ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠰᠢᠯᠢ ᠶᠢᠨ ᠭᠤᠣᠯ ᠤᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠠᠨᠳ᠋ᠯᠠᠭᠴᠢ ᠲᠠᠩ ᠬᠤᠩ ᠴᠢᠩ ᠨᠡᠷ ᠮᠠᠨ ᠤ ᠬᠤᠰᠢᠭᠤᠨ ᠳᠤ ᠢᠷᠡᠵᠦ ︽81︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠲᠣᠬᠤᠨᠢᠭᠤᠯᠬᠤ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄
2022/8/5
      7 ᠰᠠᠷ᠎ᠠ ᠶᠢᠨ 25 ᠤ ᠡᠳᠦᠷ᠂ ᠠᠶᠢᠮᠠᠭ ᠤᠨ ᠨᠠᠮ ᠤᠨ ᠬᠤᠷᠢᠶᠠᠨ ᠤ ᠭᠡᠰᠢᠭᠦᠨ᠂ ᠰᠢᠯᠢ ᠶᠢᠨ ᠭᠤᠤᠯ ᠤᠨ ᠴᠡᠷᠢᠭ ᠤᠨ ᠬᠤᠪᠢᠶᠠᠷᠢ ᠲᠣᠭᠤᠷᠢᠭ ᠤᠨ ᠺᠣᠮᠠᠨᠳ᠋ᠯᠠᠭᠴᠢ ᠲᠠᠩ ᠬᠤᠩ ᠴᠢᠩ ᠨᠠᠷ ᠮᠠᠨ ᠤ ᠬᠤᠰᠢᠭᠤᠨ ᠳᠤ ᠢᠷᠡᠵᠦ ︽81︾ ᠤ ᠴᠡᠷᠢᠭ ᠪᠠᠶᠢᠭᠤᠯᠤᠭᠳᠠᠭᠰᠠᠨ ᠪᠠᠶᠠᠷ ᠤᠨ ᠲᠣᠬᠤᠨᠢᠭᠤᠯᠬᠤ ᠠᠵᠢᠯᠯᠠᠭ᠎ᠠ ᠥᠷᠨᠢᠭᠦᠯᠵᠦ᠂ ᠴᠡᠷᠢᠭ ᠠᠩᠭᠢ᠂ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠤᠨ ᠬᠡᠷ ᠪᠦᠯᠢ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ᠂ ᠴᠡᠷᠢᠭ ᠠᠴᠠ ᠬᠠᠯᠠᠭᠳᠠᠭᠰᠠᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠪᠡ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠦᠬᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠠᠷᠠᠳ ᠤᠨ ᠵᠡᠪᠰᠡᠭᠲᠦ ᠬᠦᠴᠦᠨ ᠤ ᠬᠡᠯᠲᠡᠰ ᠤᠨ ᠳᠠᠷᠤᠭ᠎ᠠ ᠴᠧᠨ ᠽᠠᠢ ᠯᠢᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠬᠤᠩ ᠶᠠᠨ᠂ ᠳᠡᠳ᠋ ᠬᠤᠰᠢᠭᠤ ᠳᠠᠷᠤᠭ᠎ᠠ ᠰᠡᠴᠡᠨ ᠬᠢᠭᠡᠳ ᠬᠠᠮᠢᠶ᠎ᠠ ᠪᠦᠬᠦᠢ ᠰᠠᠯᠠᠭ᠎ᠠ ᠮᠦᠴᠢᠷ ᠤᠨ ᠬᠢᠨ ᠬᠠᠮᠲᠦ ᠲᠣᠬᠤᠨᠢᠭᠤᠯᠪᠠ᠃      ᠬᠤᠰᠢᠭᠤ ᠳᠤ ᠰᠠᠭᠤᠭ᠎ᠠ ᠨᠢᠭᠡᠨ ᠴᠡᠷᠢᠭ ᠠᠩᠭᠢ ᠳᠤ᠂ ᠲᠠᠩ ᠬᠤᠩ ᠴᠢᠩ ᠨᠡᠷ ᠴᠡᠷᠢᠭ ᠠᠩᠭᠢ ᠶᠢᠨ ᠠᠵᠢᠯ᠂ ᠠᠮᠢᠳᠤᠷᠠᠯ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠲᠠᠢ ᠴᠡᠷᠢᠭ ᠠᠩᠭᠢ ᠪᠠ ᠣᠷᠣᠨ ᠨᠤᠲᠤᠭ ᠤᠨ ᠭᠦᠨ ᠵᠤᠵᠠᠭᠠᠨ ᠨᠥᠬᠦᠷᠯᠡᠯ ᠢᠶᠠᠨ ᠶᠠᠷᠢᠯᠴᠠᠵᠤ᠂ ᠴᠡᠷᠢᠭ ᠠᠷᠠᠳ ᠤᠨ ᠬᠡᠷᠡᠭᠯᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠬᠠᠮᠲᠤ ᠪᠠᠷ ᠰᠦᠪᠡᠭᠴᠢᠯᠡᠭᠰᠡᠨ ᠪᠥᠭᠡᠳ ᠲᠣᠬᠤᠨᠢᠭᠤᠯᠬᠤ ᠡᠳ᠋ ᠪᠣᠳᠠᠰ ᠬᠦᠷᠭᠡᠪᠡ᠃ ᠴᠡᠷᠢᠭ ᠠᠴᠠ ᠬᠠᠯᠠᠭᠳᠠᠭᠰᠠᠳ᠂ ᠦᠷᠡᠭᠳᠡᠭᠰᠡᠨ ᠪᠠᠭᠠᠲᠤᠷᠴᠤᠳ‌‍ᠤᠨ ᠭᠡᠷ ᠪᠦᠯᠢ ᠪᠠ ᠬᠢᠯᠢ ᠶᠢᠨ ᠬᠠᠮᠠᠭᠠᠯᠠᠯᠲᠠ ᠶᠢᠨ ᠳᠠᠷᠤᠭ᠎ᠠ ᠪᠠᠶᠢᠯᠳᠤᠭᠴᠢᠳ ᠤᠨ ᠭᠡᠷ ᠲᠤ᠂ ᠲᠠᠩ ᠬᠤᠩ ᠴᠢᠩ ᠲᠡᠳᠡᠨ ᠲᠠᠢ ᠬᠠᠯᠠᠭᠤᠮᠰᠤᠭ ᠢᠶᠠᠷ ᠶᠠᠷᠢᠯᠴᠠᠵᠤ᠂ ᠲᠡᠳᠡᠨ ᠤ ᠭᠡᠷ ᠪᠦᠯᠢ ᠶᠢᠨ ᠠᠮᠢᠳᠤᠷᠠᠯ᠂ ᠪᠡᠶ᠎ᠡ ᠮᠠᠬᠠᠪᠣᠳ ᠤᠨ ᠡᠷᠡᠭᠦᠯ ᠴᠢᠭᠢᠷᠠᠭ ᠤᠨ ᠪᠠᠶᠢᠳᠠᠯ ᠢ ᠨᠠᠷᠢᠨ ᠠᠰᠠᠭᠤᠭᠰᠠᠨ ᠪᠥᠭᠡᠳ ᠲᠡᠳᠡᠨ ᠢ ᠪᠡᠶ᠎ᠡ  ᠪᠠᠨ ᠰᠠᠶᠢᠲᠤᠷ ᠬᠠᠷᠠᠭᠠᠯᠵᠠᠬᠤ ᠶᠢ ᠵᠠᠬᠢᠪᠠ᠃  ᠳᠣᠬᠤᠨᠢᠭᠤᠯᠭ᠎ᠠ ᠬᠦᠷᠳᠡᠭᠰᠡᠳ ᠠᠴᠠ᠂ ᠨᠠᠮ ᠤᠨ ᠬᠠᠯᠠᠮᠵᠢᠯᠠᠯ ᠪᠠ ᠳᠡᠮᠵᠢᠯᠭᠡ ᠳᠤ ᠲᠠᠯᠠᠷᠬᠠᠵᠤ ᠪᠠᠶᠢᠨ᠎ᠠ᠂ ᠬᠤᠶᠢᠰᠢᠳᠠ ᠪᠠᠰᠠ ᠴᠡᠷᠢᠭ ᠢᠶᠠᠨ ᠬᠦᠷᠢᠶᠡᠯᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠴᠡᠷᠢᠭ ᠠᠷᠠᠳ ᠤᠨ ᠵᠢᠭᠠᠰᠤ ᠤᠰᠤᠨ ᠤ ᠬᠠᠷᠢᠴᠠᠭ᠎ᠠ ᠶᠢ ᠤᠯᠠᠮ ᠨᠢᠭᠲᠠᠷᠠᠭᠤᠯᠤᠨ᠎ᠠ ᠭᠡᠪᠡ᠃      ᠲᠠᠩ ᠬᠤᠩ ᠴᠢᠩ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ ᠪᠣᠯᠤᠨ ᠬᠠᠷᠠᠭᠠᠯᠵᠠᠬᠤ ᠡᠲᠡᠭᠡᠳ ᠲᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠴᠢᠬᠤᠯᠠᠴᠢᠯᠠᠭᠰᠠᠨ ᠨᠢ᠂ ᠣᠯᠠᠨ ᠢᠶᠠᠷ ᠢᠶᠠᠨ ᠰᠢᠯᠢᠳᠡᠭ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠭᠤᠤᠯ ᠠᠵᠢᠯ ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠪᠠ ᠴᠡᠷᠢᠭ ᠠᠩᠭᠢ ᠣᠷᠣᠨ ᠨᠤᠲᠤᠭ ᠢ ᠬᠠᠮᠲᠤ ᠪᠠᠷ ᠪᠠᠶᠢᠭᠤᠯᠬᠤ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢ ᠪᠣᠯᠤᠨ ᠴᠡᠷᠢᠭ ᠤᠨ ᠠᠯᠪᠠᠨ ᠠᠴᠠ ᠪᠠᠭᠤᠭᠰᠠᠳ᠂ ᠦᠷᠡᠭᠳᠡᠭᠰᠡᠨ ᠪᠠᠭᠠᠲᠤᠷᠴᠤᠳ ᠤᠨ ᠬᠡᠷ ᠪᠦᠯᠢ ᠵᠡᠷᠭᠡ ᠶᠢ ᠢᠳᠡᠪᠬᠢᠲᠡᠶ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ ᠴᠡᠷᠢᠭ ᠨᠢ ᠠᠷᠠᠳ ᠢᠶᠠᠨ ᠬᠠᠶᠢᠷᠠᠯᠠᠬᠤ᠂ ᠠᠷᠠᠳ ᠨᠢ ᠴᠡᠷᠢᠭ ᠢᠶᠠᠨ ᠬᠦᠷᠢᠶᠡᠯᠡᠬᠦ ᠰᠠᠶᠢᠨ ᠰᠠᠶᠢᠬᠠᠨ ᠪᠠᠶᠢᠳᠠᠯ ᠢ ᠲᠠᠰᠤᠷᠠᠯᠲᠠ ᠥᠬᠡᠶ ᠪᠠᠬᠢᠵᠢᠭᠦᠯᠦᠨ ᠬᠥᠭᠵᠢᠭᠦᠯᠵᠦ᠂ ᠴᠡᠷᠢᠭ ᠠᠷᠠᠳ ᠲᠠᠰᠤᠷᠠᠯᠲᠠ ᠥᠬᠡᠶ ᠠᠭᠤᠰᠤᠯᠴᠠᠭᠰᠠᠨ᠂ ᠴᠡᠷᠢᠭ ᠠᠩᠭᠢ ᠣᠷᠣᠨ ᠨᠤᠲᠤᠭ ᠵᠣᠬᠢᠴᠠᠩᠭᠤᠶ ᠬᠥᠭᠵᠢᠭᠰᠡᠨ ᠰᠢᠨ᠎ᠡ ᠬᠠᠭᠤᠳᠠᠰᠤ ᠶᠢ ᠬᠠᠮᠲᠤ ᠪᠠᠷ ᠪᠢᠴᠢᠭᠯᠡᠬᠦ ᠬᠡᠷᠡᠭᠲᠡᠶ ᠭᠡᠵᠡᠶ᠃      ᠪᠦᠬᠡ ᠨᠡᠷ ᠪᠠᠰᠠ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠵᠦ᠂  ᠬᠤᠰᠢᠭᠤ ᠠᠷᠠᠳ ᠤᠨ ᠵᠡᠪᠰᠡᠭᠲᠦ ᠬᠦᠴᠦᠨ ᠤ ᠬᠡᠯᠲᠡᠰ ᠲᠤ ᠲᠣᠬᠤᠨᠢᠭᠤᠯᠬᠤ ᠪᠣᠳᠠᠰ ᠬᠦᠷᠭᠡᠪᠡ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号