ᠮᠠᠨ ᠤ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ᠤᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2022/8/8
          7 ᠰᠠᠷ᠎ᠠ ᠶᠢᠨ 29 ᠤ ᠡᠳᠦᠷ᠂ ᠮᠠᠨ ᠤ ᠬᠤᠰᠢᠭᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪ︶ ᠤᠨ ᠨᠢᠭᠡᠳᠦᠭᠡᠷ ᠬᠤᠭᠤᠴᠠᠭᠠᠨ ᠤ ᠪᠣᠯᠪᠠᠰᠤᠷᠠᠯ ᠤᠨ ᠬᠤᠷᠠᠯ ᠬᠤᠷᠠᠯᠳᠤᠭᠤᠯᠵᠤ᠂ ᠡᠯ᠎ᠡ ᠳᠠᠭᠠᠭᠠᠴᠢᠯᠠᠨ ᠬᠠᠷᠢᠯᠴᠠᠬᠤ ᠨᠢᠭᠡᠴᠢ ᠶᠢᠨ ᠬᠠᠷᠢᠭᠤᠴᠠᠯᠭᠠᠲᠠᠨ᠂ ᠡᠯ᠎ᠡ ᠰᠤᠮᠤ ᠪᠠᠯᠭᠠᠰᠤᠨ ᠤ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ᠂ ᠬᠤᠰᠢᠭᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠡᠯ᠎ᠡ ᠠᠵᠢᠯᠯᠠᠬᠤ ᠳᠤᠭᠤᠶᠢᠯᠠᠩ᠂ ᠡᠯ᠎ᠡ ᠲᠤᠰᠬᠠᠶ ᠠᠩᠭᠢ ᠵᠢᠴᠢ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠰᠲ᠋ᠧᠮ᠂ ᠡᠮᠴᠢᠯᠡᠭᠡᠨ ᠤ ᠪᠠᠶᠢᠭᠤᠯᠤᠮᠵᠢ ᠶᠢᠨ ᠭᠤᠤᠯ ᠬᠠᠷᠢᠭᠤᠴᠠᠯᠭᠠᠲᠠᠨ ᠪᠣᠯᠪᠠᠰᠤᠷᠠᠯ ᠳᠤ ᠣᠷᠣᠯᠴᠠᠪᠠ᠃      ᠬᠤᠷᠠᠯ ᠳᠤ᠂ ᠬᠤᠰᠢᠭᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠳᠡᠳ᠋ ᠡᠷᠬᠢᠯᠡᠭᠴᠢ ᠭᠦᠸᠧ ᠰᠢᠶᠣᠤ ᠶᠦᠩ ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ  ᠲᠥᠰᠦᠯ ︵ᠶᠢᠰᠦᠳᠦᠭᠡᠷ ᠬᠡᠪ︶ ᠤᠨ ᠶᠡᠷᠦᠩᠬᠡᠶ ᠱᠠᠭᠠᠷᠳᠠᠯᠭ᠎ᠠ᠂ ᠡᠪᠡᠳᠴᠢᠨ ᠡᠭᠦᠰᠭᠡᠭᠴᠢ ᠶᠢᠨ ᠤᠬᠠᠭᠠᠨ ᠪᠠ ᠲᠠᠬᠤᠯ ᠤᠨ ᠤᠬᠠᠭᠠᠨ ᠤ ᠣᠨᠴᠠᠯᠢᠭ᠂ ᠣᠯᠠᠨ ᠨᠡᠶᠢᠲᠡ ᠶᠢᠨ ᠠᠷᠭ᠎ᠠ ᠬᠡᠮᠵᠢᠶ᠎ᠡ᠂ ᠬᠢᠵᠢᠭ ᠤᠨ ᠪᠠᠶᠢᠳᠠᠯ ᠢ ᠬᠢᠨᠠᠨ ᠬᠡᠮᠵᠢᠬᠦ᠂ ᠬᠢᠵᠢᠭ ᠤᠨ ᠪᠠᠶᠢᠳᠠᠯ ᠢ ᠰᠢᠢᠳᠪᠦᠷᠢᠯᠡᠬᠦ᠂ ᠲᠤᠷᠰᠢᠯᠲᠠ ᠶᠢᠨ ᠲᠠᠰᠤᠭ ᠢ ᠪᠠᠶᠢᠴᠠᠭᠠᠨ ᠬᠡᠮᠵᠢᠬᠦ᠂ ᠬᠢᠯᠢ ᠶᠢᠨ ᠭᠠᠳᠠᠨ᠎ᠠ ᠠᠴᠠ ᠣᠷᠣᠵᠤ ᠢᠷᠡᠬᠦ ᠶᠢ ᠰᠡᠷᠭᠡᠶᠢᠯᠡᠨ ᠡᠵᠡᠮᠳᠡᠬᠦ᠂ ᠭᠤᠤᠯᠳᠠᠯᠭ᠎ᠠ ᠲᠠᠢ ᠭᠤᠭᠴᠤᠭ᠎ᠠ ᠶᠢ ᠰᠡᠷᠭᠡᠶᠢᠯᠡᠨ ᠡᠵᠡᠮᠳᠡᠬᠦ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠵᠡᠷᠭᠡ ᠠᠭᠤᠯᠭ᠎ᠠ ᠶᠢᠨ ᠲᠣᠭᠤᠷᠢᠨ ᠳᠤ ᠭᠦᠨᠵᠡᠭᠡᠶ ᠨᠠᠷᠢᠨ ᠲᠠᠶᠢᠯᠤᠮᠵᠢ ᠬᠢᠭᠰᠡᠨ ᠪᠥᠭᠡᠳ ᠨᠠᠢᠮᠠᠳᠤᠭᠠᠷ ᠬᠡᠪ ᠤᠨ ᠰᠡᠷᠭᠡᠶᠢᠯᠡᠨ ᠡᠵᠡᠮᠳᠡᠬᠦ ᠲᠥᠰᠦᠯ ᠶᠣᠰᠣᠭᠠᠷ᠂ ᠰᠢᠨ᠎ᠡ ᠪᠠᠷ ᠨᠡᠮᠡᠭᠳᠡᠭᠰᠡᠨ ᠪᠠ ᠵᠠᠰᠠᠪᠤᠷᠢ ᠣᠷᠣᠭᠤᠯᠤᠭᠰᠠᠨ ᠬᠡᠰᠡᠭ ᠲᠤ ᠲᠠᠶᠢᠯᠤᠮᠵᠢ ᠬᠢᠪᠠ᠃      ᠬᠤᠷᠠᠯ ᠠᠴᠠ ᠱᠠᠭᠠᠷᠳᠠᠬᠤ ᠳᠠᠭᠠᠨ᠂ ᠬᠤᠷᠠᠯ ᠳᠤ ᠣᠷᠣᠯᠴᠠᠭᠰᠠᠳ ︽ᠰᠢᠨ᠎ᠡ ᠲᠢᠲᠢᠮᠯᠢᠭ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠲᠥᠰᠦᠯ ︵ᠶᠢᠰᠦᠳᠦᠭᠡᠷ ᠬᠡᠪ︶︾ ᠤᠨ ᠮᠡᠳᠡᠯᠭᠡ ᠶᠢ ᠤᠯᠠᠮ ᠨᠢᠭᠡ ᠠᠯᠬᠤᠮ ᠪᠥᠬᠦ ᠲᠠᠯ᠎ᠠ ᠪᠠᠷ ᠭᠦᠨᠵᠡᠭᠡᠶ ᠰᠢᠰᠲ᠋ᠧᠮ ᠲᠠᠢ ᠰᠤᠷᠤᠯᠴᠠᠵᠤ᠂ ᠵᠠᠰᠠᠪᠤᠷᠢ ᠣᠷᠣᠭᠤᠯᠵᠤ ᠬᠤᠪᠢᠷᠠᠭᠤᠯᠬᠤ ᠮᠡᠷᠭᠡᠵᠢᠯ ‍ᠤᠨ‌ᠵᠢᠷᠤᠮᠵᠢᠯ ᠪᠠ ᠠᠵᠢᠯ ᠤᠨ ᠱᠠᠭᠠᠷᠳᠠᠯᠭ᠎ᠠ ᠶᠢᠨ ᠲᠤᠬᠠᠶ ᠭᠦᠨᠵᠡᠭᠡᠶ ᠰᠤᠷᠤᠯᠴᠠᠵᠤ᠂ ᠭᠦᠨᠵᠡᠭᠡᠶ ᠣᠶᠢᠯᠠᠭᠠᠵᠤ᠂ ᠪᠥᠬᠦ ᠲᠠᠯ᠎ᠠ ᠪᠠᠷ ᠡᠵᠡᠮᠰᠢᠬᠦ ᠬᠡᠷᠡᠭᠲᠡᠶ᠃ ᠡᠭᠦᠨ ᠤ ᠬᠠᠮᠲᠤ᠂ ᠶᠢᠰᠦᠳᠦᠭᠡᠷ ᠬᠡᠪ ᠤᠨ ᠰᠡᠷᠭᠡᠶᠢᠯᠡᠨ ᠡᠵᠡᠮᠳᠡᠬᠦ ᠲᠥᠰᠦᠯ ᠳᠤ ᠳᠤᠷᠠᠳᠤᠭᠰᠠᠨ ᠡᠯ᠎ᠡ ᠵᠦᠢᠯ ᠤᠨ ᠰᠢᠨ᠎ᠡ ᠵᠢᠷᠤᠮᠵᠢᠯ᠂ ᠰᠢᠨ᠎ᠡ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠲᠠᠶᠢᠪᠤᠰᠢᠷᠠᠬᠤ ᠦᠵᠡᠯ ᠰᠠᠨᠠᠭ᠎ᠠ᠂ ᠬᠠᠯᠠᠰᠢᠷᠠᠬᠤ ᠰᠡᠳᠬᠢᠯᠭᠡ ᠶᠢ ᠡᠷᠡᠰ ᠲᠡᠪᠴᠢᠵᠦ᠂ ︽ᠰᠡᠷᠭᠡᠶᠢᠯᠡᠬᠦ ᠪᠠᠷ ᠭᠤᠤᠯ ᠪᠣᠯᠭᠠᠬᠤ᠂  ᠰᠡᠷᠭᠡᠶᠢᠯᠡᠨ ᠵᠠᠰᠠᠬᠤ ᠶᠢ ᠤᠶᠠᠯᠳᠤᠭᠤᠯᠬᠤ᠂ ᠬᠠᠤᠯᠢ ᠶᠣᠰᠣᠭᠠᠷ ᠰᠢᠨᠵᠢᠯᠡᠬᠦ ᠤᠬᠠᠭᠠᠨᠴᠢ ᠪᠠᠷ᠂ ᠲᠠᠰ ᠲᠥᠷᠥᠯ ᠬᠤᠪᠢᠶᠠᠬᠤ︾ ᠵᠠᠷᠴᠢᠮ ᠢ ᠢᠮᠠᠭᠲᠠ ᠪᠠᠷᠢᠮᠲᠠᠯᠠᠵᠤ᠂ ᠪᠥᠬᠦ ᠬᠤᠰᠢᠭᠤᠨ ᠤ ᠬᠢᠵᠢᠭ ᠢ ᠰᠡᠷᠭᠡᠶᠢᠯᠡᠨ ᠡᠵᠡᠮᠳᠡᠬᠦ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠰᠠᠶᠢᠲᠤᠷ ᠬᠠᠮᠠᠭᠠᠯᠠᠬᠤ ᠬᠡᠷᠡᠭᠲᠡᠶ ᠭᠡᠵᠡᠶ᠃
 
ᠢᠷᠡᠯᠲᠡ᠄ ᠵᠡᠬᠦᠨ ᠦᠵᠦᠮᠦᠴᠢᠨ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号