ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠥᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2022/8/5
      7 ᠰᠠᠷ᠎ᠠ ᠶᠢᠨ 22 ᠤᠨ ᠡᠳᠦᠷ᠂ ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠪᠠᠷ ᠳᠠᠮᠵᠢᠨ᠂ ᠪᠥᠬᠦ ᠴᠠᠭᠳᠠᠭ᠎ᠠ ᠶᠢᠨ ᠬᠦᠴᠦᠨ ᠢ  ᠬᠠᠮᠤᠭ ᠤᠨ ᠶᠡᠭᠡ ᠬᠡᠮᠵᠢᠶ᠎ᠡ ᠪᠠᠷ ᠨᠢᠭᠡᠳᠦᠭᠡᠷ ᠹᠷᠣᠨᠲ ᠲᠤ  ᠪᠠᠶᠢᠷᠢᠯᠠᠭᠤᠯᠵᠦ᠂ ᠡᠯ᠎ᠡ ᠵᠦᠶᠯ ᠤᠨ ᠠᠵᠢᠯ ᠤᠨ ᠠᠷᠭ᠎ᠠ ᠬᠡᠮᠵᠢᠶ᠎ᠡ ᠶᠢ ᠯᠠᠪᠳᠠᠭᠤᠨ ᠪᠠᠲᠤᠲᠠᠶ ᠨᠠᠶᠢᠳᠠᠪᠤᠷᠢᠵᠢᠭᠤᠯᠬᠤ ᠶᠢ ᠠᠬᠢᠭᠤᠯᠪᠠ᠃ ᠡᠭᠦᠨ ᠤ ᠬᠠᠮᠲᠤ᠂ ᠡᠭᠦᠷᠭᠡ ᠭᠦᠶᠴᠡᠳᠬᠡᠬᠦ ᠲᠥᠰᠦᠯ  ᠢᠶᠠᠨ ᠰᠢᠯᠢᠳᠡᠭᠵᠢᠭᠦᠯᠵᠦ᠂ ᠭᠤᠤᠯᠳᠠᠯᠭ᠎ᠠ ᠲᠠᠢ ᠴᠡᠭ ᠲᠤ ᠵᠢᠵᠢᠭᠦᠷᠯᠡᠬᠦ ᠬᠥᠮᠦᠨ ᠲᠠᠢ᠂ ᠭᠤᠤᠯᠳᠠᠯᠭ᠎ᠠ ᠲᠠᠢ ᠵᠠᠮ ᠳᠤ ᠲᠣᠭᠤᠷᠢᠨ ᠪᠠᠶᠢᠴᠠᠭᠠᠬᠤ ᠬᠥᠮᠦᠨ ᠲᠠᠢ᠂ ᠭᠤᠤᠯᠳᠠᠯᠭ᠎ᠠ ᠲᠠᠢ ᠵᠠᠮ ᠤᠨ ᠠᠭᠤᠯᠵᠠᠷ ᠲᠤ ᠬᠡᠷᠡᠭ ᠬᠠᠮᠢᠶᠠᠷᠬᠤ ᠬᠥᠮᠦᠨ  ᠲᠠᠢ ᠪᠠᠶᠢᠬᠤ ᠶᠢ ᠦᠨᠡᠨ ᠬᠦ  ᠪᠠᠲᠤᠯᠠᠭᠰᠠᠨ ᠪᠠᠶᠢᠨ᠎ᠠ  ᠃      ᠠᠵᠢᠯ ᠤᠨ ᠳᠤᠮᠳᠠ᠂ ᠭᠤᠣᠯᠳᠠᠯᠭ᠎ᠠ ᠲᠠᠢ ᠴᠠᠭ ᠬᠤᠭᠤᠴᠠᠭ᠎ᠠ ᠪᠤᠯᠤᠨ ᠭᠠᠵᠠᠷ ᠲᠤ ᠬᠢᠨᠠᠯᠲᠠ  ᠲᠠᠯᠪᠢᠨ ᠬᠠᠮᠢᠶᠠᠷᠬᠤ ᠡᠷᠴᠢᠮ ᠢᠶᠠᠨ ᠨᠡᠮᠡᠭᠳᠡᠭᠦᠯᠵᠦ᠂ ᠮᠠᠰᠢᠨᠲᠤ ᠪᠤᠰᠤ ᠲᠡᠷᠭᠡ ᠪᠣᠯᠤᠨ ᠶᠠᠪᠠᠭᠠᠨ ᠬᠥᠮᠦᠨ ᠰᠥᠷᠴᠦ ᠶᠠᠪᠤᠬᠤ᠂ ᠲᠣᠭᠲᠠᠭᠠᠯ ᠶᠣᠰᠣᠭᠠᠷ ᠢᠶᠠᠷ ᠶᠠᠪᠤᠬᠤ ᠦᠭᠡᠶ᠂ ᠵᠠᠮ ᠬᠠᠷᠢᠯᠴᠠᠭᠠᠨ ᠤ ᠲᠤᠬᠢᠶᠠᠨ ᠳ᠋ᠧᠩ ᠢ ᠵᠦᠷᠢᠴᠡᠬᠦ᠂ ᠬᠠᠤᠯᠢ ᠠᠴᠠ ᠵᠥᠷᠢᠴᠡᠨ ᠬᠥᠮᠦᠨ ᠲᠡᠭᠡᠬᠦ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠳᠬᠠᠨ ᠰᠣᠷᠭᠠᠬᠤ ᠪᠠᠷ ᠳᠠᠮᠵᠢᠨ᠂ ᠮᠠᠰᠢᠨᠲᠤ ᠪᠤᠰᠤ ᠲᠡᠷᠭᠡᠨ ᠤ ᠥᠷᠭᠡᠨ ᠣᠯᠠᠨ ᠵᠢᠯᠣᠭᠤᠴᠢ ᠪᠣᠯᠤᠨ ᠶᠠᠪᠠᠭᠠᠨ ᠬᠥᠮᠦᠨ ᠤ ᠵᠠᠮ ᠬᠠᠷᠢᠯᠴᠠᠭᠠᠨ ᠤ ᠠᠮᠤᠷ ᠲᠦᠪᠰᠢᠨ ᠤ ᠬᠠᠤᠯᠢ ᠴᠠᠭᠠᠵᠠ ᠬᠠᠤᠯᠢ ᠲᠣᠭᠲᠠᠭᠠᠯ ᠢ ᠵᠢᠷᠦᠮᠯᠡᠬᠦ ᠤᠬᠠᠮᠰᠠᠷ  ᠢ ᠨᠢ ᠳᠡᠭᠡᠭᠰᠢᠯᠡᠭᠦᠯᠪᠡ᠃ ᠵᠢᠵᠢᠭᠦᠷᠯᠡᠵᠦ ᠪᠠᠶᠢᠭ᠎ᠠ ᠠᠷᠠᠳ ᠤᠨ ᠴᠠᠭᠳᠠᠭ᠎ᠠ ᠠᠴᠠ ᠬᠤᠲᠠ ᠶᠢᠨ ᠲᠣᠭᠤᠷᠢᠭ ᠤᠨ ᠮᠠᠰᠢᠨ ᠲᠡᠷᠭᠡ ᠵᠠᠮ ᠡᠵᠡᠯᠡᠨ ᠵᠣᠭᠰᠣᠭᠠᠬᠤ᠂ ᠳᠤᠷ᠎ᠠ ᠪᠠᠷ ᠢᠶᠠᠨ ᠵᠣᠭᠰᠣᠭᠠᠬᠤ᠂ ᠴᠠᠬᠢᠯᠭᠠᠨ ᠬᠥᠳᠡᠯᠭᠡᠭᠦᠷᠲᠦ ᠲᠡᠷᠭᠡ ᠫᠠᠶᠢᠰᠠ ᠲᠡᠮᠳᠡᠭ ᠤᠭᠰᠠᠷᠠᠬᠤ ᠦᠭᠡᠶ ᠵᠡᠷᠭᠡ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ  ᠶᠢ ᠴᠡᠭᠴᠡᠯᠡᠨ ᠵᠠᠰᠠᠬᠤ ᠪᠠᠷ ᠳᠠᠮᠵᠢᠨ᠂ ᠲᠡᠷᠭᠡ ᠵᠣᠭᠰᠣᠬᠤ ᠡᠮᠬᠢ ᠳᠢᠭᠯᠢᠮ ᠢ ᠵᠢᠷᠤᠮᠵᠢᠭᠤᠯᠤᠨ᠂ ᠵᠠᠮ ᠬᠠᠷᠢᠯᠴᠠᠭᠠᠨ  ᠤ ᠣᠷᠴᠢᠨ ᠲᠣᠭᠤᠷᠢᠨ ᠢ ᠴᠡᠪᠡᠷᠰᠢᠭᠦᠯᠵᠦ᠂ ᠵᠠᠮ ᠬᠠᠷᠢᠯᠴᠠᠭᠠᠨ ᠤ ᠠᠮᠤᠷ ᠲᠦᠪᠰᠢᠨ ᠤ ᠳᠠᠯᠳᠠ ᠭᠡᠮ ᠢ ᠪᠦᠲᠦᠮᠵᠢᠲᠡᠶ ᠠᠷᠢᠯᠭᠠᠨ᠂ ᠣᠯᠠᠨ ᠲᠦᠮᠡᠨ ᠤ ᠠᠮᠤᠷ ᠲᠦᠪᠰᠢᠨ ᠢᠶᠠᠷ ᠶᠠᠪᠤᠵᠤ ᠰᠠᠭᠤᠬᠤ ᠶᠢ ᠪᠠᠲᠤᠯᠠᠵᠠᠢ  ᠃      ᠲᠠᠷᠠᠭᠠᠴᠢ ᠶᠢᠨ ᠠᠯᠬᠤᠮ ᠳᠤ᠂  ᠬᠤᠰᠢᠭᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ ᠠᠴᠠ ᠡᠭᠦᠷᠭᠡ ᠴᠢᠳᠠᠪᠬᠢ ᠶᠢᠨ ᠦᠶᠯᠡᠳᠦᠯ ᠢᠶᠠᠨ ᠭᠦᠶᠴᠡᠳ ᠪᠠᠳᠠᠷᠠᠭᠤᠯᠵᠤ᠂ ᠦᠵᠡᠯ ᠰᠠᠨᠠᠭ᠎ᠠ ᠲᠠᠨᠢᠯᠲᠠ  ᠪᠠᠨ ᠪᠣᠳᠠᠲᠠᠶᠢᠵᠢᠭᠤᠯᠬᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠪᠣᠳᠠᠲᠠᠶᠢᠵᠢᠭᠤᠯᠬᠤ᠂ ᠠᠵᠢᠯ ᠢᠶᠠᠨ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠪᠠᠲᠤᠯᠠᠵᠤ᠂ ᠪᠠᠶᠢᠴᠠᠭᠠᠯᠲᠠ ᠶᠢ ᠤᠭᠲᠤᠬᠤ ᠠᠵᠢᠯ ᠢ ᠬᠦᠴᠦᠲᠡᠶ ᠪᠥᠭᠡᠳ ᠡᠮᠬᠢ ᠵᠢᠷᠤᠮ ᠲᠠᠢ᠂ ᠯᠠᠪᠳᠠᠭᠤᠨ ᠪᠠᠲᠤᠲᠠᠶ ᠰᠠᠶᠢᠲᠤᠷ ᠠᠳᠬᠤᠵᠤ᠂ ᠮᠠᠨ ᠤ ᠬᠤᠰᠢᠭᠤᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠬᠢᠷᠢ ᠲᠦᠪᠰᠢᠨ ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠳᠤ ᠪᠣᠯᠪᠠᠰᠤᠨ᠂ ᠡᠶ᠎ᠡ ᠵᠣᠬᠢᠴᠠᠩᠭᠤᠶ᠂ ᠠᠮᠤᠷ ᠲᠦᠪᠰᠢᠨ᠂ ᠡᠮᠬᠢ ᠵᠢᠷᠤᠮ ᠲᠠᠢ ᠵᠠᠮ ᠬᠠᠷᠢᠯᠴᠠᠭᠠᠨ ᠤ ᠣᠷᠴᠢᠨ ᠲᠣᠭᠤᠷᠢᠨ ᠢ ᠪᠣᠶ ᠪᠣᠯᠭᠠᠵᠤ ᠥᠭᠬᠦ ᠪᠣᠯᠣᠨ᠎ᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号