ᠰᠠᠮᠠᠢ ᠰᠤᠮᠤ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠦᠷᠢ ᠶᠢᠨ ᠮᠦᠷᠦᠶᠢᠴᠡᠭᠡᠨ  ᠢᠶᠠᠷ ᠣᠳᠣᠳ ᠲᠡᠰ ᠰᠢᠯᠭᠠᠷᠠᠭᠤᠯᠬᠤ︾ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2022/8/5
      ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠬᠠᠮᠢᠶ᠎ᠠ ᠪᠥᠬᠦᠶ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠭᠠᠴᠠᠭ᠎ᠠ ᠲᠣᠰᠬᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠠᠵᠢᠯ ᠬᠢᠵᠦ ᠦᠶᠯᠡᠰ ᠪᠤᠰᠬᠠᠬᠤ ᠠᠵᠢᠯ ᠤᠨ ᠲᠠᠪᠴᠠᠩ ᠢ ᠪᠠᠶᠢᠭᠤᠯᠵᠤ᠂ ᠡᠯ᠎ᠡ ᠭᠠᠴᠠᠭ᠎ᠠ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠬᠤ᠂ ᠪᠣᠳᠠᠲᠠᠶ ᠠᠵᠢᠯᠯᠠᠬᠤ ᠵᠣᠷᠢᠭ ᠰᠠᠨᠠᠭ᠎ᠠ ᠶᠢ ᠪᠦᠲᠦᠮᠵᠢᠲᠡᠶ ᠬᠥᠭᠵᠢᠭᠡᠵᠦ᠂ ︽ᠠᠳᠠᠯᠢᠳᠬᠠᠵᠤ ᠪᠠᠶᠢᠭᠠᠳ ᠵᠥᠷᠢᠶ᠎ᠡ ᠪᠠᠨ ᠡᠷᠢᠬᠦ︾᠂ ᠲᠡᠷᠢᠭᠦᠨ ᠤ ᠬᠢ ᠪᠣᠯᠬᠤ ᠪᠠᠷ ᠴᠢᠷᠮᠠᠶᠢᠵᠤ ᠰᠢᠯᠢᠳᠡᠭ ᠢ ᠡᠭᠦᠳᠬᠦ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢᠨ ᠲᠥᠯᠥᠭᠡ᠂ 7 ᠰᠠᠷ᠎ᠠ ᠶᠢᠨ 25 ᠤ ᠡᠳᠦᠷ᠂ ᠰᠡᠮᠠᠢ ᠰᠣᠮᠣ ᠨᠢ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠴᠢᠳᠠᠪᠦᠷᠢ ᠶᠢᠨ ᠮᠦᠷᠦᠶᠢᠴᠡᠭᠡᠨ ᠢᠶᠠᠷ ᠣᠳᠣᠳ ᠲᠡᠰ ᠰᠢᠯᠭᠠᠷᠠᠭᠤᠯᠬᠤ︾ ᠠᠵᠢᠯᠯᠠᠭ᠎ᠠ ᠥᠷᠨᠢᠭᠦᠯᠵᠦ᠂ ᠰᠤᠮᠤᠨ ᠤ ᠨᠠᠮ ᠵᠠᠰᠠᠭ ᠤᠨ ᠤᠳᠤᠷᠢᠳᠬᠤ ᠪᠠᠭ ᠤᠨ ᠭᠡᠰᠢᠭᠦᠳ᠂ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ᠂ ︽ᠬᠤᠶᠠᠷ ᠵᠥᠪᠯᠡᠯ︾ ᠤᠨ ᠭᠡᠰᠢᠭᠦᠳ᠂ ᠰᠣᠮᠣᠨ ᠤ ᠺᠠᠳ᠋ᠷ ᠠᠵᠢᠯᠳᠠᠨ  ᠠᠵᠢᠯᠯᠠᠭ᠎ᠠ  ᠳᠤ ᠣᠷᠣᠯᠴᠠᠪᠠ᠃      ᠰᠦᠷ ᠵᠢᠪᠬᠤᠯᠠᠩᠲᠠᠢ ᠤᠯᠤᠰ ᠤᠨ ᠰᠦᠯᠳᠡ ᠳᠠᠭᠤᠤ ᠶᠢᠨ ᠳᠤᠮᠳᠠ ︽ᠴᠢᠳᠠᠪᠦᠷᠢ ᠶᠢᠨ ᠮᠦᠷᠦᠶᠢᠴᠡᠭᠡᠨ ᠢᠶᠠᠷ ᠣᠳᠣᠳ ᠲᠡᠰ ᠰᠢᠯᠭᠠᠷᠠᠭᠤᠯᠬᠤ︾ ᠠᠵᠢᠯᠯᠠᠭ᠎ᠠ ᠵᠢᠩᠬᠢᠨᠢ ᠪᠠᠷ ᠡᠬᠢᠯᠡᠪᠡ᠃      ᠬᠢᠭᠰᠡᠨ ᠢᠶᠠᠨ ᠳᠡᠯᠭᠡᠵᠦ᠂ ᠬᠢᠷᠢ ᠪᠦᠲᠦᠮᠵᠢ ᠪᠠᠨ ᠠᠳᠠᠯᠢᠳᠬᠠᠵᠤ᠂ ᠲᠣᠭᠤᠷᠢᠨ ᠦᠵᠡᠵᠦ ᠬᠠᠷᠠᠭ᠎ᠠ ᠪᠠᠨ ᠨᠡᠭᠡᠭᠡᠪᠡ      ᠠᠵᠢᠯᠯᠠᠭ᠎ᠠ ᠳᠤ ᠣᠷᠣᠯᠴᠠᠭᠰᠠᠳ ᠡᠯ᠎ᠡ  ᠭᠠᠴᠠᠭᠠᠨ ᠤ ᠰᠠᠭᠤᠷᠢᠨ ᠭᠠᠵᠠᠷ ᠲᠤ ᠬᠦᠷᠴᠦ ᠲᠣᠭᠤᠷᠢᠨ ᠦᠵᠡᠭᠰᠡᠨ ᠪᠥᠭᠡᠳ ᠡᠯ᠎ᠡ ᠭᠠᠴᠠᠭᠠᠨ ᠤ ᠨᠠᠮ ᠤᠨ ᠡᠭᠦᠷ ᠤᠨ ᠳᠠᠩᠰᠠ ᠡᠪᠬᠡᠮᠡᠯ ᠤᠨ ᠮᠠᠲ᠋ᠧᠷᠢᠶᠠᠯ ᠢ ᠨᠠᠷᠢᠨ ᠪᠠᠶᠢᠴᠠᠭᠠᠨ ᠦᠵᠡᠪᠡ᠃ ᠠᠵᠤ ᠦᠶᠯᠡᠰ ᠤᠨ ᠬᠥᠭᠵᠢᠯᠲᠡ ᠶᠢᠨ ᠵᠠᠭᠪᠤᠷ ᠰᠢᠯᠢᠳᠡᠭ᠂ ᠰᠠᠭᠤᠷᠢᠨ ᠭᠠᠵᠠᠷ ᠤᠨ ᠦᠶᠯᠡᠴᠢᠯᠡᠭᠡᠨ ᠤ ᠴᠢᠳᠠᠮᠵᠢ ᠰᠠᠶᠢᠨ᠂ ᠬᠠᠮᠲᠤ ᠶᠢᠨ ᠠᠵᠤ ᠠᠬᠤᠶ ᠶᠢᠨ ᠦᠷ᠎ᠡ ᠠᠰᠢᠭ ᠦᠨᠳᠦᠷ᠂ ᠦᠨᠳᠦᠰᠦᠨ ᠱᠠᠲᠤᠨ ᠤ ᠵᠠᠰᠠᠬᠤ ᠠᠷᠭ᠎ᠠ ᠰᠢᠨ᠎ᠡ ᠵᠡᠷᠭᠡ ᠪᠠᠷᠢᠮᠵᠢᠶ᠎ᠠ ᠶᠣᠰᠣᠭᠠᠷ ᠲᠤᠬᠠᠶ ᠶᠢᠨ ᠲᠠᠯᠠᠪᠠᠶ ᠶᠢᠨ ᠰᠢᠯᠭᠠᠨ ᠦᠨᠡᠯᠡᠯᠲᠡ ᠬᠢᠪᠡ᠃ ᠣᠷᠣᠯᠴᠠᠭᠰᠠᠳ ᠵᠠᠮ ᠲᠤᠷᠰᠢ ᠲᠣᠭᠤᠷᠢᠨ ᠦᠵᠡᠵᠦ᠂ ᠵᠠᠮ ᠲᠤᠷᠰᠢ ᠵᠥᠪᠯᠡᠵᠦ᠂ ᠦᠷ᠎ᠡ ᠪᠦᠲᠦᠮᠵᠢ ᠶᠢ ᠰᠠᠶᠢᠲᠤᠷ ᠣᠶᠢᠯᠠᠭᠠᠵᠤ᠂ ᠰᠠᠶᠢᠨ ᠲᠤᠷᠰᠢᠯᠭ᠎ᠠ ᠪᠠᠨ ᠰᠣᠯᠢᠯᠴᠠᠵᠤ᠂ ᠰᠠᠶᠢᠨ ᠠᠷᠭ᠎ᠠ ᠬᠢᠳᠡᠯ ᠢᠶᠠᠷ ᠲᠤᠯᠢ ᠪᠣᠯᠭᠠᠵᠤ᠂ ᠡᠭᠦᠨ ᠤ ᠤᠯᠠᠮ ᠢᠶᠠᠷ ᠰᠢᠯᠢᠳᠡᠭ ᠠᠴᠠ ᠲᠠᠭᠠᠨ ᠰᠤᠷᠤᠯᠴᠠᠵᠤ᠂ ᠵᠥᠷᠢᠶ᠎ᠡ ᠪᠠᠨ ᠡᠷᠢᠵᠦ ᠳᠡᠭᠡᠭᠰᠢᠯᠡᠯᠲᠡ ᠶᠢ ᠠᠬᠢᠭᠤᠯᠬᠤ ᠰᠠᠶᠢᠨ ᠦᠷ᠎ᠡ ᠪᠦᠲᠦᠮᠵᠢ ᠳᠤ ᠭᠦᠷᠪᠡ᠃      ᠵᠣᠷᠢᠭᠲᠠᠢ ᠪᠠᠷ ᠣᠷᠣᠯᠳᠣᠵᠦ᠂ ᠡᠷᠴᠢ ᠵᠣᠷᠢᠭ ᠢᠶᠠᠨ ᠠᠳᠠᠯᠢᠳᠬᠠᠵᠤ᠂ ᠲᠤᠰᠢᠶᠠᠯ ᠤᠨ ᠮᠡᠳᠡᠬᠦᠯᠦᠯᠲᠠ ᠬᠢᠵᠦ ᠴᠤᠭ ᠵᠢᠪᠬᠤᠭ᠎ᠠ ᠪᠠᠨ ᠢᠯᠡᠷᠡᠭᠦᠯᠪᠡ      ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠨᠢ ᠲᠤᠬᠠᠶ ᠶᠢᠨ ᠲᠠᠯᠠᠪᠠᠢ ᠳᠤ PPT ᠪᠠᠷ ᠮᠡᠳᠡᠬᠦᠯᠦᠯᠳᠠ ᠬᠢᠬᠦ ᠬᠡᠯᠪᠡᠷᠢ ᠪᠠᠷ᠂ ᠳᠦᠬᠦᠮ ᠣᠶᠢᠯᠠᠭᠠᠮᠵᠢᠲᠠᠢ ᠦᠭᠡ ᠭᠡᠯᠡ ᠪᠠᠷ ᠨᠠᠮ ᠤᠨ ᠡᠭᠦᠷ ᠤᠨ ᠪᠠᠶᠢᠭᠤᠯᠤᠯᠲᠠ᠂ ᠨᠠᠮ ᠤᠨ ᠭᠡᠰᠢᠭᠦᠨ ᠤ ᠡᠩᠨᠡᠭᠡ ᠶᠢ ᠪᠠᠶᠢᠭᠤᠯᠣᠯᠲᠠ᠂ ᠭᠠᠴᠠᠭᠠᠨ ᠤ ︽ᠬᠤᠶᠠᠷ ᠵᠥᠪᠯᠡᠯ︾ ᠤᠨ ᠪᠠᠭ ᠤᠨ ᠪᠠᠶᠢᠭᠤᠯᠣᠯᠲᠠ᠂ ᠭᠠᠴᠠᠭᠠᠨ ᠤ ᠬᠠᠮᠲᠤ ᠶᠢᠨ ᠠᠵᠤ ᠠᠬᠤᠶ ᠶᠢ ᠬᠥᠭᠵᠢᠭᠦᠯᠦᠨ ᠪᠣᠵᠠᠭᠠᠶᠢᠷᠠᠭᠤᠯᠬᠤ᠂᠂ ᠭᠤᠤᠯᠳᠠᠯᠭ᠎ᠠ ᠲᠠᠢ ᠡᠭᠦᠷᠭᠡ ᠶᠢ ᠠᠬᠢᠭᠤᠯᠤᠨ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠤᠨ ᠲᠣᠭᠤᠷᠢᠨ ᠳᠤ ︽ᠬᠠᠷᠢᠭᠤᠯᠲᠠ ᠶᠢᠨ ᠬᠠᠭᠤᠳᠠᠰᠤ︾ ᠳᠣᠰᠢᠶᠠᠵᠦ᠂ ᠲᠤᠷᠰᠢᠯᠭ᠎ᠠ ᠪᠠᠨ ᠰᠣᠯᠢᠯᠴᠠᠵᠦ᠂ ᠰᠡᠳᠬᠢᠴᠡ ᠪᠠᠨ ᠳᠡᠯᠭᠡᠨ ᠦᠵᠡᠬᠦᠯᠦᠨ᠂ ᠰᠢᠨ᠎ᠡ ᠪᠠᠶᠢᠳᠠᠯ ᠳᠣᠤᠷᠠᠬᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠭᠰᠡᠨ ᠠᠵᠢᠯ ᠤᠨ ᠪᠣᠳᠠᠲᠤ ᠠᠮᠵᠢᠯᠲᠠ ᠶᠢ ᠭᠦᠨᠵᠡᠭᠡᠶ ᠢᠯᠡᠷᠡᠬᠦᠯᠵᠦ᠂ ᠭᠠᠴᠠᠭᠠᠨ ᠤ ᠬᠥᠭᠵᠢᠯᠲᠡ ᠬᠤᠪᠢᠷᠠᠯᠲᠠ ᠶᠢ ᠪᠦᠬᠦ ᠲᠠᠯ᠎ᠠ ᠪᠠᠷ ᠨᠠᠷᠢᠯᠢᠭ ᠦᠵᠡᠬᠦᠯᠦᠨ᠂ ᠰᠢᠨ᠎ᠡ ᠴᠠᠭ ᠦᠶ᠎ᠡ ᠶᠢᠨ ᠦᠨᠳᠦᠰᠦᠨ ᠱᠠᠲᠤᠨ ᠤ ᠺᠠᠳ᠋ᠷ ᠤᠨ ᠰᠠᠶᠢᠨ ᠰᠠᠶᠢᠬᠠᠨ ᠳᠦᠷᠰᠦ ᠪᠠᠶᠢᠳᠠᠯ ᠢ ᠭᠦᠶᠴᠡᠳ ᠬᠠᠷᠠᠭᠤᠯᠵᠦ᠂ ᠲᠠᠯᠠᠪᠠᠢ ᠳᠤ ᠪᠠᠶᠭ᠎ᠠ ᠬᠥᠮᠦᠰ ᠤᠨ ᠬᠠᠯᠠᠭᠤᠨ ᠠᠯᠠᠭ᠎ᠠ ᠲᠡᠰᠢᠯᠲᠡ  ᠶᠢ ᠣᠯᠪᠠ᠃      ᠲᠡᠷᠢᠭᠦᠨ ᠤ ᠬᠢ ᠶᠢ ᠱᠠᠩᠨᠠᠵᠤ᠂ ᠦᠯᠢᠭᠡᠷ ᠳᠠᠭᠤᠷᠢᠶᠠᠯ ᠦᠵᠡᠬᠦᠯᠦᠨ ᠬᠠᠮᠲᠤ ᠪᠠᠷ ᠬᠥᠭᠵᠢᠬᠦ ᠬᠠᠷᠠᠯᠳᠠ ᠶᠢ ᠪᠠᠬᠢᠵᠢᠬᠦᠯᠪᠡ᠃      ᠰᠣᠮᠣᠨ ᠤ ᠤᠳᠤᠷᠢᠳᠬᠤ ᠪᠠᠭ ᠤᠨ ᠭᠡᠰᠢᠭᠦᠳ ᠰᠢᠯᠭᠠᠬᠤ ᠳᠣᠭᠤᠶᠢᠯᠠᠩ ᠪᠠᠶᠢᠭᠤᠯᠵᠤ᠂ ᠤᠷᠤᠯᠳᠤᠭᠠᠨ ᠳᠤ ᠣᠷᠣᠯᠴᠠᠭᠰᠠᠨ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠶᠢᠨ ᠲᠤᠰᠢᠶᠠᠯ ᠤᠨ ᠮᠡᠳᠡᠭᠦᠯᠦᠯᠲᠡ  ᠶᠢᠨ ᠥᠷᠢᠰᠥᠯᠳᠦᠭᠡᠨ ᠳᠤ ᠬᠤᠪᠢ ᠥᠭᠴᠦ᠂ ᠠᠳᠠᠯᠢᠳᠬᠠᠨ ᠰᠢᠯᠭᠠᠷᠠᠭᠤᠯᠬᠤ ᠶᠡᠷᠦᠩᠬᠡᠶ ᠬᠤᠪᠢ ᠶᠢ ᠵᠠᠭᠤᠨ ᠬᠤᠪᠢ  ᠶᠢᠨ ᠲᠦᠷᠢᠮ ᠢᠶᠠᠷ ᠪᠤᠳᠤᠵᠤ᠂ ᠲᠠᠩᠰᠠ ᠡᠪᠬᠡᠮᠡᠯ ᠢ ᠪᠠᠶᠢᠴᠠᠭᠠᠨ ᠦᠵᠡᠬᠦ᠂ ᠬᠠᠷᠢᠭᠤ ᠮᠡᠳᠡᠭᠦᠯᠦᠯᠲᠡ ᠶᠠᠷᠢᠶ᠎ᠠ ᠢᠯᠡᠳᠬᠡᠯ ᠬᠢᠬᠦ᠂ ᠲᠤᠬᠠᠶ ᠶᠢᠨ ᠲᠠᠯᠠᠪᠤᠷ ᠲᠤ ᠲᠣᠭᠤᠷᠢᠨ ᠦᠵᠡᠬᠦ ᠭᠤᠷᠪᠠᠨ ᠭᠤᠭᠴᠣᠭᠠᠨ ᠤ ᠰᠢᠯᠭᠠᠷᠠᠭᠤᠯᠤᠯᠲᠠ  ᠶᠢᠨ ᠬᠤᠪᠢ ᠪᠠᠷ ᠶᠡᠷᠦᠩᠬᠡᠶ ᠬᠤᠪᠢ ᠥᠭᠴᠦ᠂ ᠰᠢᠯᠭᠠᠷᠠᠭᠤᠯᠣᠯᠲᠠ ᠪᠠᠷ ᠳᠠᠮᠵᠢᠨ ᠪᠠᠶᠠᠬᠤᠪᠣᠭ᠎ᠠ ᠭᠠᠴᠠᠭᠠᠨ ᠤ ᠨᠠᠮ  ᠤᠨ ᠡᠭᠦᠷ ᠤᠨ ᠱᠦᠵᠢ ᠨᠢᠭᠡᠳᠣᠭᠡᠷ ᠲᠡᠰ ᠲᠤ ᠣᠷᠣᠵᠦ᠂ ᠪᠠᠶᠠᠠᠬᠦ᠋ᠭᠡᠪᠦᠷ ᠭᠠᠴᠠᠭᠠᠨ ᠤ ᠨᠠᠮ ᠤᠨ ᠡᠭᠦᠷ ᠤᠨ ᠱᠦᠵᠢ ᠬᠤᠶᠠᠳᠣᠭᠠᠷ ᠲᠡᠰ ᠲᠤ ᠳᠣᠳᠣᠷᠠᠵᠦ᠂ ᠲᠠᠷᠭᠤᠬᠤᠪᠣᠭ᠎ᠠ ᠭᠠᠴᠠᠭ᠎ᠠ᠂ ᠳᠣᠰᠣᠠᠪᠣᠯᠠᠭ ᠭᠠᠴᠠᠭ᠎ᠠ᠂ ᠵᠢᠷᠠᠠᠪᠣᠯᠠᠭ ᠭᠠᠴᠠᠭ᠎ᠠ᠂ ᠭᠦᠭᠡᠷᠴᠡᠭ ᠭᠠᠴᠠᠭ᠎ᠠ᠂ ᠮᠠᠠᠳᠠᠯᠳᠦ ᠭᠠᠴᠠᠭ᠎ᠠ‌‍ᠰᠢᠯᠢᠳᠡᠭ ᠲᠡᠰ ᠲᠤ ᠳᠣᠳᠣᠷᠠᠪᠠ᠃      ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ᠨᠠᠷ ᠢᠯᠡᠷᠬᠡᠶᠢᠯᠡᠬᠦ ᠳᠡᠭᠡᠨ᠂ ︽ᠴᠢᠳᠠᠪᠦᠷᠢ ᠶᠢᠨ ᠮᠦᠷᠦᠶᠢᠴᠡᠭᠡᠨ ᠢᠶᠠᠷ ᠣᠳᠣᠳ ᠲᠡᠰ ᠰᠢᠯᠭᠠᠷᠠᠭᠤᠯᠬᠤ︾ ᠪᠠᠷ ᠳᠡᠮᠵᠢᠨ ᠠᠮᠵᠢᠯᠲᠠ ᠶᠢᠨ ᠲᠥᠷᠥᠭᠳᠡᠯ᠂ ᠣᠯᠤᠯᠲᠠ  ᠶᠢᠨ ᠲᠥᠷᠥᠭᠳᠡᠯ ᠢ ᠠᠳᠠᠯᠢᠳᠬᠠᠨ ᠭᠠᠷᠭᠠᠵᠤ᠂ ᠲᠣᠰ ᠤᠳᠠᠭᠠᠨ ᠤ ᠠᠵᠢᠯᠯᠠᠭ᠎ᠠ ᠪᠠᠷ ᠰᠢᠨ᠎ᠡ ᠡᠬᠢᠯᠡᠯᠲᠡ ᠶᠢᠨ ᠴᠡᠭ ᠪᠣᠯᠭᠠᠵᠤ᠂ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠠᠵᠢᠯ ᠤᠨ ᠰᠡᠳᠬᠢᠮᠵᠢ ᠶᠢ ᠣᠯᠠᠮ ᠴᠢᠨᠠᠭᠰᠢᠲᠠ ᠨᠡᠭᠡᠭᠡᠵᠦ᠂ ᠰᠢᠨ᠎ᠡ ᠣᠶᠢᠯᠠᠭᠠᠭᠳᠠᠬᠤᠨ ᠰᠢᠨ᠎ᠡ ᠰᠡᠳᠬᠢᠴᠡ᠂ ᠨᠠᠩ ᠪᠣᠳᠠᠲᠠᠶ ᠠᠵᠢᠯ ᠤᠨ ᠠᠷᠭ᠎ᠠ ᠬᠡᠮᠵᠢᠶ᠎ᠡ᠂ ᠨᠠᠩ ᠴᠢᠩᠭ᠎ᠠ ᠠᠵᠢᠯ ᠤᠨ ᠡᠷᠴᠢᠮ ᠢᠶᠠᠷ ᠠᠵᠢᠯ ᠤᠨ ᠠᠮᠵᠢᠯᠲᠠ ᠪᠦᠲᠦᠮᠵᠢ ᠶᠢ ᠳᠠᠬᠢᠨ ᠰᠢᠨ᠎ᠡ ᠲᠡᠭᠳᠡᠷ ᠭᠠᠷᠭᠠᠨ᠎ᠠ ᠭᠡᠵᠦ ᠵᠣᠷᠢᠭ ᠢᠶᠠᠨ ᠢᠯᠡᠳᠬᠡᠪᠡ᠃      ᠲᠣᠰ ᠤᠳᠠᠭᠠᠨ ᠤ ᠠᠵᠢᠯᠯᠠᠭ᠎ᠠ ᠳᠤ ᠡᠯ᠎ᠡ ᠭᠠᠴᠠᠭᠠᠨ ᠤ ᠨᠠᠮ ᠤᠨ ᠡᠭᠦᠷ ᠤᠨ ᠱᠦᠵᠢ ︽ᠴᠢᠳᠠᠪᠦᠷᠢ ᠶᠢᠨ ᠮᠦᠷᠦᠶᠢᠴᠡᠭᠡᠨ ᠢᠶᠠᠷ ᠣᠳᠣᠳ ᠲᠡᠰ ᠰᠢᠯᠭᠠᠷᠠᠭᠤᠯᠬᠤ︾ ᠳᠤᠮᠳᠠ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ  ᠶᠢᠨ ᠳᠠᠶᠢᠴᠢᠨ ᠪᠠᠬᠢᠯᠡᠯᠲᠡ ᠶᠢᠨ ᠦᠶᠯᠡᠳᠦᠯ ᠪᠠ ᠲᠣᠰ ᠪᠡᠶ᠎ᠡ ᠶᠢᠨ ᠬᠤᠰᠢᠭᠤᠴᠢ ᠵᠢᠱᠢᠶᠡᠴᠢ ᠶᠢᠨ ᠦᠶᠯᠡᠳᠦᠯ ᠢᠶᠠᠨ ᠭᠦᠶᠴᠡᠳ ᠢᠯᠡᠷᠡᠭᠦᠯᠵᠦ᠂ ᠳᠣᠰ ᠳᠣᠰ ᠤᠨ ᠳᠠᠪᠠᠭᠤᠯᠢᠭ ᠪᠠ ᠬᠢᠯᠠᠰ ᠴᠡᠭ ᠢᠶᠠᠨ ᠢᠯᠡᠷᠡᠬᠦᠯᠪᠡ᠃ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠨᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠨᠢᠭᠡᠳᠦᠭᠡᠷ ᠬᠠᠷᠢᠭᠤᠴᠠᠯᠭᠠᠲᠠᠨ︾ ᠪᠣᠯᠬᠤ ᠶᠢ ᠤᠯᠠᠮ ᠨᠢᠭᠡ ᠠᠯᠬᠤᠮ ᠳᠣᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠬᠠᠮᠲᠤ ᠠᠳᠠᠯᠢᠳᠬᠠᠬᠤ ᠪᠠᠷ ᠰᠤᠷᠤᠯᠴᠠᠬᠤ ᠶᠢ ᠠᠬᠢᠭᠤᠯᠵᠤ᠂ ᠠᠳᠠᠯᠢᠳᠬᠠᠬᠤ ᠪᠠᠷ ᠠᠵᠢᠯ ᠢ ᠠᠬᠢᠭᠤᠯᠵᠤ᠂ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠᠬᠢ ᠬᠥᠲᠥᠯᠥᠨ ᠳᠠᠭᠠᠭᠤᠯᠬᠤ ᠦᠶᠯᠡᠳᠦᠯ ᠢ ᠭᠦᠶᠴᠡᠳ ᠪᠠᠳᠠᠷᠠᠭᠤᠯᠵᠤ᠂ ᠨᠢᠭᠡ ᠪᠦᠯᠦᠭ ᠬᠢᠵᠦ ᠴᠢᠳᠠᠬᠤ᠂ ᠬᠡᠯᠡᠵᠦ ᠴᠢᠳᠠᠬᠤ᠂ ᠳᠡᠯᠭᠡᠨ ᠦᠵᠡᠭᠦᠯᠵᠦ ᠴᠢᠳᠠᠬᠤ᠂ ᠵᠣᠷᠢᠭᠲᠠᠶ ᠪᠠᠷ ᠡᠭᠦᠷᠭᠡᠯᠡᠵᠦ ᠴᠢᠳᠠᠬᠤ ᠰᠢᠨ᠎ᠡ ᠴᠠᠭ ᠦᠶ᠎ᠡ  ᠶᠢᠨ ᠭᠠᠴᠠᠭᠠᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠩᠨᠡᠭᠡ ᠶᠢ ᠪᠠᠶᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠡᠩᠨᠡᠭᠡ ᠬᠢᠭᠡᠳ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠣᠷᠭᠠᠨᠢᠭ ᠠᠭᠤᠰᠤᠯᠴᠠᠯ ᠢ  ᠦᠨᠡᠨᠬᠦ ᠠᠬᠢᠭᠤᠯᠪᠠ᠃      ᠮᠠᠨ ᠤ ᠰᠤᠮᠤ ᠨᠢ ᠲᠤᠰ ᠤᠳᠠᠭᠠᠨ ᠤ ᠠᠵᠢᠯᠯᠠᠭ᠎ᠠ ᠪᠠᠷ ᠲᠣᠬᠢᠶᠠᠯ ᠪᠣᠯᠭᠠᠵᠤ᠂ ᠦᠷᠭᠦᠯᠵᠢᠯᠡᠬᠦ᠂ ᠴᠢᠨᠠᠷ ᠰᠠᠶᠢᠲᠠᠢ᠂ ᠰᠢᠨ᠎ᠡ ᠶᠢ ᠡᠭᠦᠳᠬᠦ ᠠᠷᠭ᠎ᠠ ᠪᠠᠷᠢᠯ ᠢᠶᠠᠷ ᠨᠠᠮ ᠤᠨ ᠪᠠᠶᠢᠭᠤᠯᠤᠯᠲᠠ ᠶᠢ ᠠᠳᠬᠤᠵᠤ ᠬᠥᠳᠡᠭᠡ ᠲᠣᠰᠬᠤᠨ  ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠰᠢᠯᠢᠳᠡᠭ ᠬᠢᠷᠢ ᠪᠦᠲᠦᠮᠵᠢ ᠪᠠᠷ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠣᠭᠳᠣᠨ᠎ᠠ︕
 
ᠢᠷᠡᠯᠲᠡ᠄ ᠰᠠᠮᠠᠢ ᠰᠣᠮᠣ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号