ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠬᠤᠷᠢᠨ ᠬᠤᠶᠠᠳᠤᠭᠠᠷ ᠤᠳᠠᠭᠠᠨ ᠤ ᠪᠠᠶᠢᠩᠭᠤ ᠶᠢᠨ  ᠬᠤᠷᠢᠶᠠᠨ ᠤ ᠬᠤᠷᠠᠯ ᠢ ᠡᠷᠬᠢᠯᠡᠨ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/8/5
      7 ᠰᠠᠷ᠎ᠠ ᠶᠢᠨ 26 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠠᠷᠪᠠᠨ ᠳᠥᠷᠪᠡᠳᠦᠭᠡᠷ ᠬᠤᠭᠤᠴᠠᠭᠠᠨ ᠤ ᠬᠤᠰᠢᠭᠤ ᠨᠠᠮ ᠤᠨ ᠬᠤᠷᠢᠶᠠᠨ ᠤ ᠬᠤᠷᠢᠨ ᠬᠤᠶᠠᠳᠤᠭᠠᠷ ᠤᠳᠠᠭᠠᠨ ︵2022 ᠣᠨ ᠤ ᠠᠷᠪᠠᠨ ᠭᠤᠷᠪᠠᠳᠤᠭᠠᠷ ᠤᠳᠠᠭ᠎ᠠ︶ ᠤ ᠪᠠᠶᠢᠩᠭᠤ ᠶᠢᠨ ᠬᠤᠷᠢᠶᠠᠨ ᠤ ᠬᠤᠷᠠᠯ ᠢ ᠡᠷᠭᠢᠯᠡᠨ ᠬᠤᠷᠠᠯᠳᠤᠭᠤᠯᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠤ ᠢᠦᠶ ᠯᠦᠩ ᠵᠢᠴᠢ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠬᠤᠷᠠᠯ ᠳᠤ  ᠣᠷᠤᠯᠴᠠᠪᠠ᠃      ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠭᠠᠲᠤᠷ᠂ ᠳᠡᠳ᠋ ᠬᠤᠰᠢᠭᠤ ᠳᠠᠷᠤᠭ᠎ᠠ ᠴᠠᠩ ᠵᠧᠩ᠂ ᠶᠣᠣ ᠬᠠᠶ ᠰᠢᠶᠠ᠂ ᠠᠯᠲᠠᠨᠪᠠᠭᠠᠨ᠎ᠠ᠂ ᠰᠡᠴᠡᠨ᠂ ᠵᠣᠣ ᠶᠠᠨ ᠵᠢᠶᠦ᠋ᠨ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠰᠤᠯᠠ‌ᠣᠷᠣᠯᠴᠠᠵᠠᠶ      ᠬᠤᠷᠠᠯ ᠠᠴᠠ 2022 ᠣᠨ ᠤ ᠳᠡᠭᠡᠷ᠎ᠡ ᠬᠠᠭᠠᠰ ᠵᠢᠯ ᠤᠨ ᠨᠠᠮ ᠵᠠᠰᠠᠭ ᠤᠨ ᠤᠳᠤᠷᠢᠳᠬᠤ ᠨᠥᠬᠦᠳ ᠤᠨ ᠬᠤᠪᠢᠳᠠᠨ ᠬᠠᠮᠢᠶᠠᠷᠴᠤ ᠪᠠᠶᠢᠭ᠎ᠠ ᠬᠦᠷᠢᠶᠡᠨ ᠳᠠᠬᠢ ᠭᠤᠣᠯᠳᠠᠯᠭ᠎ᠠ ᠲᠠᠢ ᠠᠵᠢᠯ ᠤᠨ ᠥᠷᠨᠢᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠳᠣᠬᠠᠨ ᠤ ᠠᠵᠤ ᠠᠬᠤᠢ ᠶᠢᠨ  ᠡᠷᠭᠢᠯᠲᠡ‌‍ᠳᠤ ᠣᠷᠣᠰᠢᠵᠤ ᠪᠠᠶᠢᠭ᠎ᠠ ᠠᠰᠠᠭᠤᠳᠠᠯ ᠪᠣᠯᠤᠨ ᠬᠥᠭᠵᠢᠯᠲᠡ ᠶᠢᠨ ᠬᠠᠨᠳᠤᠰᠢ ᠶᠢ ᠭᠦᠨᠵᠡᠭᠡᠢ ᠵᠠᠳᠠᠯᠤᠨ ᠰᠤᠳᠤᠯᠤᠭᠰᠠᠨ ᠪᠥᠭᠡᠳ ᠳᠣᠣᠷ᠎ᠠ ᠬᠠᠭᠠᠰ ᠵᠢᠯ ᠤᠨ ᠭᠤᠣᠯᠳᠠᠯᠭ᠎ᠠ ᠲᠠᠢ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃ ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠤ ᠬᠢᠨᠠᠨ ᠵᠥᠪᠯᠡᠪᠡ᠃      ᠬᠤᠷᠠᠯ ᠠᠴᠠ ᠵᠢᠭᠠᠬᠤ ᠳᠠᠭᠠᠨ᠂ ᠳᠡᠭᠡᠷ᠎ᠡ ᠬᠠᠭᠠᠰ ᠵᠢᠯ ᠳᠤ᠂ ᠪᠥᠬᠦ ᠬᠤᠰᠢᠭᠤᠨ ᠤ ᠳᠡᠭᠡᠳᠦ ᠳᠤᠤᠷᠠᠳᠤ ᠱᠠᠲᠤᠨ ᠤ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ᠂ ᠬᠢᠵᠢᠭ ᠤᠨ ᠪᠠᠶᠢᠳᠠᠯ ᠤᠨ ᠠᠰᠢᠭ ᠥᠬᠡᠶ ᠨᠥᠯᠥᠭᠡ ᠶᠢ ᠲᠠᠰᠤᠷᠠᠯᠲᠠ ᠥᠬᠡᠶ ᠢᠯᠡᠨ ᠳᠠᠪᠠᠵᠤ᠂ ᠠᠵᠢᠯ ᠤᠨ ᠵᠠᠭᠪᠤᠷ ᠤᠨ ᠰᠢᠨ᠎ᠡ ᠶᠢ ᠡᠭᠦᠳᠴᠦ᠂ ᠠᠵᠢᠯ ᠤᠨ ᠠᠬᠢᠴᠠ ᠶᠢ ᠱᠠᠯᠠᠪᠳᠠᠨ ᠠᠳᠬᠤᠵᠤ᠂ ᠡᠯ᠎ᠡ ᠵᠦᠢᠯ ᠤᠨ ᠭᠤᠤᠯᠳᠠᠯᠭ᠎ᠠ ᠲᠠᠢ ᠠᠵᠢᠯ ᠢ ᠡᠮᠬᠢ ᠵᠢᠷᠤᠮ ᠲᠠᠢ ᠠᠬᠢᠭᠤᠯᠵᠤ᠂ ᠬᠥᠭᠵᠢᠯᠲᠡ ᠶᠢᠨ ᠪᠠᠶᠢᠳᠠᠯ ᠲᠣᠭᠲᠠᠭᠤᠨ ᠤ ᠳᠤᠮᠳᠠ ᠰᠠᠶᠢᠵᠢᠷᠠᠵᠤ᠂ ᠭᠤᠤᠯ ᠭᠦᠢᠴᠡᠳᠬᠡᠯ ᠲᠤᠭ᠎ᠠ ᠵᠢᠱᠢᠯᠲᠡ ᠪᠠᠷ ᠲᠣᠭᠲᠠᠭᠤᠨ ᠤ ᠳᠤᠮᠳᠠ ᠨᠡᠮᠡᠭᠳᠡᠵᠦ᠂ ᠮᠠᠯ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ ᠨᠡᠯᠢᠶᠡᠳ ᠰᠠᠶᠢᠨ ᠪᠠᠶᠢᠵᠤ ᠂ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠬᠦᠴᠦᠲᠡᠶ ᠠᠬᠢᠭᠤᠯᠵᠤ᠂ ᠣᠷᠣᠨ ᠪᠦᠰᠡ ᠶᠢᠨ ᠬᠥᠭᠵᠢᠯᠲᠡ ᠨᠠᠩ ᠵᠣᠬᠢᠴᠠᠩᠭᠤᠶ ᠪᠣᠯᠵᠣ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠡᠷᠭᠢᠯᠲᠡ ᠲᠣᠭᠲᠠᠭᠤᠨ ᠪᠣᠯᠵᠣ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢᠯᠡᠳᠲᠡ ᠦᠷ᠎ᠡ ᠪᠦᠲᠦᠮᠵᠢ ᠣᠯᠵᠤ᠂ ᠰᠠᠶᠢᠨ ᠦᠷ᠎ᠡ ᠪᠦᠲᠦᠮᠵᠢ ᠣᠯᠵᠠᠶ ᠭᠡᠪᠡ᠃      ᠬᠤᠷᠠᠯ ᠠᠴᠠ ᠴᠢᠬᠤᠯᠠᠴᠢᠯᠠᠬᠤ ᠳᠠᠭᠠᠨ ᠳᠣᠣᠷ᠎ᠠ ᠬᠠᠭᠠᠰ ᠵᠢᠯ ᠳᠤ ᠮᠠᠨ ᠤ ᠨᠠᠮ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠪᠣᠯᠤᠨ᠎ᠠ᠂ ᠡᠨᠡ ᠪᠣᠯ ᠨᠠᠮ ᠪᠠ ᠲᠦᠷᠦ ᠶᠢᠨ ᠤᠯᠤᠰ ᠲᠦᠷᠦ ᠶᠢᠨ ᠠᠮᠢᠳᠤᠷᠠᠯ ᠤᠨ ᠨᠢᠭᠡᠨ ᠶᠡᠭᠡ ᠶᠠᠪᠤᠳᠠᠯ ᠮᠥᠨ᠃ ᠵᠢᠯ ᠤᠨ ᠡᠬᠢᠨ ᠤ ᠠᠵᠤ ᠠᠬᠤᠢ ᠶᠢᠨ ᠠᠵᠢᠯ ᠤᠨ ᠥᠷᠭᠡᠳᠬᠡᠭᠰᠡᠨ ᠬᠤᠷᠠᠯ ᠳᠡᠭᠡᠷ᠎ᠡ ᠲᠣᠭᠲᠠᠭᠠᠭᠰᠠᠨ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠵᠢᠱᠢᠭᠰᠡᠨ ᠬᠠᠷᠠᠯᠲᠠ ᠶᠢ ᠭᠤᠶᠢᠪᠢᠰᠢ ᠦᠭᠡᠢ ᠪᠠᠷᠢᠮᠲᠠᠯᠠᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠪᠠᠷ ᠴᠢᠷᠮᠠᠶᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠲᠠᠯᠠᠨ᠂ ᠭᠤᠣᠯ ᠰᠡᠳᠦᠪ ᠭᠤᠣᠯ ᠰᠢᠵᠢᠮ ᠢ ᠡᠵᠡᠮᠳᠡᠵᠦ᠂ ᠰᠠᠶᠢᠨ ᠪᠥᠭᠡᠳ ᠲᠦᠷᠭᠡᠨ ᠬᠥᠭᠵᠢᠭᠦᠯᠬᠦ ᠤᠳᠤᠷᠢᠳᠤᠮᠵᠢ ᠳᠤ ᠠᠩᠬᠠᠷᠤᠯ ᠢᠶᠠᠨ ᠲᠥᠪᠯᠡᠷᠡᠭᠦᠯᠦᠨ᠂ ᠪᠦᠬᠦ ᠵᠢᠯ ᠢ ᠪᠣᠳᠣᠯᠬᠢᠯᠠᠵᠤ᠂ ᠣᠳᠣᠬᠠᠨ ᠤ ᠪᠠᠶᠢᠳᠠᠯ ᠢ ᠴᠢᠩᠭ᠎ᠠ ᠠᠳᠬᠤᠨ᠂ ᠵᠠᠩᠭᠢᠯᠠᠭ᠎ᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠨ ᠴᠢᠬᠤᠯᠠᠴᠢᠯᠠᠵᠤ᠂ ᠡᠯ᠎ᠡ ᠵᠦᠢᠯ ᠤᠨ ᠠᠵᠢᠯ ᠢ ᠨᠢᠭᠡᠳᠦᠯᠲᠡᠢ ᠲᠥᠯᠥᠪᠯᠡᠨ‌ᠠᠬᠢᠭᠤᠯᠵᠤ᠂ ᠠᠵᠤ ᠠᠬᠤᠢ ᠶᠢᠨ ᠲᠣᠭᠲᠠᠭᠤᠨ ᠪᠥᠭᠡᠳ ᠨᠡᠯᠢᠶᠡᠳ ᠲᠦᠷᠭᠡᠨ ᠬᠥᠭᠵᠢᠯᠲᠡ ᠶᠢ ᠪᠡᠶᠡᠯᠡᠭᠦᠯᠬᠦ ᠶᠢ ᠦᠨᠡᠨ ᠬᠦ ᠪᠠᠲᠤᠯᠠᠨ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠ ᠡᠭᠦᠷᠭᠡ ᠪᠠᠨ ᠴᠢᠷᠮᠠᠶᠢᠨ ᠪᠡᠶᠡᠯᠡᠭᠦᠯᠬᠦ ᠬᠡᠷᠡᠭᠲᠡᠢ᠃ ᠺᠠᠳ᠋ᠷ ᠢ ᠵᠥᠪ ᠴᠢᠭᠯᠡᠯ ᠢᠶᠠᠷ ᠬᠦᠳᠦᠯᠦᠨ ᠵᠢᠯᠣᠭᠤᠳᠬᠤ ᠶᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠢᠳᠡᠪᠬᠢᠵᠢᠯ ᠢ ᠨᠡᠩ ᠰᠠᠶᠢᠲᠤᠷ ᠬᠠᠮᠠᠭᠠᠯᠠᠨ ᠲᠠᠶᠢᠴᠢᠯᠠᠵᠤ᠂ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠮᠵᠢᠯᠲᠠ ᠪᠦᠲᠦᠮᠵᠢ ᠭᠠᠷᠭᠠᠬᠤ ᠪᠠᠷ ᠴᠢᠷᠮᠠᠶᠢᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠵᠤ᠂ ᠵᠢᠯ ᠤᠨ ᠡᠴᠦᠰ ᠤᠨ ᠲᠣᠭᠲᠠᠭᠰᠠᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠬᠡᠷᠡᠭᠲᠡᠢ᠃ ︽ᠬᠢᠵᠢᠭ ᠤᠨ ᠪᠠᠶᠢᠳᠠᠯ   ᠢ ᠰᠡᠷᠭᠡᠶᠢᠯᠡᠵᠦ᠂ ᠠᠵᠤ ᠠᠬᠤᠢ ᠶᠢ ᠲᠣᠭᠲᠠᠪᠤᠷᠢᠵᠢᠭᠤᠯᠵᠤ᠂ ᠬᠥᠭᠵᠢᠯᠲᠡ ᠵᠢ‌ᠠᠮᠤᠷ ᠲᠦᠪᠰᠢᠨ ᠪᠠᠶᠢᠯᠭᠠᠬᠤ︾ ᠴᠢᠬᠤᠯᠠ ᠱᠠᠭᠠᠷᠳᠠᠯᠭ᠎ᠠ ᠶᠣᠰᠣᠭᠠᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠲᠣᠭᠲᠠᠭᠤᠨ ᠡᠷᠡᠭᠦᠯ ᠠᠵᠤ ᠠᠬᠤᠢ ᠶᠢᠨ ᠣᠷᠴᠢᠨ ᠲᠣᠭᠤᠷᠢᠨ᠂ ᠲᠦᠷᠦ ᠲᠦᠪᠰᠢᠨ ᠠᠷᠠᠳ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ ᠭᠡᠵᠡᠢ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号