ᠰᠠᠮᠠᠢ ᠰᠤᠮᠤ ᠨᠢ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠰᠡᠮᠠᠢ ᠶᠢ ᠪᠦᠳᠦᠭᠡᠨ ᠪᠠᠶᠢᠭᠤᠯᠬᠤ ᠰᠢᠷᠢᠰ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠵᠢᠴᠢ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ ᠳᠠᠭᠤᠤ ᠰᠢᠯᠤᠭ᠌ ᠤᠨ ᠤᠷᠤᠯᠳᠤᠭᠠᠨ ᠶᠠᠪᠣᠭᠳᠠᠭᠤᠯᠪᠠ
ᠨᠡᠶᠢᠲᠡᠯᠡᠭᠰᠡᠨ ᠴᠠᠭ᠄
2022/8/4
      ᠰᠡᠮᠠᠢ ᠰᠤᠮᠤ ᠨᠢ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠰᠡᠮᠠᠢ ᠶᠢ ᠪᠦᠳᠦᠭᠡᠨ ᠪᠠᠶᠢᠭᠤᠯᠬᠤ︾ ᠰᠢᠷᠢᠰ ᠠᠵᠢᠯᠯᠠᠭ᠎ᠠ ᠥᠷᠨᠢᠬᠦᠯᠬᠦ ᠨᠢ ᠤᠳᠠᠯ ᠦᠭᠡᠢ ᠬᠤᠷᠠᠯᠳᠤᠬᠤ ᠪᠠᠷ ᠪᠠᠶᠢᠭ᠎ᠠ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠤᠳᠤᠷᠢᠳᠬᠠᠯ ᠬᠥᠭᠵᠢᠮ ᠪᠣᠯᠬᠤ ᠪᠥᠭᠡᠳ ᠪᠠᠰᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠬᠡᠷᠡᠭᠵᠢᠭᠦᠯᠦᠯᠲᠡ ᠶᠢ ᠭᠦᠨᠵᠡᠭᠡᠢ ᠠᠬᠢᠭᠤᠯᠬᠤ ᠤᠷᠤᠭᠰᠢᠯᠠᠯᠲᠠ ᠶᠢᠨ ᠬᠥᠭᠵᠢᠮ ᠪᠣᠯᠤᠨ᠎ᠠ᠃ ᠪᠦᠬᠦ ᠨᠠᠮ ᠤᠨ ᠭᠡᠰᠢᠭᠦᠨ ᠺᠠᠳ᠋ᠷ ᠣᠯᠠᠨ ᠲᠦᠮᠡᠨ ᠢ ᠤᠯᠠᠮ ᠨᠢᠭᠡ ᠠᠯᠬᠤᠮ ᠬᠥᠲᠥᠯᠥᠨ ᠵᠢᠯᠣᠭᠤᠳᠴᠤ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠢᠲᠡᠭᠡᠯ ᠵᠣᠷᠢᠭ ᠪᠠ ᠤᠯᠤᠰ ᠲᠥᠷᠦ ᠶᠢᠨ ᠬᠠᠯᠠᠭᠤᠨ ᠰᠡᠳᠬᠢᠯᠭᠡ ᠶᠢ ᠨᠢ ᠪᠠᠳᠠᠷᠠᠭᠤᠯᠵᠤ ᠂ ᠯᠠᠪᠳᠠᠭᠤᠨ ᠪᠠᠲᠤᠲᠠᠶ ᠠᠵᠢᠯᠯᠠᠬᠤ᠂ ᠡᠷᠡᠰ ᠰᠢᠭᠤᠷᠬᠠᠶ ᠪᠠᠷ ᠤᠷᠤᠭᠰᠢᠯᠠᠨ ᠳᠠᠪᠰᠢᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ᠂ ᠴᠡᠷᠢᠭ ᠠᠩᠭᠢ ᠣᠷᠣᠨ ᠨᠤᠲᠤᠭ ᠠᠵᠤ ᠠᠬᠤᠶᠢᠯᠠᠯ ᠠᠭᠤᠰᠣᠯᠴᠠᠨ ᠭᠦᠭᠵᠢᠬᠦ ᠰᠢᠨ᠎ᠡ ᠳᠣᠭᠳᠠᠴᠠ ᠶᠢ ᠬᠦᠴᠦᠯᠡᠨ ᠪᠠᠶᠢᠭᠤᠯᠵᠤ᠂ ︽ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ᠂ ᠡᠶ᠎ᠡ ᠵᠣᠬᠢᠴᠠᠩᠭᠤᠢ ᠪᠠᠷ ᠨᠢᠭᠡ ᠭᠡᠷ ᠪᠦᠯᠢ ᠪᠣᠯᠬᠤ︾ ᠶᠢ ᠪᠡᠶᠡᠯᠡᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠬᠠᠮᠲᠤ ᠪᠠᠷ ᠠᠬᠢᠭᠤᠯᠵᠤ᠂ ᠪᠣᠯᠪᠠᠰᠤᠨ ᠬᠢᠯᠢ ᠬᠢᠵᠠᠭᠠᠷ ᠢ ᠬᠠᠮᠲᠤ ᠪᠠᠷ ᠴᠣᠭᠴᠠᠯᠠᠬᠤ ᠰᠠᠶᠢᠨ ᠰᠠᠶᠢᠬᠠᠨ ᠬᠦᠰᠡᠯ ᠡᠷᠡᠮᠡᠯᠵᠡᠯ ᠢ ᠪᠡᠶᠡᠯᠡᠭᠦᠯᠦᠨ᠎ᠡ᠃      ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠪᠠᠶᠠᠷᠯᠠᠨ ᠤᠭᠲᠤᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠦᠨ᠂ ᠨᠠᠮ ᠤᠨ ᠬᠡᠷᠡᠯ ᠰᠠᠴᠤᠷᠠᠩᠭᠤᠶ ᠠᠮᠵᠢᠯᠲᠠ ᠪᠦᠲᠦᠮᠵᠢ ᠶᠢ ᠮᠠᠭᠲᠠᠨ ᠳᠠᠭᠤᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢ ᠵᠠᠯᠭᠠᠮᠵᠢᠯᠠᠨ ᠪᠠᠳᠠᠷᠠᠭᠤᠯᠬᠤ ᠶᠢᠨ ᠲᠥᠯᠥᠭᠡ᠂ 7 ᠰᠠᠷ᠎ᠠ ᠶᠢᠨ 18  ᠤ ᠡᠳᠦᠷ ᠰᠡᠮᠠᠢ ᠰᠤᠮᠤ  ᠨᠢ ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠰᠡᠮᠠᠢ ᠶᠢ ᠪᠦᠳᠦᠭᠡᠨ ᠪᠠᠶᠢᠭᠤᠯᠬᠤ ᠰᠢᠷᠢᠰ ᠠᠵᠢᠯᠯᠠᠭ᠎ᠠ︾ ᠶᠢᠨ ᠡᠬᠢᠯᠡᠯᠲᠡ ᠶᠢᠨ ᠶᠣᠰᠣᠯᠠᠯ ᠵᠢᠴᠢ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ ᠳᠠᠭᠤᠤ ᠰᠢᠯᠤᠭ᠌ ᠤᠨ ᠤᠷᠤᠯᠳᠤᠭᠠᠨ ᠶᠠᠪᠣᠭᠳᠠᠭᠤᠯᠵᠦ᠂ ᠭᠠᠴᠠᠭᠠᠨ ᠤ ᠮᠠᠯᠴᠢᠨ᠂ ᠴᠡᠷᠢᠭ ᠠᠩᠭᠢ᠂ ᠣᠷᠣᠨ ᠨᠤᠲᠤᠭ ᠪᠠ ᠠᠵᠤ ᠠᠬᠤᠶᠢᠯᠠᠯ ᠤᠨ ᠨᠠᠮ ᠤᠨ ᠭᠡᠰᠢᠭᠦᠨ ᠺᠠᠳ᠋ᠷ ᠨᠡᠶᠢᠲᠡ 100 ᠭᠠᠷᠤᠶ ᠬᠥᠮᠦᠨ  ᠬᠦᠳᠡᠯᠭᠡᠭᠡᠨ ᠳᠤ ᠣᠷᠣᠯᠴᠠᠪᠠ᠃      ᠠᠵᠢᠯᠯᠠᠭ᠎ᠠ ᠳᠤ ᠨᠡᠶᠢᠳᠠ 24 ᠳᠣᠭᠯᠠᠯᠳᠠ ᠣᠷᠣᠯᠳᠣᠭᠠᠨ ᠳᠤ ᠣᠷᠣᠯᠴᠠᠵᠦ᠂  ︽ᠡᠬᠡ ᠣᠷᠣᠨ ᠢᠶᠠᠨ ᠳᠠᠭᠤᠯᠠᠬᠤ︾ ᠭᠡᠬᠦ ᠨᠠᠶᠢᠷᠠᠯ ᠳᠠᠭᠤᠤ ᠪᠠᠷ ᠬᠥᠰᠢᠭᠡ ᠪᠠᠨ ᠰᠡᠭᠦᠵᠦ᠂ ᠲᠠᠷᠠᠭ᠎ᠠ ᠨᠢ ︽ᠡᠵᠢ ᠡᠬᠡ ᠣᠷᠣᠨ︾ ︽ᠨᠠᠮ  ᠳᠠᠭᠠᠨ︾ ︽ ᠡᠭᠡ ᠣᠷᠣᠨ ᠲᠠᠨ᠎ᠠ︾ ︽ᠤᠯᠠᠭᠠᠨ ᠲᠤᠭ ᠨᠠᠮᠢᠷᠠᠨ ᠨᠠᠮᠢᠷᠠᠭᠰᠠᠭᠠᠷ︾ ︽ᠮᠠᠯᠴᠢᠨ ᠳᠦᠮᠡᠨ ᠨᠠᠮ ᠢᠶᠠᠨ ᠮᠠᠭᠲᠠᠨ ᠳᠠᠭᠤᠯᠠᠨ᠎ᠠ︾ ︽ᠬᠤᠷᠢᠳᠤᠭᠠᠷ ᠶᠡᠭᠡ ᠬᠤᠷᠠᠯ ᠢᠶᠠᠨ ᠪᠠᠶᠠᠷᠯᠠᠨ ᠣᠭᠳᠣᠵᠦ ᠰᠢᠨ᠎ᠡ ᠠᠶᠠᠨ ᠵᠠᠮ  ᠳᠤ ᠪᠠᠨ ᠡᠷᠡᠮᠡᠬᠡᠶᠢᠯᠡᠨ ᠤᠷᠤᠭᠰᠢᠯᠠᠬᠤ︾ ᠵᠡᠷᠭᠡ ᠬᠤᠪᠢᠰᠬᠠᠯᠲᠤ ᠳᠠᠭᠤᠤ ᠪᠣᠯᠤᠨ ᠰᠢᠯᠦᠭ ᠢ ᠣᠶᠠᠩᠭᠠᠯᠠᠨ ᠲᠭᠤᠯᠠᠵᠦ᠂ ᠣᠷᠭᠢᠯᠤᠮ᠎ᠠ ᠬᠠᠯᠠᠭᠤᠨ ᠬᠠᠶᠢᠷ᠎ᠠ ᠰᠡᠳᠬᠢᠯᠭᠡ᠂ ᠢᠳᠡ ᠬᠦᠴᠦᠲᠡᠢ ᠬᠦᠭ ᠠᠶᠠᠰ ᠢᠶᠠᠷ᠂ ᠡᠭᠡ ᠤᠯᠤᠰ᠂ ᠳᠤᠮᠳᠠᠳᠤ ᠤᠯᠤᠰ ᠤᠨ ᠡᠪ ᠬᠠᠮᠲᠤ ᠨᠠᠮ ᠳᠤ ᠪᠠᠨ ᠲᠠᠯᠠᠷᠬᠠᠵᠤ ᠪᠠᠶᠢᠬᠤ ᠪᠠ ᠬᠠᠶᠢᠷᠠᠯᠠᠵᠤ ᠪᠠᠶᠢᠬᠤ ᠰᠡᠳᠬᠢᠯᠭᠡ ᠪᠠᠨ ᠢᠯᠡᠳᠬᠡᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠬᠠᠮᠤᠭ ᠤᠨ ᠰᠠᠶᠢᠬᠠᠨ ᠮᠠᠭᠲᠠᠭᠠᠯ ᠳᠠᠭᠤᠤ᠂ ᠬᠠᠮᠤᠭ ᠤᠨ ᠰᠠᠶᠢᠢᠨ ᠰᠠᠶᠢᠬᠠᠨ ᠵᠥᠩᠨᠡᠯ ᠢᠶᠠᠨ ᠳᠡᠪᠰᠢᠭᠦᠯᠪᠡ︔ ︽ᠡᠭᠦᠷ ᠰᠦᠯᠳᠡ︾ ︽ᠭᠦᠪᠴᠢ ᠶᠢᠨ ᠰᠠᠭᠯᠠᠭᠠᠷ︾ ︽ᠰᠡᠷᠮᠡᠭᠦᠨ ᠰᠠᠶᠢᠬᠠᠨ ᠰᠧᠶᠡᠯᠵᠢ︾ ︽ᠣᠷᠢᠬᠠᠨ ᠬᠤᠩᠭᠤᠷ ᠰᠠᠯᠬᠢ︾ ︽ᠦᠯᠢ  ᠶᠢᠨ ᠳᠠᠪᠠᠭ᠎ᠠ︾ ᠵᠡᠷᠭᠡ ᠬᠥᠮᠦᠰ ᠤᠨ ᠰᠡᠳᠬᠢᠯ ᠢ ᠳᠣᠭᠳᠣᠯᠤᠭᠤᠯᠤᠮ᠎ᠠ ᠤᠷᠲᠤ ᠶᠢᠨ ᠳᠠᠭᠤᠤ ᠨᠢ ᠲᠤᠬᠠᠢ ᠶᠢᠨ ᠲᠠᠯᠠᠪᠠᠢ ᠶᠢᠨ ᠦᠵᠡᠭᠴᠢᠳ ᠤᠨ ᠬᠠᠯᠠᠭᠤᠨ ᠭᠦᠷᠢᠶᠡᠯᠡᠯ ᠢ ᠣᠯᠵᠦ᠂ ᠦᠨᠳᠦᠰᠦᠲᠡᠨ ᠤ ᠪᠦᠯᠬᠦᠮᠳᠡᠯ ᠢ ᠠᠶᠠᠯᠠᠭᠤ ᠲᠠᠭᠤᠣ ᠪᠠᠷ ᠢᠯᠡᠳᠭᠡᠭᠰᠡᠨ ᠪᠢᠯᠡ᠃      ᠬᠠᠮᠤᠭ ᠤᠨ ᠡᠴᠦᠰ ᠲᠤ᠂ ︽ᠨᠠᠮ ᠮᠢᠨᠢ︾ ᠭᠡᠬᠦ ᠲᠠᠭᠤᠣ ᠶᠢ ᠳᠠᠶᠠᠭᠠᠷ ᠢᠶᠠᠨ ᠬᠠᠮᠳᠣᠪᠠᠷ ᠳᠠᠭᠤᠯᠠᠵᠤ᠂ ᠲᠤᠬᠠᠢ ᠶᠢᠨ ᠲᠠᠯᠠᠪᠠᠢ ᠶᠢᠨ ᠠᠭᠤᠷ ᠠᠮᠢᠰᠬᠤᠯ ᠢ ᠤᠷᠬᠢᠯ ᠳᠤᠨᠢ ᠬᠦᠷᠭᠡᠵᠦ᠂  ᠰᠡᠮᠠᠢ ᠰᠣᠮᠣᠨ ᠤ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠬᠤ︾ ᠳᠠᠭᠤᠤ ᠰᠢᠯᠦᠭ ᠤᠨ ᠤᠷᠤᠯᠳᠤᠭᠠᠨ ᠲᠡᠭᠦᠰ ᠠᠮᠵᠢᠯᠲᠠ ᠲᠠᠢ ᠥᠨᠳᠥᠷᠯᠡᠪᠡ᠃        ︽ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠳᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠤᠨ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ᠂ ᠦᠵᠡᠰᠬᠦᠯᠡᠩᠲᠦ ᠰᠠᠶᠢᠬᠠᠨ ᠰᠡᠮᠠᠢ ᠶᠢ ᠪᠦᠳᠦᠭᠡᠨ ᠪᠠᠶᠢᠭᠤᠯᠬᠤ︾ ᠰᠢᠷᠢᠰ ᠠᠵᠢᠯᠯᠠᠭ᠎ᠠ ᠨᠢᠭᠡᠨᠲᠡ ᠪᠦᠬᠦ ᠲᠠᠯ᠎ᠠ ᠪᠠᠷ ᠡᠬᠢᠯᠡᠵᠦ᠂ ᠮᠠᠨ ᠤ ᠰᠤᠮᠤ ᠨᠢ ︽ᠨᠤᠲᠤᠭ ᠲᠠᠭᠠᠨ ᠪᠤᠴᠠᠭᠰᠠᠨ ᠤᠶᠤᠲᠠᠳ ᠤᠨ ᠲᠤᠷᠰᠢᠯᠭ᠎ᠠ ᠰᠣᠯᠢᠯᠴᠠᠬᠤ ᠬᠤᠷᠠᠯ︾ ︽ᠲᠠᠪᠤᠨ ᠬᠤᠰᠢᠭᠤ ᠮᠠᠯ ᠢ ᠠᠳᠠᠯᠢᠳᠬᠠᠨ ᠰᠢᠯᠭᠠᠷᠠᠭᠤᠯᠬᠤ︾ ︽ᠠᠷᠢᠭᠤᠨ ᠴᠢᠬᠡᠴᠢ ᠬᠤᠨᠳᠠᠭᠠᠲᠤ ᠨᠠᠶᠢᠷᠠᠯ ᠲᠠᠭᠤᠣ ᠶᠢᠨ ᠤᠷᠤᠯᠳᠤᠭᠠᠨ︾ ︽ᠤᠯᠤᠰ ᠤᠨ ᠪᠠᠶᠠᠷ ᠢ ᠪᠡᠯᠭᠡᠯᠡᠬᠦ᠂ ᠬᠢᠯᠢ ᠬᠢᠵᠠᠭᠠᠷ ᠢ ᠲᠣᠭᠲᠠᠪᠤᠷᠢᠵᠢᠭᠤᠯᠬᠤ᠂ ᠪᠦᠯᠬᠦᠮᠳᠡᠯ ᠢ ᠠᠬᠢᠭᠤᠯᠬᠤ︾ ᠠᠵᠢᠯᠯᠠᠭ᠎ᠠ ︽ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ︾  ᠶᠢ ᠠᠳᠠᠯᠢᠳᠬᠠᠨ ᠰᠢᠯᠭᠠᠷᠠᠭᠤᠯᠬᠤ ᠵᠡᠷᠭᠡ ᠰᠢᠷᠢᠰ ᠠᠵᠢᠯᠯᠠᠭ᠎ᠠ ᠶᠢ ᠵᠠᠯᠭᠠᠭ᠎ᠠ ᠪᠠᠷ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠬᠠᠯᠠᠭᠤᠨ ᠰᠡᠳᠬᠢᠯᠭᠡ ᠪᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠣᠳᠠᠲᠤ ᠠᠵᠢᠯᠯᠠᠭ᠎ᠠ ᠪᠣᠯᠭᠠᠨ ᠬᠤᠪᠢᠷᠠᠭᠤᠯᠵᠤ ᠂ ᠰᠡᠮᠠᠢ ᠰᠣᠮᠣᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠳᠤ ᠣᠶᠤᠨ ᠰᠠᠨᠠᠭᠠᠨ ᠤ ᠬᠦᠴᠦᠨ ᠴᠢᠳᠠᠯ ᠢ ᠨᠢᠭᠲᠠᠷᠠᠭᠤᠯᠵᠤ᠂ ᠨᠠᠩ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ  ᠣᠭᠳᠣᠨ᠎ᠠ︕
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号