ᠰᠠᠮᠠᠢ ᠰᠤᠮᠤᠨ ᠤ  ᠪᠠᠶ᠋ᠬᠠᠤᠪᠤᠭ᠎ᠠ  ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠨᠢ 《 ᠡᠮᠴᠢᠯᠡᠭᠡ ᠬᠦᠷᠭᠡᠬᠦ᠂ ᠡᠮ ᠬᠦᠷᠭᠡᠬᠦ᠂ ᠡᠷᠡᠭᠦᠯ ᠮᠡᠨᠳᠦ ᠬᠦᠷᠭᠡᠬᠦ 》 ᠬᠦᠳᠡᠯᠭᠡᠭᠡᠨ ᠥᠷᠨᠢᠭᠦᠯᠪᠡ
ᠨᠡᠶᠢᠲᠡᠯᠡᠭᠰᠡᠨ ᠴᠠᠭ᠄
2022/8/3
      ᠳᠤᠮᠳᠠᠳᠤ ᠶᠢᠨ ᠦᠨᠳᠦᠰᠦᠲᠡᠨ   ᠤ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠠᠰᠠᠷᠠᠬᠤ ᠤᠯᠠᠮᠵᠢᠯᠠᠯᠲᠤ ᠰᠠᠶᠢᠬᠠᠨ ᠰᠤᠷᠲᠠᠯ   ᠢ  ᠪᠠᠳᠠᠷᠠᠭᠤᠯᠵᠤ᠂ ᠨᠠᠰᠤᠲᠠᠨ ᠢ ᠬᠠᠯᠠᠮᠵᠢᠯᠠᠨ ᠬᠠᠪᠰᠤᠷᠬᠤ ᠨᠡᠶᠢᠭᠡᠮ ᠤᠨ ᠠᠭᠤᠷ ᠠᠮᠢᠰᠬᠤᠯ ᠢ ᠪᠣᠶ ᠪᠣᠯᠭᠠᠵᠤ᠂ ᠨᠡᠶᠢᠭᠡᠮ ᠤᠨ ᠡᠶ᠎ᠡ ᠵᠣᠬᠢᠴᠠᠩᠭᠤᠶ   ᠢ ᠠᠬᠢᠭᠤᠯᠬᠤ ᠶᠢᠨ ᠲᠥᠯᠥᠭᠡ᠂ 7 ᠰᠠᠷ᠎ᠠ  ᠶᠢᠨ 13 ᠤ ᠡᠳᠦᠷ᠂  ᠰᠠᠮᠠᠢ ᠰᠤᠮᠤᠨ ᠤ  ᠪᠠᠶ᠋ᠬᠠᠤᠪᠤᠭ᠎ᠠ  ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ  ᠨᠢ 《 ᠡᠮᠴᠢᠯᠡᠭᠡ ᠬᠦᠷᠭᠡᠬᠦ᠂ ᠡᠮ ᠬᠦᠷᠭᠡᠬᠦ᠂ ᠡᠷᠡᠭᠦᠯ ᠮᠡᠨᠳᠦ ᠬᠦᠷᠭᠡᠬᠦ 》ᠥᠷᠨᠢᠭᠦᠯᠪᠡ  ᠃          ᠲᠣᠰ ᠤᠳᠠᠭᠠᠨ ᠤ ᠬᠦᠳᠡᠯᠭᠡᠭᠡᠨ ᠳᠤ᠂ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ ᠪᠣᠯᠤᠨ  ᠰᠤᠮᠤᠨ ᠤ ᠡᠷᠡᠭᠦᠯ ᠬᠠᠮᠠᠭᠠᠯᠠᠯ ᠤᠨ ᠬᠤᠷᠢᠶᠠᠨ ᠤ ᠠᠵᠢᠯᠲᠠᠳ  ᠨᠠᠰᠤᠲᠠᠶᠢᠴᠤᠳ ᠤᠨ ᠪᠡᠶ᠎ᠡ ᠮᠠᠬᠠᠪᠣᠳ ᠢ ᠨᠠᠷᠢᠨ ᠬᠢᠨᠠᠮᠠᠭᠠᠶ ᠪᠠᠶᠢᠴᠠᠭᠠᠵᠤ᠂ ᠲᠡᠳᠡᠨ ᠤ ᠲᠣᠭᠠᠴᠢᠯᠲᠠ ᠶᠢ ᠨᠠᠷᠢᠨ ᠬᠢᠨᠠᠮᠠᠭᠠᠶ ᠰᠣᠨᠣᠰᠴᠤ᠂ ᠠᠰᠠᠭᠤᠯᠲᠠ ᠶᠢ ᠨᠠᠷᠢᠨ ᠨᠢᠮᠪᠠᠶ ᠬᠠᠷᠢᠭᠤᠯᠪᠠ  ᠃ ᠡᠮᠡᠭᠲᠡᠶᠢᠴᠦᠳ ᠤᠨ ᠬᠤᠯᠪᠤᠭᠠᠲᠤ ᠬᠤᠷᠠᠯ ᠴᠤ ᠨᠠᠰᠤᠲᠠᠶᠢᠴᠤᠳ ᠢ ᠪᠤᠯᠭᠤᠭᠠᠨ ᠲᠣᠬᠤᠨᠢᠭᠤᠯᠬᠤ ᠪᠣᠳᠠᠰ ᠬᠦᠷᠭᠡᠵᠦ᠂ ᠨᠠᠰᠤᠲᠠᠶᠢᠴᠤᠳ ᠢ ᠥᠪᠡᠷ ᠤᠨ ᠪᠡᠶ᠎ᠡ ᠮᠠᠬᠠᠪᠣᠳ ᠢᠶᠠᠨ ᠰᠠᠶᠢᠲᠤᠷ ᠬᠠᠷᠠᠭᠠᠯᠵᠠᠵᠤ᠂ ᠬᠦᠴᠢᠷᠳᠡᠯ ᠲᠠᠢ ᠪᠣᠯ ᠴᠠᠭ ᠲᠤᠬᠠᠶ ᠳᠤᠨᠢ ᠭᠠᠴᠠᠭᠠᠨ ᠤ ᠡᠮᠡᠭᠲᠡᠶᠢᠴᠦᠳ ᠤᠨ ᠬᠤᠯᠪᠤᠭᠠᠲᠤ ᠬᠤᠷᠠᠯ  ᠳᠤ  ᠮᠡᠳᠡᠭᠳᠡᠭᠡᠷᠡᠢ ᠭᠡᠵᠦ ᠵᠠᠬᠢᠪᠠ  ᠃      ᠭᠠᠴᠠᠭᠠᠨ ᠤ ᠡᠮᠡᠭᠲᠡᠶᠢᠴᠦᠳ ᠤᠨ ᠬᠤᠯᠪᠣᠭᠠᠲᠤ ᠬᠤᠷᠠᠯ ᠨᠢ ᠨᠠᠰᠤᠲᠠᠶᠢᠴᠤᠳ ᠤᠨ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢᠳᠤᠷᠠᠯ ᠢ ᠬᠠᠯᠠᠮᠵᠢᠯᠠᠨ ᠬᠠᠶᠢᠷᠠᠯᠠᠬᠤ ᠶᠢ ᠭᠠᠴᠠᠭᠠᠨ ᠤ ᠠᠵᠢᠯ ᠤᠨ ᠨᠢᠭᠡᠨ ᠴᠢᠬᠤᠯᠠ ᠠᠭᠤᠯᠭ᠎ᠠ ᠪᠣᠯᠭᠠᠵᠤ᠂ ᠦᠷᠭᠦᠯᠵᠢ ᠬᠠᠨᠳᠤᠯᠭᠠᠲᠤ ᠴᠢᠨᠠᠷᠲᠠᠶ ᠪᠠᠷ ᠡᠯ᠎ᠡ ᠵᠦᠶᠯ ‍ᠦᠨ‌‍ᠪᠤᠯᠭᠤᠭᠠᠨ ᠲᠣᠬᠤᠨᠢᠭᠤᠯᠬᠤ  ᠬᠦᠳᠡᠯᠭᠡᠭᠡᠨ ᠥᠷᠨᠢᠭᠦᠯᠵᠦ᠂ ᠨᠠᠰᠤᠲᠠᠨ ᠲᠠᠢ ᠶᠠᠷᠢᠯᠴᠠᠵᠤ᠂ ᠨᠠᠰᠤᠲᠠᠨ ᠳᠤ ᠨᠠᠩ ᠣᠯᠠᠨ ᠬᠠᠶᠢᠷ᠎ᠠ ᠬᠠᠯᠠᠮᠵᠢ  ᠬᠦᠷᠲᠡᠭᠡᠨ᠎ᠡ  ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号