡᠳ᠋ᠷ ᠲᠣᠮᠢᠯᠠᠵᠤ᠂ ᠭᠠᠴᠠᠭᠠᠨ ᠤ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ︽ᠣᠳᠣᠨ ᠳᠡᠰ ᠰᠢᠯᠭᠠᠷᠠᠭᠤᠯᠬᠤ ᠮᠦᠷᠦᠶᠢᠴᠡᠭᠡᠨ︾ ᠠᠵᠢᠯᠯᠠᠭ᠎ᠠ ᠶᠢ ᠴᠢᠨᠠᠷ ᠰᠠᠶᠢᠲᠠᠢ | ᠪᠡᠶᠡᠯᠡᠭᠦᠯᠬᠦ ᠳᠤ ᠬᠠᠪᠰᠤᠷᠤᠨ ᠵᠢᠯᠤᠭᠤᠳᠴᠤ᠂ ︽ᠡᠭᠦᠷᠭᠡ ᠶᠢᠨ ᠪᠢᠴᠢᠭ︾ ᠢ ᠲᠣᠳᠣᠷᠬᠠᠶᠢᠯᠠᠪᠠ᠃ | ᠤᠷᠤᠭᠰᠢᠯᠠᠯᠲᠠ—— ᠲᠦᠷᠤᠬᠦᠴᠢ ᠬᠤᠨ ᠵᠢᠬᠦᠷ ᠢᠶᠠᠨ ᠲᠡᠯᠬᠡᠬᠦ ᠳᠤ᠂ ᠲᠦᠮᠠᠨ ᠬᠤᠨ ᠲᠠᠭᠤᠨ | ᠨᠢᠬᠡᠲᠠᠢ ᠤᠷᠤᠭᠰᠢᠯᠠᠬᠤ᠃ ᠡᠯ᠎ᠡ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠥᠪᠡᠷ ᠤᠨ ᠣᠨᠴᠠᠯᠢᠭ ᠲᠠᠢ ᠪᠠᠨ | ᠤᠶᠠᠯᠳᠤᠭᠤᠯᠤᠨ᠂ ᠭᠠᠴᠠᠭᠠᠨ ᠤ ᠬᠦᠲᠠᠯᠬᠡᠬᠡᠨ ᠤ ᠭᠠᠵᠠᠷ ᠤᠨ ᠰᠠᠭᠤᠷᠢ ᠲᠦᠬᠦᠬᠡᠷᠤᠮᠵᠢ ᠢᠶᠠᠨ ᠲᠡᠭᠦᠯᠳᠡᠷᠵᠢᠭᠦᠯᠵᠦ᠂ | ᠭᠠᠴᠠᠭᠠᠨ ᠤ ᠬᠠᠮᠲᠤ ᠶᠢᠨ ᠠᠵᠤ ᠠᠬᠤᠢ ᠶᠢᠨ ᠰᠠᠭᠤᠷᠢᠨ ᠭᠠᠵᠠᠷ 4᠂ ᠣᠨᠴᠠᠯᠢᠭᠲᠤ ᠨᠠᠮ ᠤᠨ ᠭᠡᠰᠢᠭᠦᠨ ᠭᠤᠤᠯᠯᠠᠬᠤ | ᠡᠷᠦᠬᠡ 4᠂ ᠰᠠᠭᠠᠯᠢ ᠶᠢᠨ ᠦᠢᠯᠡᠰ ᠤᠨ ᠡᠷᠦᠬᠡ 1᠂ ᠰᠢᠷᠭ᠎ᠠ ᠮᠣᠷᠢᠨ ᠤ ᠵᠢᠱᠢᠶ᠎ᠡ ᠦᠵᠡᠭᠦᠯᠬᠦ ᠡᠷᠦᠬᠡ 1 ᠶᠢ ᠪᠥᠬᠦ | ᠬᠦᠴᠦᠨ ᠢᠶᠠᠷ ᠴᠤᠭᠴᠠᠯᠠᠨ ᠪᠠᠶᠢᠭᠤᠯᠵᠤ᠂ ︽ᠮᠤᠷᠢᠨ ᠨᠢᠷᠦᠭᠤᠨ ᠳᠡᠭᠡᠷᠡᠬᠢ ᠨᠠᠮ ᠤᠨ ᠰᠤᠷᠭᠠᠭᠤᠯᠢ︾ ︽ᠠᠨᠠᠷ | ᠬᠢᠴᠢᠶᠡᠯ ᠤᠨ ᠲᠠᠩᠬᠢᠮ︾ ᠢ ᠪᠠᠶᠢᠭᠤᠯᠤᠨ᠂ ︽ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠲᠥᠪᠯᠡᠷᠡᠭᠦᠯᠦᠨ | ᠰᠢᠢᠳᠪᠦᠷᠢᠯᠡᠬᠦ ᠡᠳᠦᠷ︾᠂ ︽ᠠᠬᠤᠢ ᠲᠠᠯᠠᠪᠠᠢ ᠳᠤ ᠨᠢᠭᠡ ᠡᠳᠦᠷ ᠠᠯᠪᠠᠯᠠᠬᠤ︾᠂ ᠬᠢᠯᠢ ᠶᠢ ᠴᠠᠭᠳᠠᠨ᠂ ᠬᠢᠯᠢ ᠶᠢ | ᠬᠠᠮᠠᠭᠠᠯᠠᠬᠤ ᠴᠠᠭᠳᠠᠨ ᠪᠠᠶᠢᠴᠠᠭᠠᠬᠠᠤ ᠵᠡᠷᠭᠡ ᠠᠵᠢᠯᠯᠠᠭ᠎ᠠ ᠶᠢ ᠪᠠᠶᠢᠩᠭᠤᠵᠢᠭᠤᠯᠤᠨ ᠦᠷᠨᠢᠬᠦᠯᠬᠦ ᠶᠢᠨ ᠬᠠᠮᠲᠤ ᠬᠢᠨᠠᠨ | ᠵᠢᠯᠤᠭᠤᠳᠬᠤ ᠳᠤᠭᠤᠶᠢᠯᠠᠩ ᠠᠴᠠ ᠲᠣᠭᠲᠠᠮᠠᠯ ᠬᠤᠭᠤᠴᠠᠭ᠎ᠠ ᠲᠠᠢ ᠪᠠᠷ ᠡᠯ᠎ᠡ ᠭᠠᠴᠠᠭᠠᠨ ᠳᠤ ᠭᠦᠨᠵᠡᠭᠡᠶᠢᠷᠡᠵᠦ᠂ | ᠭᠠᠭᠴᠠ ᠲᠥᠷᠥᠯ ᠤᠨ ᠤᠲᠤ ᠶᠢ ᠨᠠᠶᠢᠲᠠᠪᠤᠷᠢᠵᠢᠭᠤᠯᠤᠭᠰᠠᠨ ᠪᠠᠶᠢᠲᠠᠯ ᠢ ᠬᠢᠨᠠᠨ ᠪᠠᠶᠢᠴᠠᠭᠠᠨ ᠦᠨᠡᠯᠡᠨ | ᠵᠢᠯᠤᠭᠤᠳᠴᠤ᠂ ᠡᠳᠦᠷ ᠲᠤᠲᠤᠮ ᠤᠨ ᠬᠠᠮᠢᠶᠠᠷᠤᠯᠲᠠ ᠶᠢᠨ ᠬᠤᠷᠠᠮᠳᠤᠯ ᠬᠤᠪᠢ ᠪᠠᠷ ᠬᠠᠲᠠᠭᠠᠯᠠᠵᠤ᠂ ᠭᠠᠴᠠᠭᠠᠨ ᠤ | ᠨᠠᠮ ᠤᠨ ᠵᠣᠬᠢᠶᠠᠨ ᠪᠠᠶᠢᠭᠤᠯᠤᠯᠲᠠ ᠠᠴᠠ ᠣᠳᠣᠨ ᠲᠠᠰ ᠤᠨ ᠦᠨᠡᠯᠡᠨ ᠲᠣᠭᠲᠠᠭᠠᠬᠤ ᠭᠦᠢᠴᠡᠳᠬᠡᠯ ᠲᠤᠭ᠎ᠠ ᠶᠢ | ᠰᠢᠯᠭᠠᠨ ᠲᠣᠭᠲᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠤᠨ᠂ ᠬᠠᠷᠢᠭᠤᠴᠠᠯᠭ᠎ᠠ ᠶᠢᠨ ᠨᠠᠷᠢᠨ | ᠲᠠᠩᠰᠠ ᠪᠠᠶᠢᠭᠤᠯᠵᠤ᠂ ᠪᠣᠳᠠᠲᠠᠢ ᠠᠷᠭ᠎ᠠ ᠬᠡᠮᠵᠢᠶ᠎ᠠ ᠠᠪᠴᠤ᠂ ᠲᠦᠷᠦᠭᠦᠴᠢ ᠭᠠᠯᠠᠭᠤ ᠶᠢᠨ ᠡᠩᠨᠡᠭᠡ ᠶᠢᠨ ︽ᠴᠤᠭ | ᠰᠦᠯᠳᠡ︾ ᠶᠢ ᠢᠯᠡᠷᠡᠭᠦᠯᠪᠠ᠃ | ᠬᠢᠯᠠᠯᠵᠠᠮ᠎ᠠ—— ᠳᠠᠪᠠᠭᠤᠯᠢᠭ ᠤᠨᠴᠠᠯᠢᠭ ᠨᠢ ᠲᠤᠪᠤᠶᠢᠮ᠎ᠠ᠂ ᠰᠤᠷᠤᠯᠴᠠᠯᠭ᠎ᠠ ᠦᠢᠯᠡᠲᠤᠯᠬᠡ ᠶᠢᠨ | ᠦᠩᠬᠡ ᠬᠢᠯᠪᠠᠭ᠎ᠠ ᠨᠢ ᠬᠢᠯᠠᠯᠵᠠᠮ᠎ᠠ᠃ ᠬᠥᠳᠡᠭᠡ ᠳᠣᠰᠬᠤᠨ ᠢ ᠬᠦᠭᠵᠢᠬᠦᠯᠦᠨ ᠮᠠᠨᠳᠣᠭᠤᠯᠬᠤ ︽ᠣᠳᠣᠨ ᠳᠡᠰ | ᠰᠢᠯᠭᠠᠷᠠᠭᠤᠯᠬᠤ ᠮᠦᠷᠦᠶᠢᠴᠡᠭᠡᠨ︾ ᠤ ᠠᠵᠢᠯᠯᠠᠭᠠᠨ ᠤ ᠳᠡᠰ ᠳᠠᠷᠠᠭ᠎ᠠ ᠪᠠ ᠵᠠᠩᠭᠢᠯᠠᠭ᠎ᠠ ᠶᠢᠨ ᠴᠡᠭ ᠢ ᠵᠢᠷᠤᠮᠵᠢᠭᠤᠯᠤᠨ | ᠲᠣᠬᠢᠷᠠᠭᠤᠯᠵᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠢ ᠶᠢᠨ ᠭᠠᠵᠠᠷ ᠲᠤᠨᠢ ᠲᠣᠭᠤᠷᠢᠨ ᠦᠵᠡᠬᠦ᠂ | ᠠᠷᠠᠳᠴᠢᠯᠠᠯ ᠢᠶᠠᠷ ᠰᠢᠯᠭᠠᠨ ᠦᠨᠡᠯᠡᠬᠦ ᠵᠡᠷᠭᠡ ᠠᠷᠭ᠎ᠠ ᠮᠠᠶ᠋ᠢᠭ ᠪᠠᠷ ᠭᠠᠴᠠᠭᠠᠨ ᠤ ︽ᠣᠳᠣᠨ ᠳᠡᠰ ᠰᠢᠯᠭᠠᠷᠠᠭᠤᠯᠬᠤ | ᠮᠦᠷᠦᠶᠢᠴᠡᠭᠡᠨ︾ ᠳᠤ ᠶᠡᠷᠦᠩᠬᠡᠶᠢᠯᠡᠭᠰᠡᠨ ᠰᠢᠯᠭᠠᠨ ᠲᠣᠭᠲᠠᠭᠠᠯᠲᠠ ᠬᠢᠵᠦ᠂ ︽ᠲᠤᠰᠢᠶᠠᠯ ᠲᠤᠭᠠᠴᠢᠯᠲᠠ ᠬᠢᠬᠦ᠂ | PPT ᠦᠵᠡᠭᠦᠯᠦᠯᠭᠡ᠂ ᠠᠬᠤᠢ ᠲᠠᠯᠠᠪᠠᠶ ᠳᠤ ᠬᠠᠷᠢᠯᠴᠠᠨ ᠬᠥᠳᠡᠯᠦᠯᠴᠡᠬᠦ︾ ᠵᠡᠷᠭᠡ ᠪᠠᠷ ᠠᠴᠢᠶᠠᠯᠠᠪᠤᠷᠢ ᠪᠣᠯᠭᠠᠭᠰᠠᠨ | ᠤᠷᠤᠯᠳᠤᠭᠠᠨ ᠤ ᠲᠠᠪᠴᠠᠩ ᠪᠠᠶᠢᠭᠤᠯᠵᠤ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢ | ᠵᠣᠬᠢᠶᠠᠨ ᠪᠠᠶᠢᠭᠤᠯᠤᠨ ᠲᠠᠶᠢᠰᠠᠨ ᠳᠤ ᠭᠠᠷᠭᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠂ ᠨᠠᠮ ᠤᠨ ᠪᠠᠶᠢᠭᠤᠯᠤᠯᠲᠠ ᠪᠠᠷ ᠦᠨᠳᠦᠰᠦᠨ ᠱᠠᠲᠤᠨ ᠤ ᠵᠠᠰᠠᠯᠲᠠ ᠶᠢ ᠬᠥᠲᠥᠯᠥᠨ ᠳᠠᠭᠠᠭᠤᠯᠬᠤ᠂ ᠨᠠᠮ ᠤᠨ | ᠬᠡᠰᠢᠬᠦᠨ ᠣᠯᠠᠨ ᠲᠦᠮᠡᠨ ᠲᠠᠢ ᠬᠠᠷᠢᠯᠴᠠᠬᠤ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠦᠨ | ᠪᠤᠵᠠᠭᠠᠶᠢᠷᠠᠭᠤᠯᠬᠤ ᠵᠡᠷᠭᠡ ᠲᠠᠯ᠎ᠠ ᠶᠢᠨ ᠠᠵᠢᠯ ᠤᠨ ᠬᠢᠯᠠᠰ ᠴᠡᠭ ᠢ ᠳᠡᠯᠭᠡᠨ᠂ ᠭᠠᠴᠠᠭᠠᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ | ᠠᠬᠢᠭᠤᠯᠬᠤ ᠶᠠᠪᠤᠴᠠ ᠳᠤ ᠬᠠᠷᠢᠭᠤᠴᠠᠯᠭ᠎ᠠ ᠪᠠᠨ ᠡᠭᠦᠷᠭᠡᠯᠡᠬᠦ ᠳᠣᠲᠣᠭᠠᠳᠤ ᠬᠥᠳᠡᠯᠭᠡᠭᠦ ᠬᠦᠴᠦᠨ ᠢ ᠪᠦᠲᠦᠮᠵᠢᠲᠡᠢ | ᠬᠥᠭᠵᠢᠭᠡᠵᠦ᠂ ᠠᠳᠠᠯᠢᠳᠬᠠᠬᠤ ᠪᠠᠷ ᠲᠠᠮᠵᠢᠨ ᠠᠯᠲᠠᠨᠬᠢᠯᠢ ᠰᠤᠮᠤᠨ ᠤ ᠪᠠᠶᠠᠡᠬᠠᠩᠭᠠᠢ ᠭᠠᠴᠠᠭᠠᠨ ᠤ ᠨᠠᠮ ᠤᠨ ᠡᠬᠦᠷ | ᠨᠢ ᠤᠷᠤᠶᠢᠯᠠᠨ ᠭᠠᠷᠴᠤ᠂ ᠨᠢᠬᠡᠲᠤᠬᠡᠷ ᠲᠠᠰ ᠲᠤ ᠲᠤᠲᠤᠷᠠᠵᠤ᠂ ᠠᠵᠢᠯ ᠶᠠᠪᠤᠳᠠᠯ ᠬᠢᠬᠦ ᠳᠤ ᠡᠭᠦᠷᠭᠡ | ᠬᠠᠷᠢᠭᠤᠴᠠᠯᠭ᠎ᠠ ᠪᠠᠨ ᠡᠭᠦᠷᠭᠡᠯᠡᠬᠦ ᠶᠢ ᠦᠨᠡᠨᠬᠦ ︽ᠠᠳᠠᠯᠢᠳᠬᠠᠨ︾᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠤᠳᠤᠨ ᠪᠣᠯᠬᠤ ᠪᠠᠷ ︽ᠲᠡᠮᠡᠴᠡᠪᠠ︾ ᠃ | |