ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠶᠯᠡᠳᠪᠦᠷᠢᠯᠡᠯ ᠪᠠ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠵᠢᠴᠢ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ 2022 ᠣᠨ ᠤ ᠵᠢᠷᠭᠤᠳᠣᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠬᠤᠷᠠᠯᠳᠣᠭᠤᠯᠪᠠ
ᠨᠡᠶᠢᠲᠡᠯᠡᠭᠰᠡᠨ ᠴᠠᠭ᠄
2022/8/8
      7 ᠰᠠᠷ᠎ᠠ ᠶᠢᠨ 28 ᠤ ᠡᠳᠦᠷ᠂ ᠪᠥᠬᠦ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠶᠯᠡᠳᠪᠦᠷᠢᠯᠡᠯ ᠪᠠ ᠲᠣᠭᠲᠠᠭᠤᠨ ᠢ ᠬᠠᠮᠠᠭᠠᠯᠠᠬᠤ ᠠᠵᠢᠯ ᠤᠨ ᠬᠤᠷᠠᠯ ᠵᠢᠴᠢ ᠠᠶᠤᠯᠭᠦᠶ ᠦᠶᠯᠡᠳᠪᠦᠷᠢᠯᠡᠯ  ᠤᠨ ᠵᠥᠪᠯᠡᠯ ᠤᠨ 2022 ᠣᠨ ᠤ ᠵᠢᠷᠭᠤᠳᠣᠭᠠᠷ ᠤᠳᠠᠭᠠᠨ ᠤ ᠠᠶᠤᠯᠭᠦᠶ ᠦᠶᠯᠡᠳᠪᠦᠷᠢᠯᠡᠯ ᠤᠨ ᠠᠵᠢᠯ ᠤᠨ ᠡᠭᠡᠯᠵᠢᠲᠦ ᠬᠤᠷᠠᠯ ᠬᠤᠷᠠᠯᠳᠤᠪᠠ᠃      ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠪᠣᠯᠣᠨ ᠳᠡᠳ᠋ ᠬᠤᠰᠢᠭᠤ ᠳᠠᠷᠤᠭ᠎ᠠ ᠨᠠᠷ ᠬᠤᠷᠠᠯ ᠳᠤ ᠣᠷᠣᠯᠴᠠᠵᠤ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠬᠤᠰᠢᠭᠤ ᠳᠠᠷᠤᠭ᠎ᠠ ᠵᠧᠦ ᠢᠦᠢ ᠯᠦᠩ‌ᠬᠤᠷᠠᠯ ᠢ ᠡᠷᠭᠢᠯᠡᠪᠡ  ᠃      ᠬᠤᠷᠠᠯ ᠳᠤ᠂  ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠴᠠ ᠪᠥᠬᠦ ᠬᠤᠰᠢᠭᠤᠨ ᠤ ᠳᠡᠭᠡᠷ᠎ᠡ ᠬᠠᠭᠠᠰ ᠵᠢᠯ ᠤᠨ ᠠᠶᠤᠯᠭᠦᠶ ᠦᠶᠯᠡᠳᠪᠦᠷᠢᠯᠡᠯ ᠤᠨ ᠠᠵᠢᠯ ᠢ ᠥᠷᠨᠢᠭᠦᠯᠦᠭᠰᠡᠨ ᠪᠠᠶᠢᠳᠠᠯ ᠢ ᠵᠠᠷᠯᠠᠨ ᠮᠡᠳᠡᠭᠳᠡᠭᠰᠡᠨ ᠪᠥᠭᠡᠳ ᠣᠶᠢᠷ᠎ᠠ ᠶᠢᠨ ᠬᠤᠭᠤᠴᠠᠭᠠᠨ ᠤ ᠠᠶᠤᠯᠭᠦᠶ ᠦᠶᠯᠡᠳᠪᠦᠷᠢᠯᠡᠯ ᠤᠨ ᠭᠤᠤᠯᠳᠠᠯᠭ᠎ᠠ ᠲᠠᠢ ᠠᠵᠢᠯ ᠤᠨ ᠲᠤᠬᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ  ᠃      ᠬᠤᠷᠠᠯ ᠠᠴᠠ ᠵᠢᠭᠠᠬᠤ ᠳᠠᠭᠠᠨ᠂ ᠣᠳᠣᠬᠠᠨ ᠪᠣᠯ᠂  ᠶᠠᠭ ᠰᠠᠶᠢᠬᠠᠨ ᠮᠠᠨ ᠤ ᠬᠤᠰᠢᠭᠤᠨ ᠤ ᠵᠢᠭᠤᠯᠴᠢᠯᠠᠯ  ᠤᠨ ᠣᠷᠭᠢᠯ ᠤᠨ ᠬᠤᠭᠤᠴᠠᠭ᠎ᠠ᠂ ᠪᠠᠷᠢᠯᠭ᠎ᠠ ᠶᠢᠨ ᠰᠢᠵᠢᠷ ᠠᠯᠲᠠᠨ ᠬᠤᠭᠤᠴᠠᠭ᠎ᠠ ᠪᠤᠯᠤᠨ᠎ᠠ᠂ ᠬᠥᠮᠦᠨ᠂ ᠲᠡᠷᠭᠡ᠂ ᠪᠣᠳᠠᠰ ᠤᠨ ᠰᠢᠯᠵᠢᠯᠲᠡ ᠴᠥᠮ ᠨᠡᠮᠡᠭᠳᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠶ ᠦᠶᠯᠡᠳᠪᠦᠷᠢᠯᠡᠯ  ᠂ ᠲᠣᠭᠲᠠᠭᠤᠨ ᠢ ᠬᠠᠮᠠᠭᠠᠯᠠᠬᠤ ᠪᠠᠶᠢᠳᠠᠯ ᠲᠤᠶᠢᠯ ᠤᠨ ᠬᠦᠨᠳᠦ ᠨᠣᠴᠢᠲᠠᠶ ᠪᠠᠶᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ︿︿ᠳᠥᠷᠪᠡᠨ ᠲᠠᠯ᠎ᠠ ᠶᠢᠨ ᠬᠠᠷᠢᠭᠤᠴᠠᠯᠭ᠎ᠠ﹀﹀ ᠶᠢ ᠤᠯᠠᠮ ᠨᠢᠭᠡ ᠠᠯᠬᠤᠮ ᠴᠢᠩᠭᠠᠳᠬᠠᠨ ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠦᠨᠡᠨ ᠬᠦ ᠯᠠᠪᠳᠠᠭᠤᠨ ᠪᠠᠲᠤᠲᠠᠶ᠂ ᠪᠦᠲᠦᠮᠵᠢᠲᠡᠶ᠂ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ᠃ ᠨᠡᠭᠦᠳᠡᠯ  ᠬᠦᠮᠦᠨ ᠠᠮᠠ  ᠶᠢᠨ ᠬᠠᠮᠢᠶᠠᠷᠤᠯᠲᠠ ᠶᠢ ᠴᠢᠩᠭᠠᠳᠬᠠᠵᠤ᠂ ᠬᠤᠰᠢᠭᠤᠨ ᠳᠤ ᠣᠷᠣᠵᠦ ᠭᠠᠷᠬᠤ ᠪᠣᠭᠤᠮᠲᠠ ᠶᠢ ᠴᠢᠩᠭ᠎ᠠ ᠰᠠᠬᠢᠵᠤ᠂ ᠲᠠᠯᠠᠪᠤᠷ ᠭᠠᠵᠠᠷ ᠤᠨ ᠺᠣᠳ᠋ ᠢ ᠳᠠᠩᠰᠠᠯᠠᠬᠤ ᠵᠡᠷᠭᠡ ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠵᠤ᠂ ᠬᠠᠮᠢᠶᠠᠷᠤᠯᠲᠠ ᠡᠵᠡᠮᠳᠡᠯ ᠢᠶᠠᠨ ᠠᠯᠳᠠᠭᠰᠠᠨ ᠪᠠᠶᠢᠳᠠᠯ ᠭᠠᠷᠬᠤ ᠶᠢ ᠡᠷᠡᠰ ᠬᠤᠷᠢᠭᠯᠠᠬᠤ ᠬᠡᠷᠡᠭᠲᠡᠶ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯᠪᠠᠰᠤᠷᠠᠯ ᠰᠣᠷᠢᠯᠲᠠ ᠶᠢ ᠴᠢᠩᠭᠠᠳᠬᠠᠵᠤ᠂ ᠣᠷᠣᠨ ᠪᠦᠰᠡ ᠶᠢᠨ ᠪᠥᠭᠡᠮ ᠬᠦᠴᠢᠯ ᠤᠨ ᠰᠢᠯᠭᠠᠨ ᠪᠠᠶᠢᠴᠠᠭᠠᠬᠤ ᠰᠣᠷᠢᠯᠲᠠ ᠶᠢᠨ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠰᠠᠶᠢᠲᠤᠷ ᠬᠢᠵᠦ᠂ 60 ᠨᠠᠰᠤᠨ ᠠᠴᠠ ᠳᠡᠭᠡᠭᠰᠢᠬᠢ ᠬᠥᠮᠦᠰ ᠤᠨ ᠸᠠᠺᠼᠢᠨ ᠤ ᠲᠠᠷᠢᠯᠭ᠎ᠠ ᠶᠢ ᠦᠷᠭᠦᠯᠵᠢᠯᠡᠨ ᠠᠬᠢᠭᠤᠯᠵᠤ᠂ ᠬᠢᠯᠢ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠬᠢᠯᠢ  ᠶᠢᠨ ᠪᠣᠭᠤᠮᠲᠠ ᠶᠢᠨ ᠠᠵᠢᠯᠯᠠᠭᠠᠨ ᠤ ᠪᠦᠬᠦ ᠲᠠᠯ᠎ᠠ ᠶᠢ ᠪᠢᠲᠡᠭᠦᠮᠵᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠢ  ᠭᠡᠵᠡᠢ᠃      ᠬᠤᠷᠠᠯ ᠠᠴᠠ ᠴᠢᠬᠤᠯᠠᠴᠢᠯᠠᠬᠤ ᠳᠠᠭᠠᠨ᠂ ᠠᠶᠤᠯᠭᠦᠢ ᠦᠢᠯᠡᠳᠪᠦᠷᠢᠯᠡᠯ ᠤᠨ ᠠᠵᠢᠯ ᠪᠣᠯ ᠴᠢᠬᠤᠯᠠ ᠶᠡᠭᠡ ᠠᠵᠤ ᠠᠬᠤᠢ ᠶᠢᠨ ᠠᠰᠠᠭᠤᠳᠠᠯ ᠪᠣᠯᠬᠤ ᠪᠠᠷ ᠪᠠᠷᠠᠬᠤ ᠦᠭᠡᠢ ᠪᠠᠰᠠ ᠴᠢᠬᠤᠯᠠ ᠶᠡᠭᠡ ᠤᠯᠤᠰ ᠲᠦᠷᠦ ᠶᠢᠨ ᠠᠰᠠᠭᠤᠳᠠᠯ ᠪᠠ ᠠᠷᠠᠳ ᠤᠨ ᠠᠮᠢᠳᠤᠷᠠᠯ ᠤᠨ ᠠᠰᠠᠭᠤᠳᠠᠯ ᠪᠣᠯᠤᠨ᠎ᠠ᠃ ᠨᠡᠭᠦᠷᠡᠰᠦᠨ ᠠᠭᠤᠷᠬᠠᠢ᠂ ᠨᠡᠭᠦᠷᠡᠰᠦᠨ ᠤ ᠪᠤᠰᠣ ᠠᠭᠤᠯᠠᠨ ᠠᠭᠤᠷᠬᠠᠢ᠂ ᠥᠪᠡᠷ ᠲᠡᠭᠡᠨ ᠪᠠᠷᠢᠭᠰᠠᠨ ᠭᠡᠷ  ᠂ ᠬᠤᠲᠠ ᠪᠠᠯᠭᠠᠰᠤ ᠶᠢᠨ ᠰᠢᠲᠠᠮᠠᠬᠠᠢ ᠬᠡᠢ᠂ ᠭᠠᠯ ᠰᠡᠷᠭᠡᠶᠢᠯᠡᠬᠦ ᠠᠮᠤᠷ ᠲᠦᠪᠰᠢᠨ ᠵᠡᠷᠭᠡ ᠬᠦᠷᠢᠶᠡᠨ ᠳᠤ ᠡᠯ᠎ᠡ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠠᠶᠤᠯᠭᠦᠶ ᠦᠶᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠴᠢᠩᠭ᠎ᠠ ᠨᠠᠶᠢᠳᠠᠪᠤᠷᠢᠵᠢᠭᠤᠯᠵᠤ ᠂ ᠬᠤᠪᠢᠳᠠᠨ ᠬᠠᠮᠢᠶᠠᠷᠴᠤ ᠪᠥᠬᠦᠢ ᠠᠵᠢᠯ ᠲᠥᠷᠥᠯ ᠬᠦᠷᠢᠶᠡᠨ ᠤ ᠠᠵᠤ ᠠᠬᠤᠶᠢᠯᠠᠯ  ᠢ ᠱᠠᠭᠠᠷᠳᠠᠵᠤ ᠪᠠᠶᠢᠭᠠᠳ ᠠᠶᠤᠯᠭᠦᠶ ᠦᠶᠯᠡᠳᠪᠦᠷᠢᠯᠡᠯ  ᠤᠨ ᠡᠯ᠎ᠡ ᠵᠦᠢᠯ  ᠤᠨ ᠠᠵᠢᠯ  ᠢ ᠪᠥᠬᠦ ᠲᠠᠯ᠎ᠠ ᠪᠠᠷ ᠰᠠᠶᠢᠲᠤᠷ ᠬᠢᠯᠭᠡᠵᠦ᠂ ᠡᠯ᠎ᠡ ᠲᠥᠷᠥᠯ ᠤᠨ ᠠᠶᠤᠯᠭᠦᠶ ᠦᠶᠯᠡᠳᠪᠦᠷᠢᠯᠡᠯ ‍ᠤᠨ‌ᠠᠳᠡᠯ ᠭᠠᠷᠬᠤ ᠵᠢ‌ᠡᠷᠡᠰ ᠬᠤᠷᠢᠭᠯᠠᠨ ᠰᠡᠷᠭᠡᠶᠢᠯᠡᠬᠦ ᠬᠡᠷᠡᠭᠲᠡᠢ᠃ ᠪᠦᠬᠦ ᠬᠤᠰᠢᠭᠤᠨ ᠤ ᠨᠡᠶᠢᠭᠡᠮ ᠤᠨ ᠠᠮᠤᠷ ᠲᠣᠭᠲᠠᠭᠤᠨ ᠢ ᠤᠯᠠᠮ ᠨᠢᠭᠡ ᠠᠯᠬᠤᠮ ᠰᠠᠶᠢᠲᠤᠷ ᠬᠠᠮᠠᠭᠠᠯᠠᠵᠤ᠂ ᠵᠥᠷᠢᠴᠡᠯ ᠵᠢᠭᠤᠷᠠᠭᠠᠨ ᠢ ᠪᠠᠶᠢᠴᠠᠭᠠᠨ ᠰᠢᠢᠳᠪᠦᠷᠢᠯᠡᠬᠦ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠵᠢᠯ ᠤᠨ ᠳᠠᠩᠰᠠ ᠪᠠ ᠰᠢᠢᠳᠪᠦᠷᠢᠯᠡᠭᠰᠡᠨ ᠨᠠᠷᠢᠨ ᠳᠠᠩᠰᠠ ᠶᠢ ᠪᠠᠶᠢᠭᠤᠯᠵᠤ᠂ ᠰᠠᠭᠤᠷᠢ ᠲᠤᠭ᠎ᠠ ᠲᠣᠳᠣᠷᠬᠠᠢ᠂ ᠪᠠᠶᠢᠳᠠᠯ ᠲᠣᠳᠣᠷᠬᠠᠢ᠂ ᠡᠵᠡᠮᠳᠡᠵᠦ  ᠴᠢᠳᠠᠭᠰᠠᠨ ᠪᠠᠶᠢᠬᠤ ᠬᠡᠷᠡᠭᠲᠡᠢ᠃ ᠤᠯᠤᠰ ᠲᠦᠷᠦ ᠶᠢᠨ ᠠᠮᠤᠷ ᠲᠦᠪᠰᠢᠨ ᠤ ᠬᠦᠷᠢᠶᠡᠨ ᠳᠠᠬᠢ ᠠᠶᠤᠯ ᠲᠦᠭᠰᠢᠭᠦᠷᠢ ᠶᠢ ᠰᠡᠷᠭᠡᠶᠢᠯᠡᠨ ᠡᠵᠡᠮᠳᠡᠬᠦ ᠠᠵᠢᠯ ᠢ ᠪᠦᠬᠦ ᠬᠦᠴᠦ ᠪᠠᠷ ᠢᠶᠠᠨ ᠰᠠᠶᠢᠲᠤᠷ ᠬᠢᠵᠦ᠂ ᠨᠢᠭᠤᠴᠠ ᠮᠡᠳᠡᠭᠡ ᠵᠠᠩᠭᠢ ᠶᠢ ᠵᠠᠳᠠᠯᠤᠨ ᠰᠤᠳᠤᠯᠵᠤ ᠮᠠᠭᠠᠳᠯᠠᠬᠤ᠂ ᠬᠠᠷᠭᠤᠭᠤᠯᠤᠨ ᠪᠠᠶᠢᠴᠠᠭᠠᠵᠤ ᠰᠢᠢᠳᠪᠦᠷᠢᠯᠡᠬᠦ ᠶᠢ ᠴᠢᠩᠭᠠᠳᠬᠠᠵᠤ᠂ ᠶᠠᠷᠢᠶ᠎ᠠ ᠬᠡᠯᠡᠯᠴᠡᠭᠡᠨ ᠤ ᠪᠠᠶᠢᠳᠠᠯ ᠤᠨ ᠬᠡᠮ ᠰᠣᠭᠤᠭ ᠢ ᠴᠠᠭ ᠲᠤᠬᠠᠢ ᠳᠤᠨᠢ ᠠᠷᠢᠯᠭᠠᠬᠤ ᠶᠢ ᠦᠨᠡᠨ ᠬᠦ ᠪᠠᠲᠤᠯᠠᠬᠤ ᠬᠡᠷᠡᠭᠲᠡᠢ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠣᠯᠤᠨ ᠶᠡᠭᠡ ᠳᠡᠭᠡᠳᠦ ᠰᠤᠷᠭᠠᠭᠤᠯᠢ  ᠳᠤ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ ᠥᠭᠡᠷᠡᠴᠢᠯᠡᠯᠲᠡ ᠶᠢᠨ ᠠᠵᠢᠯ ᠢ ᠪᠥᠬᠦ ᠲᠠᠯ᠎ᠠ ᠪᠠᠷ ᠠᠬᠢᠭᠤᠯᠬᠤ ᠶᠢ ᠲᠣᠪᠣᠶᠢᠮ᠎ᠠ ᠰᠠᠶᠢᠲᠤᠷ ᠠᠳᠬᠤᠵᠤ᠂ ᠡᠨᠡ ᠵᠢᠯ ᠤᠨ 9 ᠳ᠋ᠦ᠋ᠭᠡᠷ ᠰᠠᠷ᠎ᠠ ᠶᠢᠨ ᠰᠤᠷᠭᠠᠭᠤᠯᠢ ᠳᠤ ᠣᠷᠣᠬᠤ ᠠᠵᠢᠯ ᠤᠨ ᠲᠣᠭᠲᠠᠭᠤᠨ ᠤᠷᠤᠭᠰᠢᠲᠠᠶ ᠶᠠᠪᠤᠭᠳᠠᠬᠤ ᠶᠢ ᠪᠠᠲᠤᠯᠠᠬᠤ ᠬᠡᠷᠡᠭᠲᠡᠶ᠃ ᠤᠯᠠᠨ ᠨᠡᠶᠢᠲᠡ ᠶᠢᠨ ᠠᠮᠤᠷ ᠲᠦᠪᠰᠢᠨ ᠢ ᠴᠡᠭᠴᠡᠯᠡᠨ ᠵᠠᠰᠠᠬᠤ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠵᠦ᠂ ᠵᠠᠮ ᠬᠠᠷᠢᠯᠴᠠᠭᠠᠨ ᠤ ᠬᠠᠤᠯᠢ ᠠᠴᠠ ᠵᠥᠷᠢᠴᠡᠭᠰᠡᠨ ᠠᠵᠢᠯᠯᠠᠭ᠎ᠠ ᠪᠣᠯᠤᠨ ᠬᠤᠳᠠᠯ ᠬᠠᠭᠤᠷᠮᠠᠭ ᠢᠳᠡᠭᠡᠨ ᠤ ᠵᠦᠢᠯ ᠡᠮ ᠤᠨ ᠵᠦᠢᠯ ᠢ ᠦᠢᠯᠡᠳᠦᠭᠰᠡᠨ᠂ ᠪᠣᠷᠣᠯᠠᠭᠤᠯᠤᠭᠰᠠᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠡᠷᠴᠢᠮ ᠢᠶᠠᠨ ᠴᠢᠨᠠᠭᠰᠢᠳᠠ ᠴᠢᠩᠭᠠᠷᠠᠭᠤᠯᠵᠤ᠂ ᠤᠯᠠᠨ ᠨᠡᠶᠢᠲᠡ ᠶᠢᠨ ᠠᠮᠤᠷ ᠲᠦᠪᠰᠢᠨ ᠤ ᠰᠠᠶᠢᠨ ᠰᠠᠶᠢᠬᠠᠨ ᠣᠷᠴᠢᠨ ᠲᠣᠭᠤᠷᠢᠨ ᠢ ᠪᠤᠢ ᠪᠣᠯᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠬᠤ ᠬᠡᠷᠡᠭᠲᠡᠢ  ᠭᠡᠵᠡᠢ᠃      ᠡᠯ᠎ᠡ ᠰᠤᠮᠤ ᠪᠠᠯᠭᠠᠰᠦ ( ᠲᠠᠯᠠᠪᠠᠶ ) ᠶᠢᠨ ᠨᠠᠮ ᠤᠨ ᠬᠤᠷᠢᠶ᠎ᠠ ᠪᠤᠶᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ ᠬᠤᠰᠢᠭᠤ ᠠᠶᠤᠯᠭᠦᠶ ᠦᠶᠯᠡᠳᠪᠦᠷᠢᠯᠡᠯ ᠤᠨ ᠵᠥᠪᠯᠡᠯ ᠤᠨ ᠪᠦᠷᠢᠯᠳᠦᠬᠦᠨ ᠨᠢᠭᠡᠴᠡ ᠶᠢᠨ ᠭᠤᠤᠯ ᠬᠠᠷᠢᠭᠤᠴᠠᠯᠭᠠᠲᠠᠨ ᠨᠥᠬᠦᠳ ᠪᠠ ᠬᠠᠷᠢᠶᠠᠲᠤ ᠣᠷᠣᠨ ᠤ ᠭᠤᠤᠯᠳᠠᠯᠭ᠎ᠠ ᠲᠠᠢ ᠠᠵᠢᠯ ᠲᠥᠷᠥᠯ ᠤᠨ ᠬᠦᠷᠢᠶᠡᠨ ᠤ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ  ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号