ᠪᠦᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠪᠣᠯᠪᠠᠰᠤᠷᠠᠯ ᠤᠨ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/8/4
      ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ ᠥᠷᠭᠡᠳᠬᠡᠬᠦ ᠶᠢᠨ ᠲᠥᠯᠥᠭᠡ᠂ 7 ᠰᠠᠷ᠎ᠠ ᠶᠢᠨ 23 ᠤ ᠡᠳᠦᠷ᠂ ᠮᠠᠨ ᠤ ᠬᠤᠰᠢᠭᠤ ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ‌‍ᠶᠢᠨ ᠦᠢᠯᠡᠴᠢᠯᠡᠭᠡᠨ ᠤ ᠪᠣᠯᠪᠠᠰᠤᠷᠠᠯ ᠤᠨ ᠬᠤᠷᠠᠯ ᠬᠤᠷᠠᠯᠳᠤᠭᠤᠯᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠬᠦᠳᠡᠷ ᠬᠤᠷᠠᠯ ᠳᠤ ᠣᠷᠣᠯᠴᠠᠪᠠ᠃      ᠬᠤᠷᠠᠯ ᠠᠴᠠ ᠥᠪᠡᠷᠲᠡᠭᠡᠨ ᠵᠠᠰᠠᠬᠤ ᠣᠷᠣᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠤᠳᠤᠯᠭᠠᠨ ᠤ ᠲᠥᠪ ᠤᠨ ᠪᠠᠶᠢᠩᠭᠤ ᠶᠢᠨ ᠳᠡᠳ᠋ ᠡᠷᠬᠢᠯᠡᠭᠴᠢ ᠸᠧᠶ ᡁᠢ ᠶᠦᠩ ᠢ ᠤᠷᠢᠵᠤ ᠣᠯᠠᠨ ᠳᠤ ᠬᠢᠴᠢᠶᠡᠯ ᠣᠷᠣᠭᠤᠯᠪᠠ᠃ ᠪᠣᠯᠪᠠᠰᠤᠷᠠᠯ ᠨᠢ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠴᠢᠳᠠᠮᠵᠢ ᠶᠢᠨ ᠪᠠᠶᠢᠷᠢ ᠲᠣᠭᠲᠠᠭᠠᠯᠲᠠ᠂ ᠠᠵᠢᠯ ᠤᠨ ᠭᠤᠤᠯᠳᠠᠯᠭ᠎ᠠ᠂ ᠪᠥᠲᠥᠭᠡᠨ ᠪᠠᠶᠢᠭᠤᠯᠬᠤ ᠠᠷᠭ᠎ᠠ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠢ ᠭᠦᠨᠵᠡᠭᠡᠶᠢᠷᠡᠭᠦᠯᠦᠨ ᠥᠷᠭᠡᠳᠬᠡᠬᠦ ᠦᠨᠳᠦᠰᠦᠨ ᠠᠷᠭ᠎ᠠ ᠵᠠᠮ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠲᠥᠰᠦᠪᠯᠡᠬᠦ ᠪᠠ ᠨᠠᠷᠠᠲᠤ ᠲᠥᠷᠥᠯ ᠲᠡᠮᠳᠡᠭᠲᠦ ᠶᠢ ᠪᠥᠲᠥᠭᠡᠨ ᠪᠠᠶᠢᠭᠤᠯᠬᠤ᠂ ᠲᠥᠷᠥᠯ ᠵᠦᠢᠯ ᠢ ᠪᠤᠶᠢᠵᠢᠭᠤᠯᠬᠤ ᠪᠠ ᠬᠡᠷᠡᠭᠵᠢᠭᠦᠯᠬᠦ ᠵᠡᠷᠭᠡ ᠲᠠᠯ᠎ᠠ ᠪᠠᠷ ᠭᠦᠨᠵᠡᠭᠡᠶ ᠪᠥᠭᠡᠳ ᠣᠶᠢᠯᠠᠭᠠᠮᠵᠢᠲᠠᠶ ᠲᠠᠶᠢᠯᠤᠮᠵᠢ ᠬᠢᠪᠠ᠃ ᠪᠣᠳᠠᠲᠤ ᠠᠵᠢᠯᠯᠠᠭᠠᠨ ᠤ ᠬᠢᠴᠢᠶᠡᠯ ᠳᠤ ᠲᠤᠬᠠᠶ ᠶᠢᠨ ᠲᠠᠯᠠᠪᠤᠷ ᠲᠤ ᠵᠥᠪᠯᠡᠬᠦ ᠰᠡᠳᠦᠪ ᠲᠣᠬᠢᠷᠠᠭᠤᠯᠵᠤ᠂ ᠲᠥᠷᠥᠯ ᠵᠦᠢᠯ ᠢ ᠲᠥᠪᠯᠡᠷᠡᠭᠦᠯᠦᠨ ᠶᠠᠷᠢᠯᠴᠠᠨ ᠰᠣᠩᠭᠤᠵᠤ᠂ ᠣᠯᠠᠨ ᠤ ᠤᠬᠠᠭᠠᠨ ᠬᠠᠮᠲᠤ ᠶᠢᠨ ᠬᠦᠴᠦ ᠪᠠᠷ ᠲᠥᠷᠥᠯ ᠵᠦᠢᠯ ᠢ ᠴᠣᠭᠴᠠᠯᠠᠬᠤ᠂ ᠪᠣᠭᠤᠳᠠᠯᠯᠠᠬᠤ᠂ ᠠᠬᠢᠭᠤᠯᠬᠤ ᠵᠡᠷᠭᠡ ᠪᠠᠷ ᠳᠠᠮᠵᠢᠨ ᠲᠥᠷᠥᠯ ᠵᠦᠢᠯ ᠢ ᠲᠥᠰᠦᠪᠯᠡᠬᠦ ᠪᠠ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠲᠥᠷᠥᠯ ᠵᠦᠢᠯ ᠢ ᠪᠤᠶᠢᠵᠢᠭᠤᠯᠬᠤ ᠪᠠ ᠬᠡᠷᠡᠭᠵᠢᠭᠦᠯᠬᠦ ᠵᠢᠴᠢ ᠰᠠᠶᠢᠨ ᠳᠤᠷ᠎ᠠ ᠶᠢᠨ ᠦᠢᠯᠡᠴᠢᠯᠡᠭᠡᠨ ᠤ ᠪᠦᠯᠬᠦᠮ ᠨᠡᠶᠢᠲᠡ ᠶᠢᠨ ᠬᠠᠮᠢᠶᠠᠷᠤᠯᠲᠠ᠂ ᠲᠥᠷᠥᠯ ᠵᠦᠢᠯ ᠤᠨ ᠲᠥᠯᠥᠪᠯᠡᠭᠡ  ᠶᠢᠨ ᠪᠢᠴᠢᠭ ᠢ ᠪᠢᠴᠢᠬᠦ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠭᠦᠨᠵᠡᠭᠡᠶᠢᠷᠡᠭᠦᠯᠪᠡ᠃ ᠬᠤᠷᠠᠯ ᠳᠤ ᠣᠷᠣᠯᠴᠠᠭᠰᠠᠳ ᠢᠯᠡᠷᠬᠡᠶᠢᠯᠡᠬᠦ ᠳᠡᠭᠡᠨ᠂ ᠲᠣᠰ ᠤᠳᠠᠭᠠᠨ ᠤ ᠪᠣᠯᠪᠠᠰᠤᠷᠠᠯ ᠨᠢ ᠮᠠᠰᠢ ᠶᠡᠭᠡ ᠠᠰᠢᠭ ᠬᠦᠷᠲᠡᠭᠡᠵᠦ᠂ ᠲᠡᠳᠡᠨ ᠤ ᠦᠵᠡᠯ ᠰᠠᠨᠠᠭ᠎ᠠ ᠲᠠᠨᠢᠯᠲᠠ᠂ ᠣᠨᠣᠯ ᠤᠨ ᠬᠡᠪ ᠪᠣᠯᠪᠠᠰᠤᠷᠠᠯ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠲᠡᠳᠡᠨ ᠤ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠤᠨ ᠲᠤᠬᠠᠶ ᠣᠶᠢᠯᠠᠭᠠᠯᠲᠠ ᠶᠢ ᠴᠤ ᠭᠦᠨᠵᠡᠭᠡᠶᠢᠷᠡᠭᠦᠯᠪᠡ᠂ ᠬᠤᠶᠢᠰᠢᠳᠠ ᠶᠢᠨ ᠠᠵᠢᠯ ᠤᠨ ᠳᠤᠮᠳᠠ ᠰᠠᠶᠢᠲᠤᠷ ᠤᠶᠢᠯᠠᠭᠠᠨ᠂ ᠠᠮᠢᠳᠤᠯᠢᠭ ᠰᠤᠷᠴᠤ ᠠᠮᠢᠳᠤᠯᠢᠭ ᠢᠶᠠᠷ ᠬᠡᠷᠡᠭᠯᠡᠵᠦ᠂ ᠰᠢᠨ᠎ᠡ ᠴᠠᠭ ᠦᠶ᠎ᠡ ᠶᠢᠨ ᠪᠣᠯᠪᠠᠰᠤᠨ‌ᠦᠢᠯᠡᠳᠦᠯᠭᠡ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠥᠨᠳᠥᠷ ᠪᠦᠲᠦᠮᠵᠢᠲᠡᠶ ᠥᠷᠨᠢᠬᠦ ᠶᠢ ᠤᠯᠠᠮ ᠨᠢᠭᠡ‌ᠠᠯᠬᠤᠮ ᠠᠬᠢᠭᠤᠯᠤᠨ᠎ᠠ ᠭᠡᠵᠡᠶ᠃      ᠬᠤᠷᠠᠯ ᠠᠴᠠ ᠴᠢᠬᠤᠯᠠᠴᠢᠯᠠᠬᠤ ᠳᠠᠭᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ  ᠤᠨ ᠪᠠᠶᠢᠭᠤᠯᠤᠯᠲᠠ ᠶᠢ ᠭᠦᠨᠵᠡᠭᠡᠶᠢᠷᠡᠭᠦᠯᠦᠨ ᠥᠷᠭᠡᠳᠬᠡᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠮᠥᠨ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ᠂ ᠦᠨᠳᠦᠰᠦᠨ ᠱᠠᠳᠤ ᠶᠢ ᠠᠮᠢᠳᠤᠯᠢᠭ ᠪᠣᠯᠭᠠᠬᠤ᠂ ᠰᠠᠭᠤᠷᠢ ᠶᠢ ᠪᠠᠬᠢᠵᠢᠭᠦᠯᠬᠦ ᠴᠢᠬᠤᠯᠠ ᠥᠭᠡᠷᠡᠴᠢᠯᠡᠯᠲᠡ ᠮᠥᠨ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠢ ᠬᠥᠮᠦᠵᠢᠭᠦᠯᠬᠦ᠂ ᠤᠯᠠᠨ ᠲᠦᠮᠡᠨ ᠢ ᠬᠦᠳᠦᠯᠦᠨ ᠳᠠᠭᠠᠭᠤᠯᠬᠤ᠂ ᠤᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠤᠮᠧᠲᠷ︾ ᠢ ᠨᠡᠪᠲᠡᠷᠡᠭᠦᠯᠬᠦ ᠴᠢᠬᠤᠯᠠ ᠭᠠᠷᠳᠠᠴᠠ ᠮᠥᠨ᠃ ᠡᠯ᠎ᠡ‌ᠬᠠᠮᠢᠶ᠎ᠠ ᠪᠥᠬᠦᠶ ᠨᠢᠭᠡᠴᠢ ᠶᠢᠨ ᠬᠢᠨ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠠᠵᠢᠯ ᠤᠨ ᠲᠣᠭᠲᠠᠴᠠ ᠪᠠᠨ ᠪᠦᠷᠢᠨᠰᠢᠬᠦᠯᠤᠨ᠂ ᠪᠠᠶᠢᠩᠭᠤ ᠶᠢᠨ ᠪᠥᠭᠡᠳ ᠣᠷᠳᠣ ᠬᠤᠭᠤᠴᠠᠭᠠᠨ ᠤ ᠪᠦᠲᠦᠮᠵᠢᠲᠡᠶ ᠪᠠᠶᠢᠬᠤ ᠶᠢ ᠠᠬᠢᠭᠤᠯᠵᠤ᠂ ᠡᠯ᠎ᠡ ᠵᠦᠢᠯ ᠤᠨ ᠡᠬᠢ ᠪᠠᠶᠠᠯᠢᠭ ᠢ ᠨᠢᠭᠡᠳᠦᠯᠲᠡᠶ ᠲᠥᠯᠥᠪᠵᠢᠭᠦᠯᠦᠨ᠂ ᠠᠵᠢᠯᠯᠠᠭᠠᠨ ᠤ ᠰᠠᠭᠤᠷᠢᠨ ᠭᠠᠵᠠᠷ ᠢ ᠰᠠᠶᠢᠲᠤᠷ ᠠᠰᠢᠭᠯᠠᠵᠤ᠂ ᠠᠵᠢᠯᠯᠠᠭᠠᠨ ᠤ ᠠᠴᠢᠶᠠᠯᠠᠪᠤᠷᠢ ᠶᠢ ᠪᠠᠶᠠᠯᠢᠭᠵᠢᠭᠤᠯᠤᠨ᠂ ᠦᠨᠳᠦᠰᠦᠨ ᠱᠠᠲᠤᠨ ᠤ ᠣᠯᠠᠨ ᠲᠦᠮᠡᠨ ᠳᠤ ᠰᠠᠶᠢᠲᠤᠷ ᠦᠢᠯᠡᠴᠢᠯᠡᠬᠦ ᠬᠡᠷᠡᠭᠲᠡᠶ᠃ ᠪᠡᠶᠡᠴᠢ ᠴᠢᠳᠠᠮᠠᠭᠠᠢ ᠴᠢᠨᠠᠷ ᠢ ᠢᠳᠡᠪᠬᠢᠲᠡᠢ ᠪᠠᠳᠠᠷᠠᠭᠤᠯᠵᠤ᠂ ᠬᠠᠨᠳᠤᠯᠭᠠᠲᠤ ᠴᠢᠨᠠᠷ ᠲᠠᠢ ᠪᠠᠷ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠰᠠᠶᠢᠨ ᠳᠤᠷ᠎ᠠ ᠶᠢᠨ ᠦᠢᠯᠡᠴᠢᠯᠡᠭᠡᠨ ᠤ ᠴᠢᠳᠠᠪᠤᠷᠢ ᠪᠠ ᠬᠢᠷᠢ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠪᠦᠬᠦ ᠬᠤᠰᠢᠭᠤᠨ ᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠶᠢᠨ ᠳᠦᠷᠢᠮᠵᠢᠯᠲᠡ᠂ ᠵᠢᠷᠤᠮᠵᠢᠯᠲᠠ᠂ ᠨᠡᠷᠡᠲᠦ ᠲᠡᠮᠳᠡᠭᠵᠢᠯᠲᠡ ᠶᠢ ᠤᠯᠠᠮ ᠨᠢᠭᠡ ᠠᠯᠬᠤᠮ ᠠᠬᠢᠭᠤᠯᠵᠤ᠂ ᠨᠠᠩ ᠰᠢᠯᠢᠳᠡᠭ ᠬᠢᠷᠢ ᠪᠦᠲᠦᠮᠵᠢ ᠪᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠪᠡ᠃      ᠪᠥᠬᠦ ᠬᠤᠰᠢᠭᠤᠨ ᠤ ᠰᠢᠨ᠎ᠡ ᠴᠠᠭ ᠦᠶ᠎ᠡ ᠶᠢᠨ ᠪᠣᠯᠪᠠᠰᠤᠨ‌ᠦᠢᠯᠡᠳᠦᠯᠭᠡ ᠶᠢᠨ ᠭᠠᠵᠠᠷ᠂ ᠥᠷᠲᠡᠭᠡ ᠶᠢᠨ ᠬᠠᠷᠢᠭᠤᠴᠠᠯᠭᠠᠲᠠᠨ᠂ ᠰᠢᠨ᠎ᠡ ᠴᠠᠭ ᠦᠶ᠎ᠡ ᠶᠢᠨ ᠪᠣᠯᠪᠠᠰᠤᠨ ᠦᠢᠯᠡᠳᠦᠯᠭᠡ ᠶᠢᠨ ᠲᠥᠪ ᠤᠨ 8 ᠰᠠᠯᠠᠭ᠎ᠠ ᠪᠠᠶᠢᠩᠭᠤ ᠶᠢᠨ ᠰᠠᠶᠢᠨ ᠳᠤᠷ᠎ᠠ ᠶᠢᠨ ᠦᠢᠯᠡᠴᠢᠯᠡᠭᠡᠨ ᠤ ᠠᠩᠭᠢ ᠶᠢᠨ ᠳᠠᠷᠤᠭ᠎ᠠ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠨᠡᠶᠢᠭᠡᠮ ᠤᠨ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠶᠢᠨ ᠬᠠᠷᠢᠭᠤᠴᠠᠯᠭᠠᠲᠠᠨ ᠵᠡᠷᠭᠡ 100 ᠭᠠᠷᠤᠶ ᠬᠥᠮᠦᠨ ᠬᠤᠷᠠᠯ ᠳᠤ ᠣᠷᠣᠯᠴᠠᠵᠠᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号