ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠸᠧ ᠮᠢᠨ ᠨᠡᠷ ᠬᠢᠯᠢ ᠶᠢᠨ ᠬᠠᠮᠠᠭᠠᠯᠠᠯᠲᠠ ᠶᠢᠨ ᠴᠡᠷᠢᠭ ᠠᠩᠭᠢ  ᠳᠤ ᠭᠦᠨᠵᠡᠭᠡᠶᠢᠷᠡᠨ ᠳᠠᠷᠤᠭ᠎ᠠ ᠪᠠᠶᠢᠯᠳᠤᠭᠴᠢᠳ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2022/8/5
      7 ᠰᠠᠷ᠎ᠠ ᠶᠢᠨ 28 ᠤ ᠡᠳᠦᠷ᠂ ᠵᠡᠭᠦᠨ ᠦᠵᠦᠮᠦᠴᠢᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ  ᠶᠢᠨ ᠭᠡᠰᠢᠭᠦᠨ᠂ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠦ ᠸᠧ ᠮᠢᠨ᠂ ᠬᠤᠰᠢᠭᠤ ᠠᠷᠠᠳ ᠤᠨ ᠵᠠᠰᠠᠭ  ᠤᠨ ᠣᠷᠳᠣᠨ ᠤ ᠳᠡᠳ᠋ ᠳᠠᠷᠤᠭ᠎ᠠ ᠰᠡᠴᠡᠨ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠪᠦᠬᠡᠣᠳᠽᠠᠷ ᠨᠠᠷ ᠬᠢᠯᠢ ᠶᠢᠨ ᠬᠠᠮᠠᠭᠠᠯᠠᠯᠳᠠ ᠶᠢᠨ ᠴᠡᠷᠢᠭ ᠠᠩᠭᠢ ᠳᠤ ᠭᠦᠨᠵᠡᠭᠡᠶᠢᠷᠡᠨ ᠳᠠᠷᠤᠭ᠎ᠠ ᠪᠠᠶᠢᠯᠳᠤᠭᠴᠢᠳ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ᠪᠠᠶᠠᠷ ᠤᠨ ᠡᠳᠦᠷ ᠤᠨ ᠮᠡᠨᠳᠦᠴᠢᠯᠡᠯ ᠬᠦᠷᠭᠡᠭᠰᠡᠨ ᠪᠥᠭᠡᠳ ᠲᠣᠬᠤᠨᠢᠭᠤᠯᠬᠤ ᠪᠣᠳᠠᠰ ᠬᠦᠷᠭᠡᠪᠡ᠂ ᠰᠠᠮᠠᠢ ᠰᠤᠮᠤᠨ ᠤ ᠭᠤᠤᠯ ᠬᠠᠷᠢᠭᠤᠴᠠᠯᠭᠠᠲᠠᠨ ᠪᠠᠷ᠎ᠠ ᠪᠣᠯᠪᠠ᠃      ᠵᠧᠦ ᠸᠧ ᠮᠢᠨ ᠨᠡᠷ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠲᠠᠢ ᠳᠣᠲᠣᠨᠣ ᠪᠠᠷ ᠶᠠᠷᠢᠯᠴᠠᠵᠤ᠂ ᠳᠡᠳᠡᠨ ᠤ ᠡᠳᠦᠷ ᠳᠤᠳᠤᠮ ᠤᠨ ᠠᠮᠢᠳᠤᠷᠠᠯ᠂ ᠠᠵᠢᠯ ᠪᠤᠯᠤᠨ ᠪᠣᠯᠪᠠᠰᠤᠷᠠᠯ ᠵᠡᠷᠭᠡ ᠪᠠᠶᠢᠳᠠᠯ ᠢ ᠤᠶᠢᠯᠭᠠᠵᠤ᠂ ᠴᠡᠷᠢᠭ ᠠᠩᠬᠢ ᠶᠢᠨ ᠳᠠᠷᠤᠭ᠎ᠠ ᠪᠠᠶᠢᠯᠳᠤᠭᠴᠢᠳ ᠤᠨ ᠬᠢᠯᠢ ᠬᠢᠵᠠᠭᠠᠷ ᠣᠷᠣᠨ ᠤ ᠠᠵᠤ ᠠᠬᠤᠢ ᠶᠢᠨ ᠬᠥᠭᠵᠢᠯᠲᠡ ᠪᠣᠯᠤᠨ ᠨᠡᠶᠢᠭᠡᠮ ᠤᠨ ᠡᠶ᠎ᠡ ᠵᠣᠬᠢᠴᠠᠩᠭᠤᠢ ᠲᠣᠭᠲᠠᠭᠤᠨ ᠳᠤ ᠦᠵᠡᠭᠦᠯᠦᠭᠰᠡᠨ ᠢᠳᠡᠪᠬᠢᠲᠡᠢ ᠬᠤᠪᠢ ᠨᠡᠮᠡᠷᠢ ᠳᠤ ᠴᠢᠩ ᠰᠡᠳᠬᠢᠯ ᠠᠴᠠ ᠪᠠᠨ ᠲᠠᠯᠠᠷᠬᠠᠵᠤ ᠪᠠᠶᠢᠬᠤ ᠪᠠᠨ ᠢᠯᠡᠳᠬᠡᠪᠡ᠃      ᠵᠧᠦ ᠸᠧ ᠮᠢᠨ ᠠᠴᠠ ᠴᠢᠬᠤᠯᠠᠴᠢᠯᠠᠭᠰᠠᠨ ᠨᠢ᠂ ᠥᠷᠭᠡᠨ ᠤᠯᠠᠨ ᠳᠠᠷᠤᠭ᠎ᠠ ᠪᠠᠶᠢᠯᠳᠤᠭᠴᠢᠳ ᠠᠴᠠ ᠠᠷᠠᠳ  ᠤᠨ  ᠴᠡᠷᠢᠭ ᠠᠩᠭᠢ ᠶᠢᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠬᠡᠪ ᠰᠤᠷᠲᠠᠯ ᠢᠶᠠᠨ ᠦᠷᠭᠦᠯᠵᠢᠯᠡᠨ ᠪᠠᠳᠠᠷᠠᠭᠤᠯᠵᠤ᠂ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠶᠢᠨ ᠬᠠᠮᠲᠤ᠂ ᠥᠩᠭᠡᠷᠡᠭᠰᠡᠨ ᠲᠠᠢ ᠪᠠᠨ ᠠᠳᠠᠯᠢ ᠪᠠᠷ ᠣᠷᠣᠨ ᠨᠤᠲᠤᠭ ᠤᠨ ᠪᠦᠳᠦᠭᠡᠨ ᠪᠠᠶᠢᠭᠤᠯᠤᠯᠲᠠ ᠳᠤ  ᠳᠡᠮᠵᠢᠬᠦ ᠪᠠ ᠣᠷᠣᠯᠴᠠᠵᠤ᠂ ᠴᠡᠷᠢᠭ ᠠᠩᠬᠢ ᠪᠠ ᠣᠷᠣᠨ ᠨᠤᠲᠤᠭ ᠤᠨ ᠠᠭᠤᠰᠤᠯᠴᠠᠨ ᠬᠥᠭᠵᠢᠬᠦ ᠶᠢ ᠬᠠᠮᠲᠤ ᠪᠠᠷ ᠠᠬᠢᠭᠤᠯᠬᠤ ᠶᠢ ᠬᠦᠰᠡᠵᠦ ᠪᠠᠶᠢᠨ᠎ᠠ᠃ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠢᠨ ᠠᠴᠠ ᠤᠯᠤᠰ ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠭᠢ ᠶᠢᠨ ᠪᠥᠲᠥᠭᠡᠨ ᠪᠠᠶᠢᠭᠤᠯᠤᠯᠲᠠ ᠶᠢ ᠤᠯᠠᠮ ᠬᠠᠯᠠᠮᠵᠢᠯᠠᠨ ᠳᠡᠮᠵᠢᠵᠦ᠂ ᠴᠡᠷᠢᠭ ᠢᠶᠠᠨ ᠬᠦᠷᠢᠶᠡᠯᠡᠨ ᠬᠡᠷ ᠪᠦᠯᠢ ᠶᠢ ᠨᠢ ᠬᠠᠷᠠᠭᠠᠯᠵᠠᠬᠤ ᠠᠵᠢᠯ ᠢ ᠰᠠᠶᠢᠲᠤᠷ ᠬᠢᠵᠦ᠂ ᠥᠷᠭᠡᠨ ᠣᠯᠠᠨ ᠳᠠᠷᠤᠭ᠎ᠠ ᠪᠠᠶᠢᠯᠳᠤᠭᠴᠢ ᠳᠤ ᠢᠳᠡᠪᠬᠢᠲᠡᠶ ᠪᠠᠷ ᠬᠦᠴᠢᠷ ᠠᠰᠠᠭᠤᠳᠠᠯ ᠢ ᠨᠢ ᠰᠢᠶᠳᠪᠦᠷᠢᠯᠡᠨ ᠥᠭᠴᠦ᠂ ᠪᠣᠳᠠᠲᠠᠶ ᠠᠵᠢᠯ ᠬᠢᠵᠦ᠂ ᠰᠠᠶᠢᠨ ᠶᠠᠪᠤᠳᠠᠯ ᠬᠢᠵᠦ ᠥᠭᠬᠦ ᠬᠡᠷᠡᠭᠲᠡᠶ ᠭᠡᠪᠡ᠃ ᠳᠠᠷᠤᠭ᠎ᠠ ᠪᠠᠶᠢᠯᠳᠤᠭᠴᠢᠳ ᠠᠴᠠ᠂ ᠲᠤᠰ ᠪᠡᠶ᠎ᠡ ᠶᠢᠨ ᠳᠠᠪᠠᠭᠤᠯᠢᠭ ᠢᠶᠠᠨ ᠤᠯᠠᠮ ᠴᠢᠨᠠᠭᠰᠢᠳᠠ ᠪᠠᠳᠠᠷᠠᠭᠤᠯᠵᠤ᠂ ᠴᠡᠷᠢᠭ ᠠᠩᠬᠢ ᠪᠠ ᠣᠷᠣᠨ ᠨᠤᠲᠤᠭ ᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠴᠡᠴᠡᠭᠯᠡᠨ ᠬᠥᠭᠵᠢᠭᠰᠡᠨ᠂ ᠡᠶ᠎ᠡ ᠵᠣᠬᠢᠴᠠᠩᠭᠤᠢ᠂ ᠲᠣᠭᠲᠠᠭᠤᠨ ᠬᠢᠯᠢ ᠬᠢᠵᠠᠭᠠᠷ ᠣᠷᠣᠨ ᠢ ᠪᠦᠲᠦᠭᠡᠨ ᠪᠠᠶᠢᠭᠤᠯᠬᠤ ᠳᠤ ᠨᠡᠩ ᠶᠡᠭᠡ ᠬᠦᠴᠦᠨ ᠴᠢᠳᠠᠯ ᠢᠶᠠᠨ ᠡᠷᠭᠦᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号