ᠮᠠᠨ ᠤ ᠬᠤᠰᠢᠭᠤ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠶᠯᠡᠴᠢᠯᠡᠭᠡ  ᠶᠢ ᠢᠳᠡᠪᠬᠢᠲᠡᠢ ᠥᠷᠨᠢᠭᠦᠯᠵᠦ ᠪᠠᠶᠢᠨ᠎ᠠ
ᠨᠡᠶᠢᠲᠡᠯᠡᠭᠰᠡᠨ ᠴᠠᠭ᠄
2022/8/5
      ᠣᠷᠴᠢᠮ ᠤᠨ ᠵᠢᠯ ᠤᠳ ᠲᠤ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠨᠢ  ᠪᠦᠬᠦ ᠨᠡᠶᠢᠭᠡᠮ ᠤᠨ ᠠᠩᠬᠠᠷᠤᠯ ᠢ ᠲᠠᠲᠠᠵᠤ ᠪᠠᠶᠢᠨ᠎ᠠ᠃ ᠵᠠᠯᠠᠭᠤᠴᠤᠳ ᠪᠠᠭᠠᠴᠤᠳ ᠤᠨ ᠵᠥᠪ ᠠᠮᠢᠳᠤᠷᠠᠬᠤᠶ ᠶᠢᠨ ᠦᠵᠡᠯᠲᠡ᠂ ᠥᠷᠲᠡᠭ ᠤᠨ ᠦᠵᠡᠯᠲᠡ ᠶᠢ ᠪᠣᠶ ᠪᠣᠯᠭᠠᠬᠤ ᠶᠢ ᠢᠳᠡᠪᠬᠢᠲᠡᠶ ᠬᠥᠲᠥᠯᠥᠨ‌ᠵᠢᠯᠤᠭᠤᠳᠬᠤ ᠶᠢᠨ ᠲᠦᠯᠦᠭᠡ᠂ ᠬᠤᠰᠢᠭᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠴᠢᠬᠤᠯᠠᠴᠢᠯᠠᠯ ᠪᠠ ᠪᠠᠲᠤᠯᠠᠭ᠎ᠠ ᠳᠣᠤᠷ᠎ᠠ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠠᠰᠠᠭᠤᠳᠠᠯ ᠳᠤ ᠭᠤᠤᠯᠳᠠᠯᠭ᠎ᠠ ᠲᠠᠢ ᠠᠩᠬᠠᠷᠤᠯ ᠢᠶᠠᠨ  ᠲᠦᠪᠯᠡᠷᠡᠭᠦᠯᠦᠨ᠂  ᠬᠤᠰᠢᠭᠤ ᠡᠪᠯᠡᠯ ᠤᠨ ᠬᠤᠷᠢᠶ᠎ᠠ ᠠᠴᠠ ᠡᠨᠡ ᠵᠢᠯ ᠤᠨ 3 ᠰᠠᠷ᠎ᠠ ᠠᠴᠠ ᠡᠬᠢᠯᠡᠨ ᠵᠠᠰᠠᠭ ᠤᠨ ᠣᠷᠳᠣᠨ ᠠᠴᠠ  ᠣᠷᠤᠭᠤᠯᠭᠰᠠᠨ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠶᠯᠡᠴᠢᠯᠡᠭᠡ ᠶᠢᠨ ᠲᠥᠷᠥᠯ ᠵᠦᠶᠯ ᠢ ᠬᠦᠯᠢᠶᠡᠨ‌ᠠᠪᠴᠤ ᠬᠡᠷᠡᠭᠵᠢᠭᠦᠯᠦᠨ᠂ ᠨᠢᠭᠡ ᠵᠢᠯ ᠤᠨ ᠬᠤᠭᠤᠴᠠᠭ᠎ᠠ ᠲᠠᠢ  ᠬᠡᠷᠡᠭᠵᠢᠭᠦᠯᠬᠦ ᠪᠣᠯᠣᠨ᠎ᠠ᠃ ᠲᠣᠰ ᠲᠥᠷᠥᠯ ᠵᠦᠶᠯ ᠨᠢ ᠭᠤᠤᠯᠳᠠᠭᠤ ᠲᠤᠰᠬᠠᠶ ᠮᠡᠷᠭᠡᠵᠢᠯ ᠤᠨ ᠰᠡᠳᠬᠢᠴᠡ ᠵᠢᠨ‌ᠠᠰᠠᠭᠤᠨ ᠯᠠᠪᠯᠠᠭᠴᠢ ᠶᠢ ᠠᠪᠴᠢᠷᠠᠬᠤ᠂ ᠬᠦᠮᠦᠨ ᠪᠦᠷᠢ ᠳᠤ ᠲᠤᠰᠬᠠᠢ ᠠᠰᠠᠭᠤᠨ ᠯᠠᠪᠯᠠᠭᠴᠢ ᠲᠤᠬᠢᠷᠠᠭᠤᠯᠬᠤ᠂ ᠲᠦᠭᠡᠮᠡᠯ ᠬᠠᠷᠠᠭᠠᠯᠵᠠᠯ ᠤᠨ ᠲᠦᠷᠢᠮ ᠤᠨ ᠬᠢᠴᠢᠶᠡᠯ ᠢ ᠲᠠᠨᠢᠯᠴᠠᠭᠤᠯᠬᠤ ᠵᠡᠷᠭᠡ ᠠᠷᠭ᠎ᠠ ᠬᠡᠯᠪᠡᠷᠢ ᠶᠢ ᠠᠪᠴᠤ᠂ ᠪᠥᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠳᠤ ᠬᠠᠨᠳᠤᠭᠤᠯᠤᠨ ᠠᠮᠢ ᠨᠠᠰᠤᠨ ᠤ ᠬᠥᠮᠦᠵᠢᠯ᠂ ᠵᠠᠯᠠᠭᠤ ᠨᠠᠰᠤᠨ ᠤ ᠦᠶ᠎ᠡ ᠶᠢᠨ ᠬᠥᠮᠦᠵᠢᠯ᠂ ᠤᠷᠮ᠎ᠠ ᠰᠡᠳᠬᠢᠯᠭᠡ ᠶᠢᠨ ᠲᠣᠬᠢᠷᠠᠭᠤᠯᠤᠯᠲᠠ ᠪᠠ ᠳᠠᠷᠤᠯᠲᠠ ᠶᠢᠨ ᠬᠠᠮᠢᠶᠠᠷᠤᠯᠲᠠ ᠂ ᠬᠥᠮᠦᠰ ᠤᠨ ᠬᠤᠭᠤᠷᠣᠨᠳᠣᠬᠢ ᠶᠠᠪᠤᠯᠴᠠᠭ᠎ᠠ᠂ ᠰᠦᠯᠵᠢᠶᠡᠨ ᠤ ᠰᠢᠨᠤᠯ ᠢ ᠰᠡᠷᠭᠡᠶᠢᠯᠡᠬᠦ᠂ ᠬᠡᠷ ᠤᠨ ᠠᠬᠠᠮᠠᠳ ᠤᠨ ᠰᠡᠳᠬᠢᠴᠡ ᠶᠢᠨ ᠡᠷᠡᠭᠦᠯ ᠮᠡᠨᠳᠦ ᠵᠡᠷᠭᠡ ᠦᠶᠯᠡᠴᠢᠯᠡᠭᠡᠨ ᠤ ᠠᠵᠢᠯᠯᠠᠭ᠎ᠠ ᠦᠷᠨᠢᠭᠦᠯᠦᠨ᠂ ᠪᠠᠶᠢᠳᠠᠯ ᠢ ᠨᠢ ᠦᠵᠡᠵᠦ ᠪᠠᠶᠢᠭᠠᠳ ᠣᠨᠣᠰᠢᠯᠠᠬᠤ᠂ ᠵᠢᠯᠣᠭᠤᠳᠬᠤ᠂ ᠰᠢᠯᠵᠢᠭᠦᠯᠦᠨ ᠡᠮᠨᠡᠭᠦᠯᠬᠦ ᠪᠠ ᠲᠠᠩᠰᠠ ᠡᠪᠬᠡᠮᠡᠯ ᠪᠠᠶᠢᠭᠤᠯᠬᠤ ᠠᠵᠢᠯ ᠥᠷᠨᠢᠭᠦᠯᠵᠦ᠂ ᠠᠰᠠᠭᠤᠳᠠᠯ ᠲᠠᠢ ᠵᠠᠯᠠᠭᠤᠴᠤᠳ ᠪᠠᠭᠠᠴᠤᠳ ᠢ ᠡᠷᠲᠡᠬᠡᠨ ᠡᠮᠨᠡᠨ᠂ ᠬᠥᠲᠥᠯᠥᠨ ᠵᠢᠯᠣᠭᠤᠳᠴᠤ ᠪᠠᠶᠢᠭᠠᠳ ᠵᠠᠯᠠᠭᠤᠴᠤᠳ ᠪᠠᠭᠠᠴᠤᠳ ᠤᠨ ᠡᠷᠡᠭᠦᠯ ᠢᠶᠠᠷ ᠦᠰᠦᠨ ᠪᠣᠶᠢᠵᠢᠬᠤ ᠳᠤ ᠪᠠᠲᠤᠯᠠᠭ᠎ᠠ ᠬᠠᠩᠭᠠᠪᠠ  ᠃      ᠨᠢᠭᠡ ᠳᠤ᠂ ᠵᠠᠯᠠᠭᠤᠴᠤᠳ ᠪᠠᠭᠠᠴᠤᠳ ᠤᠨ ︿︿ᠨᠡᠷᠡᠨ ᠭᠡᠷᠡᠯᠲᠦ ᠥᠷᠲᠡᠭᠡ﹀﹀ ᠶᠢᠨ ᠪᠣᠳᠠᠲᠤ ᠴᠣᠭᠴᠠ ᠶᠢᠨ ᠰᠠᠭᠤᠷᠢᠨ ᠭᠠᠵᠠᠷ ᠢ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠶᠯᠡᠴᠢᠯᠡᠭᠡᠨ ᠤ ᠲᠥᠷᠥᠯ ᠵᠦᠶᠯ ᠤᠨ ᠥᠷᠨᠢᠯᠲᠡ ᠳᠤ ᠪᠠᠲᠤᠯᠠᠭ᠎ᠠ ᠬᠠᠩᠭᠠᠪᠠ᠃  ᠬᠤᠰᠢᠭᠤ ᠰᠢᠨ᠎ᠡ ᠴᠠᠭ ᠦᠶ᠎ᠡ  ᠶᠢᠨ ᠪᠣᠯᠪᠠᠰᠤᠨ ᠦᠶᠯᠡᠳᠦᠯᠭᠡ ᠶᠢᠨ ᠦᠢᠯᠡᠴᠢᠯᠡᠭᠡᠨ ᠤ ᠲᠥᠪ ᠤᠨ ︿︿ᠨᠡᠷᠡᠨ ᠭᠡᠷᠡᠯᠲᠦ ᠥᠷᠲᠡᠭᠡ﹀﹀ ᠶᠢᠨ ᠪᠣᠳᠠᠲᠤ ᠴᠣᠭᠴᠠ ᠶᠢᠨ  ᠰᠠᠭᠤᠷᠢᠨ‌ᠭᠠᠵᠠᠷ ᠢ 2021 ᠣᠨ ᠤ 12 ᠰᠠᠷ᠎ᠠ ᠶᠢᠨ ᠰᠡᠭᠦᠯᠴᠢ ᠪᠠᠷ ᠡᠬᠢᠯᠡᠨ ᠪᠥᠲᠥᠭᠡᠨ ᠪᠠᠶᠢᠭᠤᠯᠵᠤ᠂ ᠠᠰᠠᠭᠤᠨ ᠯᠠᠪᠯᠠᠬᠤ ᠲᠠᠰᠤᠭ᠂ ᠭᠥᠯᠢᠶᠡᠨ ᠠᠪᠬᠤ ᠲᠠᠰᠤᠭ᠂ ᠡᠯᠡᠰᠦᠨ ᠴᠠᠷ᠎ᠠ ᠶᠢᠨ ᠲᠠᠰᠤᠭ᠂ ᠰᠡᠳᠬᠢᠯ ᠢᠶᠠᠨ ᠠᠭᠤᠳᠠᠯᠯᠠᠬᠤ ᠲᠠᠰᠤᠭ ᠵᠡᠷᠭᠡ ᠴᠢᠳᠠᠮᠵᠢᠳᠤ ᠲᠠᠰᠤᠭ ᠲᠣᠬᠢᠷᠠᠭᠤᠯᠵᠤ᠂ 200 ᠭᠠᠷᠤᠶ ᠳᠡᠪᠲᠡᠷ ᠨᠣᠮ ᠪᠢᠴᠢᠭ᠂ ᠰᠠᠭᠤᠷᠢ ᠠᠯᠪᠠᠨ ᠠᠵᠢᠯ ᠤᠨ ᠲᠥᠬᠦᠭᠡᠷᠦᠮᠵᠢ ᠪᠠ ᠰᠡᠳᠬᠢᠴᠡ ᠶᠢᠨ ᠠᠰᠠᠭᠤᠨ ᠯᠠᠪᠯᠠᠬᠤ ᠵᠢᠴᠢ ᠰᠡᠳᠬᠢᠯ ᠢᠶᠠᠨ ᠠᠭᠤᠳᠠᠯᠯᠠᠬᠤ᠂  ᠳᠠᠷᠤᠭᠠᠰᠤ ᠪᠠᠨ ᠬᠥᠩᠭᠡᠯᠡᠬᠦ ᠲᠥᠬᠦᠭᠡᠷᠦᠮᠵᠢ ᠲᠣᠬᠢᠷᠠᠭᠤᠯᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠦᠶᠯᠡᠴᠢᠯᠡᠭᠡ ᠥᠷᠨᠢᠭᠦᠯᠬᠦ ᠳᠤ  ᠰᠠᠭᠤᠷᠢᠨ ᠭᠠᠵᠠᠷ ᠤᠨ ᠲᠤᠯᠭᠠᠭᠤᠷᠢ ᠬᠠᠩᠭᠠᠪᠠ  ᠃      ᠬᠤᠶᠠᠷ ᠲᠤ᠂ ︿︿ᠲᠤᠰᠬᠠᠶ ᠮᠡᠷᠭᠡᠵᠢᠯᠲᠡᠨ + ᠬᠠᠪᠰᠤᠷᠤᠨ ᠵᠢᠯᠣᠭᠤᠳᠣᠭᠴᠢ + ᠰᠠᠶᠢᠨ  ᠳᠣᠷᠠᠴᠣᠣᠯ﹀﹀  ᠶᠢᠨ ᠡᠩᠨᠡᠭᠡ ᠶᠢ ᠪᠠᠶᠢᠭᠤᠯᠵᠤ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠶᠯᠡᠴᠢᠯᠡᠭᠡᠨ ᠤ ᠲᠥᠷᠥᠯ ᠵᠦᠶᠯ ᠳᠤ ᠪᠠᠲᠤᠯᠠᠭ᠎ᠠ ᠬᠠᠩᠭᠠᠪᠠ᠃ ᠮᠠᠨ ᠤ ᠬᠤᠰᠢᠭᠤᠨ ᠤ ᠣᠲᠣ ᠶᠢᠨ ᠪᠠᠶᠢᠭ᠎ᠠ ᠰᠡᠳᠬᠢᠴᠡ ᠶᠢᠨ ᠡᠷᠡᠭᠦᠯ ᠮᠡᠨᠳᠦ ᠶᠢᠨ ᠪᠠᠭᠰᠢ ᠶᠢᠨ ᠡᠬᠢ ᠪᠠᠶᠠᠯᠢᠭ ᠢ ᠭᠦᠶᠴᠡᠳ ᠠᠰᠢᠭᠯᠠᠨ᠂ ᠮᠣᠩᠭᠤᠯ ᠬᠢᠲᠠᠳ ᠬᠤᠤᠰ ᠬᠡᠯᠡ  ᠪᠠᠷ ᠬᠢᠴᠢᠶᠡᠯᠯᠡᠬᠦ ᠲᠤᠰᠬᠠᠶ ᠮᠡᠷᠭᠡᠵᠢᠯᠲᠡᠨ ᠤ ᠡᠩᠨᠡᠭᠡ ᠶᠢ ᠪᠠᠶᠢᠭᠤᠯᠬᠤ ᠶᠢᠨ ᠬᠠᠮᠲᠤ ᠰᠢᠯᠢ ᠶᠢᠨ ᠭᠤᠤᠯ ᠠᠶᠢᠮᠠᠭ ᠤᠨ ᠡᠪᠯᠡᠯ ᠤᠨ ᠬᠤᠷᠢᠶ᠎ᠠ ᠶᠢᠨ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ  ᠶᠢᠨ ᠦᠶᠯᠡᠴᠢᠯᠡᠭᠡᠨ ᠤ ᠲᠥᠪ ᠤᠨ ︿︿ᠨᠡᠷᠡᠨ ᠭᠡᠷᠡᠯᠲᠦ ᠥᠷᠲᠡᠭᠡ﹀﹀   ᠶᠢᠨ ᠶᠡᠷᠦᠩᠬᠡᠶ ᠥᠷᠲᠡᠭᠡ ᠶᠢᠨ 18 ᠬᠥᠮᠦᠨ  ᠤ ᠲᠤᠰᠬᠠᠶ ᠮᠡᠷᠭᠡᠵᠢᠯᠲᠡᠨ ᠤ ᠪᠦᠯᠬᠦᠮ ᠨᠢ ᠬᠠᠪᠰᠤᠷᠤᠨ ᠲᠤᠰᠠᠯᠠᠬᠤ ᠪᠦᠯᠬᠦᠮ ᠪᠣᠯᠭᠠᠵᠤ᠂ ᠲᠤᠬᠠᠶᠢᠯᠠᠭᠰᠠᠨ ᠠᠵᠢᠯ  ᠤᠨ ᠵᠢᠯᠣᠭᠤᠳᠣᠯᠭ᠎ᠠ ᠪᠠ ᠲᠠᠶᠢᠯᠤᠮᠵᠢ ᠶᠢᠨ ᠪᠣᠯᠪᠠᠰᠤᠷᠠᠯ ᠬᠢᠯᠭᠡᠪᠡ  ᠃      ᠭᠤᠷᠪᠠ ᠳᠤ᠂  ᠬᠢᠴᠢᠶᠡᠯ ᠢ ᠵᠣᠬᠢᠰᠲᠠᠶ ᠲᠣᠬᠢᠷᠠᠭᠤᠯᠵᠤ᠂ ᠲᠥᠷᠥᠯ ᠬᠤᠪᠢᠶᠠᠨ ᠠᠯᠬᠤᠮ ᠬᠤᠪᠢᠶᠠᠨ ᠬᠡᠷᠡᠭᠵᠢᠭᠦᠯᠵᠦ᠂ ᠵᠠᠯᠠᠭᠤᠴᠤᠳ ᠪᠠᠭᠠᠴᠤᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠶᠯᠡᠴᠢᠯᠡᠭᠡᠨ ᠤ ᠲᠥᠷᠥᠯ ᠵᠦᠶᠯ ᠤᠨ ᠠᠬᠢᠯᠲᠠ ᠲᠠᠢ᠂ ᠦᠷ᠎ᠡ ᠪᠦᠲᠦᠮᠵᠢ ᠲᠠᠢ ᠪᠣᠯᠬᠤ ᠶᠢ ᠠᠬᠢᠭᠤᠯᠪᠠ᠃  ᠬᠤᠰᠢᠭᠤ ᠡᠪᠯᠡᠯ ᠤᠨ ᠬᠤᠷᠢᠶ᠎ᠠ  ᠠᠴᠠ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠲᠠᠢ ᠬᠠᠮᠲᠤᠷᠠᠨ ᠮᠠᠨ ᠤ ᠬᠤᠰᠢᠭᠤᠨ ᠤ ᠬᠤᠶᠠᠷ ᠪᠠᠭ᠎ᠠ ᠰᠤᠷᠭᠠᠭᠤᠯᠢ ᠶᠢᠨ 742 ᠰᠤᠷᠤᠭᠴᠢ ᠶᠢ ᠭᠤᠣᠯᠳᠠᠯᠭ᠎ᠠ ᠲᠠᠢ ᠦᠢᠯᠡᠴᠢᠯᠡᠬᠦ ᠡᠲᠡᠭᠡᠳ ᠢᠶᠠᠷ ᠲᠣᠭᠲᠠᠭᠠᠵᠤ᠂ ᠪᠦᠬᠦ ᠬᠤᠰᠢᠭᠤᠨ ᠤ ᠡᠯ᠎ᠡ ᠳᠤᠮᠳᠠᠳᠤ ᠪᠠᠭ᠎ᠠ ᠰᠤᠷᠭᠠᠭᠤᠯᠢ ᠶᠢᠨ ᠬᠡᠰᠡᠭ ᠪᠦᠯᠦᠭ ᠣᠨ ᠱᠠᠲᠤᠨ ᠤ ᠵᠠᠯᠠᠭᠤᠴᠤᠳ ᠪᠠᠭᠠᠴᠤᠳ‌ᠵᠢᠴᠢ ᠪᠠᠭᠰᠢ᠂ ᠭᠡᠷ ‍ᠦᠨ‌ᠠᠬᠠᠮᠠᠳ ᠢ ᠨᠥᠯᠥᠭᠡᠯᠡᠨ ᠳᠠᠶᠢᠴᠢᠯᠠᠵᠤ᠂ ᠰᠡᠳᠬᠢᠴᠡ ᠶᠢᠨ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠴᠢᠶᠡᠯ ᠢ ᠵᠢᠷᠤᠵᠤ ᠲᠥᠯᠥᠪᠯᠡᠬᠦ᠂ ᠲᠣᠬᠢᠷᠠᠭᠤᠯᠬᠤ ᠪᠠ ᠬᠡᠷᠡᠭᠵᠢᠭᠦᠯᠪᠡ᠃ ᠳᠡᠭᠡᠷ᠎ᠡ ᠳᠤᠷᠠᠳᠤᠭᠰᠠᠨ ᠵᠠᠯᠠᠭᠤᠴᠤᠳ ᠪᠠᠭᠠᠴᠤᠳ ᠲᠤ ᠴᠢᠭᠯᠡᠭᠦᠯᠦᠨ᠂ ᠰᠡᠳᠬᠢᠴᠡ ᠶᠢᠨ ᠡᠷᠡᠭᠦᠯ ᠮᠡᠨᠳᠦ ᠶᠢᠨ ᠰᠢᠯᠭᠠᠯᠲᠠ ᠶᠢ ᠥᠷᠨᠢᠭᠦᠯᠦᠭᠰᠡᠨ ᠪᠥᠭᠡᠳ ᠦᠷ᠎ᠡ ᠳ᠋ᠦᠩ ᠢ ᠨᠢ ᠦᠨᠳᠦᠰᠦᠯᠡᠨ ᠦᠶᠯᠡᠴᠢᠯᠡᠭᠡᠨ ᠤ ᠬᠢᠴᠢᠶᠡᠯ ᠢ ᠲᠣᠭᠲᠠᠭᠠᠪᠠ  ᠃      ᠲᠥᠷᠥᠯ ᠵᠦᠶᠯ ᠨᠢ ᠣᠳᠣ ᠪᠣᠯᠲᠠᠯ᠎ᠠ᠂ ᠨᠢᠭᠡᠨᠲᠡ ᠲᠥᠯᠥᠪᠯᠡᠭᠡ ᠶᠢᠨ ᠬᠢᠴᠢᠶᠡᠯ ᠤᠨ 50 % ᠶᠢ  ᠪᠡᠶᠡᠯᠡᠭᠦᠯᠵᠦ᠂ ᠠᠩᠭᠢ ᠪᠠᠷ ᠨᠢᠭᠡᠴᠢ ᠪᠤᠯᠠᠭᠠᠨ‌ᠨᠡᠶᠢᠲᠡ 76 ᠲᠠᠯᠠᠪᠤᠷ ᠤᠳᠠᠭ᠎ᠠ ᠰᠡᠳᠬᠢᠴᠡ ᠶᠢᠨ  ᠦᠢᠯᠡᠴᠢᠯᠡᠭᠡ ᠦᠷᠨᠢᠭᠦᠯᠵᠦ᠂ ᠨᠡᠶᠢᠲᠡ 3750 ᠬᠥᠮᠦᠨ ᠤᠳᠠᠭ᠎ᠠ ᠣᠷᠣᠯᠴᠠᠵᠦ᠂ ᠪᠠᠭᠰᠢ ᠶᠢᠨ ᠰᠡᠳᠬᠢᠴᠡ ᠶᠢᠨ ᠬᠠᠪᠰᠤᠷᠤᠨ ᠵᠢᠯᠣᠭᠤᠳᠬᠤ ᠲᠠᠶᠢᠯᠤᠮᠵᠢ ᠶᠢ 1 ᠲᠠᠯᠠᠪᠤᠷ ᠤᠳᠠᠭ᠎ᠠ ᠦᠷᠨᠢᠭᠦᠯᠵᠦ᠂ 120 ᠭᠠᠷᠤᠶ ᠬᠥᠮᠦᠨ ᠤᠳᠠᠭ᠎ᠠ ᠣᠷᠣᠯᠴᠠᠵᠦ ᠂ ᠡᠴᠢᠭᠡ ᠡᠬᠡ ᠬᠡᠦᠬᠡᠳ ᠤᠨ ᠰᠡᠳᠬᠢᠴᠡ ᠶᠢᠨ ᠡᠷᠡᠭᠦᠯ ᠮᠡᠨᠳᠦ ᠶᠢᠨ ᠦᠶᠯᠡᠴᠢᠯᠡᠭᠡᠨ ᠤ ᠲᠠᠶᠢᠯᠤᠮᠵᠢ ᠶᠢ 1 ᠲᠠᠯᠠᠪᠤᠷ ᠦᠷᠨᠢᠭᠦᠯᠵᠦ᠂ 60 ᠭᠠᠷᠤᠶ ᠬᠥᠮᠦᠨ ᠤᠳᠠᠭ᠎ᠠ ᠣᠷᠣᠯᠴᠠᠵᠦ᠂ ᠰᠢᠯᠭᠠᠯᠲᠠ ᠠᠴᠠ ᠡᠮᠦᠨ᠎ᠡ ᠳᠠᠷᠤᠭᠠᠰᠤ ᠬᠥᠩᠭᠡᠯᠡᠬᠦ ᠦᠢᠯᠡᠴᠢᠯᠡᠭᠡ ᠶᠢ 2 ᠤᠳᠠᠭ᠎ᠠ ᠦᠷᠨᠢᠭᠦᠯᠵᠦ᠂ 80 ᠭᠠᠷᠤᠶ ᠬᠥᠮᠦᠨ ᠤᠳᠠᠭ᠎ᠠ ᠣᠷᠣᠯᠴᠠᠵᠦ᠂ ᠵᠢᠵᠢᠭ ᠪᠦᠯᠬᠦᠮ ᠤᠨ ᠰᠡᠳᠬᠢᠴᠡ ᠶᠢᠨ ᠬᠠᠪᠰᠤᠷᠤᠨ ᠵᠢᠯᠣᠭᠤᠳᠣᠯᠭ᠎ᠠ ᠶᠢ 5 ᠲᠠᠯᠠᠪᠤᠷ ᠦᠷᠨᠢᠭᠦᠯᠵᠦ᠂ ᠨᠡᠶᠢᠲᠡ 60 ᠬᠥᠮᠦᠨ ᠤᠳᠠᠭ᠎ᠠ ᠣᠷᠣᠯᠴᠠᠵᠦ᠂ ᠰᠡᠳᠬᠢᠴᠡ ᠶᠢᠨ ᠬᠡᠮᠵᠢᠭᠦᠷ ᠢᠶᠠᠷ 31 ᠤᠳᠠᠭ᠎ᠠ ᠬᠡᠮᠵᠢᠨ ᠲᠤᠭᠲᠠᠭᠠᠵᠦ᠂ ᠲᠤᠰᠬᠠᠯᠲᠠ ᠪᠠᠷ ᠨᠠᠰᠤᠨ  ᠳᠤ ᠦᠯᠦ ᠬᠦᠷᠦᠭᠰᠡᠳ ᠤᠨ ᠰᠡᠳᠬᠢᠴᠡ ᠪᠠ ᠦᠢᠯᠡ ᠠᠵᠢᠯᠯᠠᠭ᠎ᠠ ᠶᠢ 754 ᠬᠥᠮᠦᠨ ᠤᠳᠠᠭ᠎ᠠ ᠵᠠᠳᠠᠯᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号