ᠰᠠᠮᠠᠢ ᠰᠤᠮᠤᠨ ᠤ ᠠᠷᠠᠳ ᠤᠨ ᠵᠡᠪᠰᠡᠭᠳᠤ ᠬᠦᠴᠦᠨ ᠤ ᠬᠡᠯᠳᠡᠰ ᠨᠢ 2022 ᠣᠨ ᠤ ᠳᠣᠤᠷ᠎ᠠ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/8/4
      7 ᠰᠠᠷ᠎ᠠ ᠶᠢᠨ 22 ᠤ ᠡᠳᠦᠷ᠂ ᠰᠠᠮᠠᠢ ᠰᠤᠮᠤᠨ ᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠨᠢ 2022 ᠣᠨ ᠤ ᠳᠣᠤᠷ᠎ᠠ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠠᠬᠢᠭᠤᠯᠬᠤ ᠬᠤᠷᠠᠯ ᠬᠤᠷᠠᠯᠳᠤᠭᠤᠯᠵᠤ᠂ ᠳᠡᠭᠡᠷ᠎ᠡ ᠬᠠᠭᠠᠰ ᠵᠢᠯ ᠤᠨ ᠴᠡᠷᠢᠭ ᠡᠯᠰᠡᠬᠦ ᠠᠵᠢᠯ ᠤᠨ ᠪᠠᠶᠢᠳᠠᠯ ᠢ ᠳ᠋ᠦᠩᠨᠡᠵᠦ᠂ ᠳᠣᠤᠷ᠎ᠠ ᠬᠠᠭᠠᠰ ᠵᠢᠯ ᠤᠨ ᠴᠡᠷᠢᠭ ᠡᠯᠰᠡᠬᠦ ᠠᠵᠢᠯ ᠢ ᠰᠤᠳᠤᠯᠤᠨ ᠪᠠᠶᠢᠷᠢᠯᠠᠭᠤᠯᠵᠤ᠂ ᠠᠵᠢᠯ ᠤᠨ ᠬᠤᠪᠢᠶᠠᠷᠢᠯᠠᠯ ᠢ ᠤᠯᠠᠮ ᠲᠣᠳᠣᠷᠬᠠᠶᠢᠯᠠᠵᠤ᠂ ᠣᠨ ᠤ ᠴᠡᠷᠢᠭ ᠡᠯᠰᠡᠬᠦ ᠡᠭᠦᠷᠭᠡ ᠶᠢ ᠴᠢᠨᠠᠷ ᠰᠠᠶᠢᠲᠠᠶ ᠪᠡᠶᠡᠯᠡᠭᠦᠯᠬᠦ ᠶᠢ ᠠᠬᠢᠭᠤᠯᠪᠠ᠃ ᠰᠤᠮᠤᠨ ᠤ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ᠂ ᠳᠡᠳ᠋ ᠰᠤᠮᠤᠨ ᠳᠠᠷᠤᠭ᠎ᠠ ᠬᠥᠭᠵᠢᠯᠲᠦ ᠠᠴᠠ ᠬᠤᠷᠠᠯ ᠡᠷᠭᠢᠯᠡᠵᠦ᠂ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠲᠥᠪ᠂ ᠲᠣᠪᠴᠢᠶ᠎ᠠ᠂ ᠡᠯ᠎ᠡ ᠭᠠᠴᠠᠭ᠎ᠠ ︵ᠨᠡᠶᠢᠭᠡᠮ ᠲᠣᠭᠤᠷᠢᠭ︶ ᠶᠢᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠥᠭᠵᠢᠯᠲᠦ ᠨᠥᠬᠦᠷ ᠠᠴᠠ ᠪᠥᠬᠦ ᠣᠷᠣᠨ᠂ ᠪᠥᠬᠦ ᠠᠶᠢᠮᠠᠭ ᠪᠣᠯᠤᠨ ᠪᠥᠬᠦ ᠬᠤᠰᠢᠭᠤᠨ ᠤ ᠴᠡᠷᠢᠭ ᠡᠯᠰᠡᠬᠦ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠵᠤ᠂ ᠭᠠᠴᠠᠭ᠎ᠠ ᠨᠡᠶᠢᠭᠡᠮ ᠲᠣᠭᠤᠷᠢᠭ ᠪᠣᠯᠤᠨ ᠭᠠᠴᠠᠭ᠎ᠠ ᠳᠠᠭᠠᠭᠠᠴᠢᠯᠠᠭᠰᠠᠨ ᠺᠠᠳ᠋ᠷ ᠲᠤ ᠠᠵᠢᠯ ᠤᠨ ᠡᠭᠦᠷᠭᠡ ᠶᠢ ᠨᠠᠷᠢᠨ ᠬᠤᠪᠢᠶᠠᠷᠢᠯᠠᠵᠤ᠂ ᠺᠠᠳ᠋ᠷ ᠠᠵᠢᠯᠲᠠᠨ ᠡᠷᠬᠡᠪᠰᠢ ︽ᠳᠥᠷᠪᠡᠨ ᠨᠢᠭᠡ︾ ᠶᠢᠨ ᠱᠠᠭᠠᠷᠳᠠᠯᠭ᠎ᠠ ᠶᠤᠰᠤᠭᠠᠷ᠂ ︽ᠨᠢᠭᠡ ᠤᠳᠠᠭ᠎ᠠ ᠬᠤᠷᠠᠯ ᠬᠢᠵᠦ᠂ ᠨᠢᠭᠡ ᠤᠳᠠᠭ᠎ᠠ ᠤᠲᠠᠰᠤ ᠠᠪᠴᠤ᠂ ᠨᠢᠭᠡ ᠤᠳᠠᠭ᠎ᠠ ᠬᠡᠷ ᠳᠤ ᠨᠢ ᠬᠦᠷᠴᠦ᠂ ᠨᠢᠭᠡ ᠤᠳᠠᠭ᠎ᠠ ᠡᠬᠡ ᠲᠠᠩᠰᠠ ᠪᠠᠶᠢᠭᠤᠯᠬᠤ  ᠬᠡᠷᠡᠭᠲᠡᠶ︾᠂ ᠢᠯᠠᠩᠭᠤᠶ᠎ᠠ ᠰᠤᠷᠭᠠᠭᠤᠯᠢ ᠳᠤ ᠪᠠᠶᠢᠭ᠎ᠠ ᠤᠶᠤᠲᠠᠳ ᠪᠣᠯᠤᠨ ᠶᠡᠭᠡ ᠰᠤᠷᠭᠠᠭᠤᠯᠢ ᠲᠡᠭᠦᠰᠬᠦ ᠤᠶᠤᠲᠠᠳ ᠲᠤ ᠴᠢᠭᠯᠡᠭᠦᠯᠦᠭᠰᠡᠨ ᠨᠢᠭᠡᠳ ᠨᠢᠭᠡ ᠪᠠᠷ ᠬᠢᠨᠠᠨ ᠬᠠᠷᠭᠤᠭᠤᠯᠵᠤ ᠰᠤᠷᠪᠤᠯᠵᠢᠯᠠᠬᠤ ᠠᠵᠢᠯ ᠢ ᠰᠠᠶᠢᠲᠤᠷ ᠬᠢᠵᠦ᠂ ᠤᠬᠠᠭᠤᠯᠤᠨ ᠳᠠᠶᠢᠴᠢᠯᠠᠬᠤ ᠶᠢ ᠥᠷᠭᠡᠨ ᠢᠶᠠᠷ ᠠᠬᠢᠭᠤᠯᠵᠤ᠂ ᠣᠯᠠᠨ ᠲᠦᠮᠡᠨ ᠤ ᠤᠯᠤᠰ ᠢᠶᠠᠨ ᠬᠠᠶᠢᠷᠠᠯᠠᠬᠤ ᠦᠵᠡᠯ ᠤᠬᠠᠮᠰᠠᠷ ᠢ ᠳᠡᠭᠡᠭᠰᠢᠯᠡᠭᠦᠯᠵᠦ᠂ ᠬᠠᠷᠢᠶᠠᠲᠤ ᠣᠷᠣᠨ ᠳᠤ ᠴᠡᠷᠢᠭ ᠡᠯᠰᠡᠬᠦ ᠠᠵᠢᠯ ᠤᠨ ᠴᠢᠩᠭ᠎ᠠ ᠤᠬᠠᠭᠤᠯᠭ᠎ᠠ ᠶᠢᠨ ᠠᠭᠤᠷ ᠠᠮᠢᠰᠬᠤᠯ ᠢ ᠪᠣᠶ ᠪᠣᠯᠭᠠᠬᠤ ᠬᠡᠷᠡᠭᠲᠡᠶ ᠭᠡᠵᠦ ᠱᠠᠭᠠᠷᠳᠠᠪᠠ᠃      ᠰᠢᠷᠠᠶᠢᠪᠠᠨᠽᠠᠷ ᠨᠦᠬᠦᠷ ᠠᠴᠠ ᠴᠢᠬᠤᠯᠠ ᠶᠠᠷᠢᠶ᠎ᠠ ᠲᠠᠯᠪᠢᠨ ᠴᠢᠩᠭᠠᠳᠬᠠᠭᠰᠠᠨ ᠨᠢ᠂ ᠪᠠᠲᠤ ᠪᠠᠬᠢ ᠤᠯᠤᠰ ᠤᠨ ᠪᠠᠲᠤᠯᠠᠨ ᠬᠠᠮᠠᠭᠠᠯᠠᠯᠲᠠ ᠪᠠ ᠬᠦᠴᠦᠷᠬᠡᠭ ᠶᠡᠭᠡ ᠴᠡᠷᠢᠭ ᠠᠨᠭᠭᠢ ᠪᠣᠯ ᠤᠯᠤᠰ ᠣᠷᠣᠨ ᠤ ᠡᠷᠬᠡ ᠮᠡᠳᠡᠯ᠂ ᠠᠮᠤᠷ ᠲᠦᠪᠰᠢᠨ᠂ ᠨᠤᠲᠤᠭ ᠳᠡᠪᠢᠰᠬᠡᠷ ᠤᠨ ᠪᠦᠷᠢᠨ ᠪᠦᠲᠦᠨ ᠪᠠᠶᠢᠬᠤ ᠶᠢᠨ ᠪᠠᠲᠤ ᠴᠢᠩᠭ᠎ᠠ ᠥᠮᠥᠭ ᠲᠦᠰᠢᠭ ᠮᠥᠨ᠂ ᠬᠡᠷᠪᠡ ᠴᠡᠷᠢᠭ ᠡᠯᠰᠡᠬᠦ ᠠᠵᠢᠯ ᠳᠤ ᠬᠠᠷᠢᠭᠤᠴᠠᠯᠭ᠎ᠠ ᠦᠭᠡᠢ ᠪᠣᠯ ᠳᠠᠷᠤᠢ ᠤᠯᠤᠰ ᠣᠷᠣᠨ ᠤ ᠠᠮᠤᠷ ᠲᠦᠪᠰᠢᠨ ᠳᠤ ᠬᠠᠷᠢᠭᠤᠴᠠᠯᠭ᠎ᠠ ᠦᠭᠡᠢ ᠶᠠᠪᠤᠳᠠᠯ ᠪᠣᠯᠤᠨ᠎ᠠ᠂ ᠤᠯᠠᠨ ᠢᠶᠠᠷ ᠢᠶᠠᠨ ᠵᠠᠪᠠᠯ ᠳᠡᠭᠡᠳᠦ ᠬᠡᠮᠵᠢᠶᠡᠨ ᠤ ᠤᠯᠤᠰ ᠲᠦᠷᠦ ᠶᠢᠨ ᠬᠠᠷᠢᠭᠤᠴᠠᠯᠭᠠᠲᠤ ᠰᠡᠳᠬᠢᠯᠭᠡ ᠶᠢ ᠪᠤᠢ ᠪᠣᠯᠭᠠᠬᠤ ᠬᠡᠷᠡᠭᠲᠡᠢ᠃ ᠴᠡᠷᠢᠭ ᠡᠯᠰᠡᠬᠦ ᠠᠵᠢᠯ ᠨᠢ ᠲᠦᠭ ᠲᠦᠮᠡᠨ ᠠᠶᠢᠯ ᠡᠷᠤᠭᠡ ᠪᠠ ᠨᠡᠶᠢᠭᠡᠮ ᠤᠨ  ᠡᠯ᠎ᠡ ᠬᠦᠷᠢᠶᠡᠨ ᠳᠤ ᠬᠤᠯᠪᠣᠭᠳᠠᠵᠤ ᠪᠠᠶᠢᠳᠠᠭ᠂ ᠴᠡᠷᠢᠭ ᠡᠯᠰᠡᠬᠦ ᠠᠵᠢᠯ ᠢ ᠰᠠᠶᠢᠨ ᠬᠢᠬᠦ ᠡᠰᠡᠬᠦ ᠨᠢ ᠠᠷᠠᠳ ᠤᠯᠠᠨ ᠤ ᠠᠮᠢ ᠪᠡᠶ᠎ᠡ ᠶᠢᠨ ᠠᠰᠢᠭ ᠲᠤᠰᠠ ᠳᠤ ᠰᠢᠭᠤᠳ ᠬᠤᠯᠪᠣᠭᠳᠠᠵᠤ᠂ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠴᠡᠷᠢᠭ ᠠᠨᠭᠬᠢ ᠶᠢᠨ ᠠᠷᠠᠳ ᠤᠯᠠᠨ ᠤ ᠳᠤᠮᠳᠠᠬᠢ ᠲᠦᠷᠢ ᠲᠥᠷᠬᠦ ᠳᠤ ᠰᠢᠭᠤᠳ ᠬᠤᠯᠪᠣᠭᠳᠠᠵᠤ᠂ ᠴᠡᠷᠢᠭ ᠵᠠᠰᠠᠭ ᠴᠡᠷᠢᠭ ᠠᠷᠠᠳ ᠤᠨ ᠪᠦᠯᠬᠦᠮᠳᠡᠯ ᠪᠠ ᠨᠡᠶᠢᠭᠡᠮ ᠤᠨ ᠲᠣᠭᠲᠠᠭᠤᠨ ᠪᠠᠶᠢᠳᠠᠯ ᠤᠨ ᠶᠡᠭᠡ ᠲᠠᠯ᠎ᠠ ᠳᠤ ᠰᠢᠭᠤᠳ ᠬᠤᠯᠪᠣᠭᠳᠠᠵᠤ ᠪᠠᠶᠢᠳᠠᠭ᠃ ᠡᠯ᠎ᠡ ᠭᠠᠴᠠᠭ᠎ᠠ ᠨᠡᠶᠢᠭᠡᠮ ᠲᠣᠭᠤᠷᠢᠭ ᠪᠣᠯᠤᠨ ᠡᠯ᠎ᠡ ᠭᠠᠴᠠᠭ᠎ᠠ ᠳᠠᠭᠠᠭᠠᠴᠢᠯᠠᠭᠰᠠᠨ  ᠠᠵᠢᠯᠯᠠᠬᠤ ᠳᠤᠭᠤᠶᠢᠯᠠᠩ ᠨᠢ ᠡᠷᠬᠡᠪᠰᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠰᠠᠬᠢᠯᠭ᠎ᠠ ᠪᠠᠲᠤ ᠪᠠᠷ ᠳᠠᠶᠢᠴᠢᠯᠠᠨ ᠤᠬᠠᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠴᠡᠷᠢᠭ ᠡᠯᠰᠡᠬᠦ ᠠᠵᠢᠯ ᠤᠨ ᠡᠭᠦᠷᠭᠡ ᠶᠢ ᠥᠨᠳᠥᠷ ᠪᠠᠷᠢᠮᠵᠢᠶ᠎ᠠ᠂ ᠴᠢᠨᠠᠷ ᠰᠠᠶᠢᠲᠠᠶ ᠪᠡᠶᠡᠯᠡᠭᠦᠯᠬᠦ ᠶᠢ ᠪᠠᠲᠤᠯᠠᠬᠤ ᠬᠡᠷᠡᠭᠲᠡᠶ ᠭᠡᠪᠡ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号