ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠵᠡᠭᠦᠨ ᠬᠠᠲᠠᠪᠴᠢ ᠬᠢᠯᠢ ᠶᠢᠨ ᠪᠣᠭᠤᠮᠲᠠ ᠵᠢᠴᠢ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠨ ᠠᠵᠢᠯ ᠪᠠᠶᠢᠴᠠᠭᠠᠨ ᠰᠣᠳᠣᠯᠵᠦ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2022/8/8
      7 ᠰᠠᠷ᠎ᠠ ᠶᠢᠨ 27 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠵᠡᠭᠦᠨ ᠬᠠᠲᠠᠪᠴᠢ ᠬᠢᠯᠢ ᠶᠢᠨ ᠪᠣᠭᠤᠮᠲᠠ ᠪᠣᠯᠣᠨ ᠤᠯᠢᠶᠠᠰᠤᠲᠠᠢ ᠪᠠᠯᠭᠠᠰᠤᠨ ᠳᠤ ᠭᠦᠨᠵᠡᠭᠡᠶᠢᠷᠡᠵᠦ᠂ ᠬᠢᠯᠢ ᠶᠢᠨ ᠪᠣᠭᠤᠮᠲᠠ ᠶᠢᠨ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ   ᠤᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃      ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶᠠᠨ ᠤ ᠱᠦᠵᠢ ᠪᠦᠬᠡ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠬᠤᠩ ᠶᠠᠨ᠂ ᠳᠡᠳ᠋ ᠬᠤᠰᠢᠭᠤ ᠳᠠᠷᠤᠭ᠎ᠠ ᠶᠣᠣ ᠬᠠᠶ ᠰᠢᠶᠠ᠂ ᠠᠯᠲᠠᠨᠪᠠᠭᠠᠨ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠬᠠᠮᠲᠦ ᠪᠠᠶᠢᠴᠠᠭᠠᠨ ᠰᠤᠳᠤᠯᠤᠯᠲᠠ ᠬᠢᠪᠡ  ᠃      ᠵᠡᠭᠦᠨ ᠬᠠᠲᠠᠪᠴᠢ ᠬᠢᠯᠢ ᠶᠢᠨ ᠪᠣᠭᠤᠮᠲᠠ᠂ ᠤᠯᠢᠶᠠᠰᠣᠲᠠᠢ ᠪᠠᠯᠭᠠᠰᠤ ᠶᠢᠨ ᠬᠤᠰᠢᠭᠤᠨ ᠠᠴᠠ ᠭᠠᠷᠬᠤ  ᠵᠠᠮ ᠤᠨ ᠡᠮᠦᠨ᠎ᠡ ᠬᠡᠰᠡᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠴᠠᠭᠠᠬᠤ ᠥᠷᠲᠡᠭᠡ᠂ ᠴᠢᠩᠭᠡᠯᠢᠭ ᠡᠮᠨᠡᠯᠭᠡ ᠶᠢᠨ ᠬᠤᠷᠢᠶ᠎ᠠ᠂ ᠲᠤᠰᠠᠭᠠᠷᠯᠠᠬᠤ ᠲᠠᠯᠠᠪᠤᠷ ᠲᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠢᠩᠭᠠᠨ ᠠᠵᠢᠯ  ᠤᠨ ᠠᠬᠢᠴᠠ ᠶᠢᠨ ᠪᠠᠶᠢᠳᠠᠯ ᠢ ᠨᠠᠷᠢᠨ ᠠᠰᠠᠭᠤᠵᠤ᠂ ᠣᠳᠣᠬᠠᠨ ᠤ ᠭᠤᠤᠯᠳᠠᠯᠭ᠎ᠠ ᠲᠠᠢ ᠬᠦᠴᠢᠷ ᠠᠰᠠᠭᠤᠳᠠᠯ ᠢ ᠲᠤᠬᠠᠶ ᠶᠢᠨ ᠲᠠᠯᠠᠪᠠᠶ ᠳᠤ ᠰᠤᠳᠤᠯᠤᠨ ᠰᠢᠶᠳᠪᠦᠷᠢᠯᠡᠪᠡ  ᠃ ᠲᠡᠷᠡ ᠴᠢᠬᠤᠯᠠᠴᠢᠯᠠᠬᠤ ᠳᠠᠭᠠᠨ᠂ ᠬᠢᠯᠢ ᠶᠢᠨ ᠪᠣᠭᠤᠮᠲᠠ  ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠨᠢᠭᠲᠠ ᠴᠢᠩᠭ᠎ᠠ ᠰᠡᠷᠭᠡᠶᠢᠯᠡᠯᠲᠡ ᠶᠢᠨ ᠱᠤᠭᠤᠮ ᠢ ᠪᠥᠬᠦ ᠬᠦᠴᠦᠨ ᠢᠶᠠᠷ ᠢᠶᠠᠨ ᠪᠠᠬᠢᠵᠢᠭᠦᠯᠵᠦ᠂ ︿︿ᠭᠠᠳᠠᠨ᠎ᠠ ᠠᠴᠠ ᠬᠠᠯᠳᠠᠪᠤᠷᠢᠯᠠᠨ ᠣᠷᠣᠵᠤ ᠢᠷᠡᠬᠦ ᠶᠢ ᠰᠡᠷᠭᠡᠶᠢᠯᠡᠬᠦ﹀﹀ ᠪᠣᠭᠤᠮᠲᠠ ᠶᠢ ᠴᠢᠩᠭ᠎ᠠ ᠰᠠᠬᠢᠵᠤ᠂ ᠡᠯ᠎ᠡ ᠵᠦᠶᠯ ᠤᠨ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ᠂ ᠬᠠᠮᠢᠶ᠎ᠠ ᠪᠥᠬᠦᠶ ᠪᠡᠯᠡᠳᠬᠡᠯ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠨ ᠰᠢᠶᠳᠪᠦᠷᠢᠯᠡᠬᠦ ᠴᠢᠳᠠᠪᠤᠷᠢ ᠪᠠᠨ ᠲᠠᠰᠤᠷᠠᠯᠲᠠ ᠥᠬᠡᠶ ᠳᠡᠭᠡᠭᠰᠢᠯᠡᠭᠦᠯᠦᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠰᠠᠨᠠᠭᠠᠴᠢᠯᠠᠭᠠᠲᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠶ ᠭᠡᠵᠡᠢ  ᠃      ᠦᠵᠦᠮᠦᠴᠢᠨ ᠬᠤᠨᠢᠨ ᠤ ᠤᠭ ᠡᠭᠦᠯᠳᠡᠷ ᠤᠨ ᠲᠠᠯᠠᠪᠠᠶ ᠪᠣᠯᠤᠨ ᠡᠩᠬᠡᠵᠢᠷᠭᠠᠯᠠᠩ ᠭᠠᠴᠠᠭᠠᠨ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠢᠩᠭᠠᠨ ᠴᠢᠬᠤᠯᠠᠴᠢᠯᠠᠭᠰᠠᠨ ᠨᠢ᠂ ᠡᠩᠬᠡᠵᠢᠷᠭᠠᠯᠠᠩ ᠭᠠᠴᠠᠭ᠎ᠠ ᠪᠣᠯ ᠪᠥᠬᠦ ᠠᠶᠢᠮᠠᠭ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠢᠱᠢᠶ᠎ᠡ ᠦᠵᠡᠭᠦᠯᠬᠦ ᠭᠠᠴᠠᠭ᠎ᠠ ᠪᠣᠯᠤᠨ᠎ᠠ᠂ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠪᠠ ᠣᠯᠠᠨ ᠲᠦᠮᠡᠨ ᠤ ᠠᠵᠢᠯ ᠶᠠᠪᠤᠳᠠᠯ ᠭᠦᠶᠴᠡᠳᠬᠡᠬᠦ ᠳᠤ ᠲᠥᠬᠦᠮ ᠦᠵᠡᠭᠦᠯᠬᠦ ᠪᠠᠷ ᠬᠠᠷᠠᠯᠲᠠ ᠪᠣᠯᠭᠠᠵᠤ᠂ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠲᠦᠷᠭᠡᠳᠬᠡᠨ᠂ ᠴᠠᠭ ᠬᠤᠭᠤᠴᠠᠭ᠎ᠠ ᠶᠣᠰᠣᠭᠠᠷ᠂ ᠨᠠᠮ  ᠪᠤᠯᠤᠨ‌ᠣᠯᠠᠨ ᠲᠦᠮᠡᠨ ᠤ ᠦᠶᠯᠡᠴᠢᠯᠡᠭᠡᠨ ᠤ ᠲᠥᠪ ᠤᠨ ᠲᠠᠰ ᠳᠡᠪᠰᠢᠭᠦᠯᠬᠦ ᠠᠵᠢᠯ ᠢ ᠲᠦᠷᠭᠡᠨ ᠪᠡᠶᠡᠯᠡᠭᠦᠯᠬᠦ ᠬᠡᠷᠡᠭᠲᠡᠶ  ᠃ ᠦᠵᠦᠮᠦᠴᠢᠨ ᠬᠤᠨᠢᠨ ᠤ ᠠᠵᠤ ᠦᠢᠯᠡᠰ ᠤᠨ ᠬᠥᠭᠵᠢᠯᠲᠡ ᠵᠢ‌ᠠᠬᠢᠭᠤᠯᠵᠤ᠂ ᠦᠵᠦᠮᠦᠴᠢᠨ ᠬᠤᠨᠢᠨ ᠤ  ᠤᠭ ᠡᠭᠦᠯᠳᠡᠷ ᠤᠨ ᠲᠠᠯᠠᠪᠠᠢ ᠶᠢᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠦᠵᠦᠮᠦᠴᠢᠨ ᠬᠤᠨᠢ ᠶᠢ ᠰᠣᠩᠭᠤᠨ ᠪᠣᠶᠢᠵᠢᠭᠤᠯᠬᠤ᠂ ᠦᠷᠡᠵᠢᠭᠦᠯᠦᠨ ᠪᠣᠶᠢᠵᠢᠭᠤᠯᠬᠤ ᠠᠵᠢᠯ ᠢ ᠰᠠᠶᠢᠲᠤᠷ ᠬᠢᠵᠦ᠂ ᠭᠠᠴᠠᠭᠠᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠡᠢ  ᠃      ᠮᠠᠨᠳᠤᠬᠤ ᠨᠡᠶᠢᠭᠡᠮ ᠲᠣᠭᠤᠷᠢᠭ᠂ ᠠᠶᠠᠨ ᠨᠠᠰᠣᠵᠢᠯ ᠤᠨ ᠠᠰᠠᠷᠠᠮᠵᠢ ᠶᠢᠨ ᠬᠦᠷᠢᠶᠡᠯᠡᠩ ᠳᠤ ᠪᠠᠶᠢᠴᠠᠭᠠᠨ ᠰᠤᠳᠤᠯᠤᠯᠲᠠ ᠬᠢᠬᠦ ᠳᠡᠭᠡᠨ᠂ ᠬᠢᠩᠭᠠᠨ ᠴᠢᠬᠤᠯᠠᠴᠢᠯᠠᠭᠰᠠᠨ ᠨᠢ᠂ ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ ᠪᠣᠯ ᠨᠢᠭᠡ ᠵᠦᠶᠯ ‍ᠦᠨ‌ᠠᠷᠠᠳ ‍ᠤᠨ‌ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ‍ᠦᠨ‌ᠢᠨᠵᠧᠨᠧᠷᠢᠩ ᠮᠥᠨ᠂ ᠨᠠᠷᠢᠨ ᠵᠦᠶᠯᠡᠰ ᠶᠠᠰᠤ ᠴᠢᠨᠠᠷ ᠢ ᠴᠢᠬᠤᠯᠠᠴᠢᠯᠠᠵᠤ᠂ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢ ᠴᠢᠩᠭᠠᠳᠬᠠᠵᠤ᠂ ᠦᠶᠯᠡᠴᠢᠯᠡᠭᠡᠨ ᠤ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂  ᠪᠦᠬᠦ ᠰᠡᠳᠬᠢᠯ   ᠪᠠᠷ ᠵᠶ᠋ᠠᠨ‌ᠨᠠᠰᠤᠲᠠᠶᠢᠴᠤᠳ ᠲᠤ ᠴᠢᠨᠠᠷ ᠰᠠᠶᠢᠲᠠᠶ ᠦᠶᠯᠡᠴᠢᠯᠡᠭᠡ ᠬᠠᠩᠭᠠᠬᠤ ᠬᠡᠷᠡᠭᠲᠡᠶ᠃ ᠪᠠᠶᠢᠷᠢᠰᠢᠭᠤᠯᠤᠯᠲᠠ ᠨᠢ ᠵᠦᠶ ᠵᠣᠬᠢᠰᠲᠠᠶ᠂ ᠴᠢᠳᠠᠮᠵᠢ ᠨᠢ ᠪᠦᠷᠢᠨ ᠲᠡᠭᠦᠯᠳᠡᠷ᠂ ᠨᠡᠭᠡᠭᠡᠯᠲᠡ ᠬᠢᠵᠦ ᠬᠠᠮᠲᠤ ᠪᠠᠷ ᠡᠳ᠋ᠯᠡᠬᠦ ᠨᠡᠶᠢᠭᠡᠮ ᠲᠣᠭᠤᠷᠢᠭ ᠤᠨ ᠥᠯᠢᠭᠡᠷ ᠬᠡᠪ ᠢ ᠪᠥᠬᠦ ᠬᠦᠴᠦᠨ ᠢᠶᠠᠷ ᠢᠶᠠᠨ ᠪᠣᠶ ᠪᠣᠯᠭᠠᠵᠤ᠂ ᠨᠡᠶᠢᠭᠡᠮ ᠲᠣᠭᠤᠷᠢᠭ ᠤᠨ ᠠᠷᠠᠳ ᠲᠦᠮᠡᠨ ᠳᠤ ᠦᠶᠯᠡᠴᠢᠯᠡᠬᠦ ᠴᠢᠳᠠᠮᠵᠢ ᠶᠢ ᠰᠠᠶᠢᠲᠤᠷ ᠪᠠᠳᠠᠷᠠᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ᠂  ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠡᠢ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号