ᠬᠢᠩᠭᠠᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/9/22
      9 ᠰᠠᠷ᠎ᠠ ᠶᠢᠨ 2 ᠤᠨ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠬᠠᠳᠠᠪᠴᠢ ᠪᠠᠯᠭᠠᠰᠤᠨ ᠳᠤ ᠭᠦᠨᠵᠡᠭᠡᠶᠢᠷᠡᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠮᠠᠯᠵᠢᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠬᠤᠰᠢᠭᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠵᠧᠤ ᠢᠦᠶ ᠯᠦᠩ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠤᠢ ᠶᠢᠩ ᠵᠢᠶᠠᠨ᠂ ᠬᠤᠰᠢᠭᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠵᠧᠤ ᠸᠧ ᠮᠢᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠴᠠᠩ ᠵᠧᠩ᠂ ᠶᠣᠣ ᠬᠠᠶ ᠰᠢᠶᠠ᠂ ᠺᠧ ᠰᠢᠶᠤᠤ ᠮᠢᠩ ᠵᠢᠴᠢ ᠬᠠᠮᠢᠶ᠎ᠠ ᠪᠥᠬᠦᠶ ᠨᠢᠭᠡᠴᠡ ᠶᠢᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠵᠡᠭᠦᠨ ᠬᠠᠲᠠᠪᠴᠢ ᠪᠣᠭᠤᠮᠲᠠ᠂ ᠬᠢᠩᠭᠠᠨ ᠪᠣᠭᠤᠮᠲᠠ ᠶᠢᠨ ᠪᠢᠲᠡᠭᠦᠮᠵᠢᠯᠡᠭᠰᠡᠨ ᠬᠠᠮᠢᠶᠠᠷᠤᠯᠲᠠ ᠶᠢᠨ ᠣᠷᠣᠨ ᠤ ᠪᠣᠭᠤᠮᠲᠠ᠂ ᠵᠠᠮ ᠤᠨ ᠠᠷᠢᠭᠤᠳᠬᠠᠬᠤ ᠲᠥᠬᠦᠭᠡᠷᠦᠮᠵᠢ᠂ ᠲᠥᠪᠯᠡᠷᠡᠩᠭᠦᠢ ᠠᠮᠢᠳᠤᠷᠠᠯ ᠤᠨ ᠲᠣᠭᠤᠷᠢᠭ ᠤᠨ ᠥᠭᠡᠷᠡᠴᠢᠯᠡᠯᠲᠡ᠂ ᠲᠣᠭᠤᠷᠢᠭ ᠤᠨ ᠳᠣᠲᠣᠷᠠᠬᠢ ᠬᠤᠭ ᠨᠣᠪᠰᠢ ᠶᠢ ᠰᠢᠢᠳᠪᠦᠷᠢᠯᠡᠬᠦ ᠭᠠᠵᠠᠷ᠂ ᠨᠡᠭᠦᠷᠡᠰᠦ ᠲᠡᠭᠡᠭᠡᠪᠦᠷᠢᠯᠡᠬᠦ ᠲᠠᠯᠠᠪᠤᠷ ᠵᠡᠷᠭᠡ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠵᠢᠴᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠬᠦ ᠶᠢᠨ ᠬᠠᠮᠲᠤ ᠨᠠᠷᠢᠨ ᠣᠶᠢᠯᠠᠭᠠᠪᠠ᠃      ᠬᠢᠩᠭᠠᠨ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠠᠶᠢᠮᠠᠭ ᠤᠨ ᠨᠠᠮ ᠤᠨ ᠬᠤᠷᠢᠶ᠎ᠠ ᠶᠢᠨ ᠪᠣᠭᠤᠮᠲᠠ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠬᠤ ᠲᠤᠬᠠᠶ ᠱᠠᠭᠠᠷᠳᠠᠯᠭ᠎ᠠ ᠶᠢ ᠭᠦᠨᠵᠡᠭᠡᠶ ᠲᠤᠤᠱᠯᠠᠭᠤᠯᠵᠤ᠂ ᠦᠵᠡᠯ ᠰᠠᠨᠠᠭ᠎ᠠ ᠲᠠᠨᠢᠯᠲᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠦᠨ᠂ ᠬᠢᠯᠢ ᠶᠢᠨ ᠭᠠᠳᠠᠨᠠᠬᠢ ᠬᠢᠵᠢᠭ ᠤᠨ ᠣᠷᠣᠵᠤ ᠢᠷᠡᠬᠦ ᠶᠢ ᠴᠢᠩᠭ᠎ᠠ ᠰᠡᠷᠭᠡᠶᠢᠯᠡᠬᠦ ᠶᠢ ᠣᠳᠣᠬᠠᠨ ᠤ ᠴᠢᠬᠤᠯᠠ ᠶᠡᠭᠡ ᠡᠭᠦᠷᠭᠡ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ᠃ ᠬᠢᠵᠢᠭ ᠢ ᠰᠡᠷᠭᠡᠶᠢᠯᠡᠬᠦ ᠡᠯ᠎ᠡ ᠵᠦᠢᠯ ᠤᠨ ᠨᠠᠷᠢᠨ ᠨᠢᠮᠪᠠᠶ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠬᠢᠨᠠᠨ ᠬᠠᠮᠢᠶᠠᠷᠬᠤ ᠲᠠᠯᠠᠪᠤᠷ ᠤᠨ ᠬᠥᠮᠦᠰ ᠢ ᠬᠠᠮᠢᠶᠠᠷᠤᠨ ᠡᠵᠡᠮᠳᠡᠬᠦ᠂ ᠪᠥᠭᠡᠮ ᠬᠦᠴᠢᠯ ᠤᠨ ᠥᠯᠢᠭᠡᠷ ᠠᠪᠬᠤ᠂ ᠠᠷᠢᠭᠤᠳᠬᠠᠬᠤ᠂ ᠲᠡᠷᠭᠡ ᠬᠥᠰᠬᠡ ᠶᠢ ᠪᠠᠶᠢᠴᠠᠭᠠᠨ ᠰᠢᠯᠭᠠᠬᠤ ᠵᠡᠷᠭᠡ ᠡᠯ᠎ᠡ ᠭᠤᠭᠴᠤᠭ᠎ᠠ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠴᠢᠩᠭᠠᠳᠬᠠᠵᠤ᠂ ᠡᠯ᠎ᠡ ᠭᠤᠭᠴᠤᠭ᠎ᠠ ᠳᠤ ᠠᠯᠳᠠᠰᠢ ᠭᠠᠷᠭᠠᠬᠤ ᠥᠬᠡᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ᠃      ᠬᠠᠲᠠᠪᠴᠢ ᠪᠠᠯᠭᠠᠰᠤ ᠳᠤ᠂ ᠬᠢᠩᠭᠠᠨ ᠪᠠᠯᠭᠠᠰᠤᠨ ᠤ ᠬᠤᠭ ᠨᠣᠪᠰᠢ ᠰᠢᠢᠳᠪᠦᠷᠢᠯᠡᠬᠦ ᠦᠢᠯᠡᠳᠪᠦᠷᠢ᠂ ᠪᠠᠯᠭᠠᠰᠤᠨ ᠤ ᠲᠥᠬᠦᠭᠡᠷᠦᠮᠵᠢ ᠶᠢᠨ ᠬᠠᠮᠠᠭᠠᠯᠠᠯᠲᠠ ᠵᠢᠴᠢ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠲᠤᠬᠠᠢ ᠶᠢᠨ ᠭᠠᠵᠠᠷ ᠲᠤᠨᠢ ᠪᠠᠶᠢᠴᠠᠭᠠᠨ ᠦᠵᠡᠪᠡ᠃      ᠬᠢᠩᠭᠠᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠬᠥᠳᠡᠭᠡ ᠲᠣᠰᠬᠤᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠶᠢ ᠥᠷᠨᠢᠭᠦᠯᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠬᠤ ᠬᠡᠷᠡᠭᠲᠡᠶ᠃ ᠤᠷᠢᠳᠴᠢᠯᠠᠨ ᠪᠠᠶᠢᠷᠢᠯᠠᠭᠤᠯᠵᠤ᠂ ᠨᠢᠭᠡᠳᠦᠯᠲᠡᠢ ᠲᠥᠯᠥᠪᠵᠢᠭᠦᠯᠵᠦ᠂ ᠤᠯᠠᠨ ᠲᠦᠮᠡᠨ ᠤ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠢᠳᠡᠪᠬᠢᠲᠡᠢ ᠳᠡᠮᠵᠢᠭᠦᠯᠵᠦ᠂ ᠰᠠᠨᠠᠭᠠᠴᠢᠯᠠᠭ᠎ᠠ ᠠᠴᠠ ᠪᠠᠨ ᠣᠷᠣᠯᠴᠠᠭᠤᠯᠵᠤ᠂ ᠲᠤᠬᠠᠢ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠲᠥᠰᠦᠯ ᠢ ᠲᠣᠭᠲᠠᠭᠠᠨ ᠲᠡᠭᠦᠯᠳᠡᠷᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠠᠮᠢ ᠠᠬᠤᠢ ᠶᠢᠨ ᠣᠷᠣᠰᠢᠨ ᠰᠠᠭᠤᠬᠤ ᠳᠤ ᠲᠣᠬᠢᠷᠠᠮᠵᠢᠲᠠᠢ ᠬᠥᠳᠡᠭᠡ ᠲᠣᠰᠬᠤᠨ ᠤ ᠣᠷᠴᠢᠨ ᠲᠣᠭᠤᠷᠢᠨ ᠢ ᠪᠤᠢ ᠪᠣᠯᠭᠠᠵᠤ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠪᠠ ᠵᠣᠯ ᠵᠢᠷᠭᠠᠯᠲᠤ ᠲᠦᠷᠦᠭᠳᠡᠯ ᠢ ᠳᠡᠭᠡᠭᠰᠢᠯᠡᠭᠦᠯᠬᠦ ᠬᠡᠷᠡᠭᠲᠡᠢ᠃      ᠬᠢᠩᠭᠠᠨ ᠨᠠᠮ ᠤᠨ ᠭᠡᠰᠢᠭᠦᠨ ᠤ ᠭᠤᠣᠯᠯᠠᠬᠤ ᠡᠷᠦᠬᠡ ᠶᠢᠨ ᠭᠡᠷ ᠲᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ᠂ ᠡᠭᠦᠷᠭᠡ ᠴᠢᠳᠠᠪᠬᠢ ᠶᠢᠨ ᠦᠢᠯᠡᠳᠦᠯ ᠢ  ᠪᠠᠳᠠᠷᠠᠭᠤᠯᠬᠤ᠂ ᠦᠨᠳᠦᠰᠦᠨ ᠱᠠᠲᠤᠨ ᠤ ᠵᠠᠰᠠᠯᠲᠠ ᠵᠡᠷᠭᠡ ᠬᠠᠮᠢᠶ᠎ᠠ ᠪᠦᠬᠦᠢ ᠪᠠᠶᠢᠳᠠᠯ ᠢ ᠨᠠᠷᠢᠨ ᠣᠶᠢᠯᠠᠭᠠᠪᠠ᠃      ᠬᠢᠩᠭᠠᠨ ᠱᠠᠭᠠᠷᠳᠠᠭᠰᠠᠨ ᠨᠢ᠂ ︽ᠨᠠᠮ ᠤᠨ ᠪᠠᠶᠢᠭᠤᠯᠤᠯᠲᠠ ᠶᠢᠨ ᠲᠣᠤᠷ ᠰᠦᠯᠵᠢᠶ᠎ᠡ ᠶᠢ ᠨᠠᠷᠢᠯᠢᠬᠵᠢᠭᠤᠯᠵᠤ᠂ ᠣᠯᠠᠨ ᠲᠦᠮᠡᠨ ᠳᠤ ᠦᠢᠯᠡᠴᠢᠯᠡᠬᠦ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠵᠦ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠠᠪᠤᠴᠠ ᠳᠠᠬᠢ ︽ᠳᠠᠭᠠᠭᠤᠯᠤᠭᠴᠢ︾ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠶᠠᠰᠤ ᠴᠢᠨᠠᠷ ᠪᠠ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ᠃ ︽ᠲᠠᠪᠤᠨ ᠲᠠᠯ᠎ᠠ ᠶᠢ ᠬᠠᠮᠵᠢᠯᠴᠠᠭᠤᠯᠬᠤ᠂ ᠦᠨᠳᠦᠰᠦᠨ ᠱᠠᠳᠤ ᠶᠢ ᠶᠡᠬᠡᠪᠡᠷ ᠠᠳᠬᠤᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠲᠤᠤᠱᠯᠠᠭᠤᠯᠵᠤ᠂ ︽ᠬᠥᠳᠡᠭᠡ ᠲᠣᠰᠬᠤᠨ ᠢ ᠠᠳᠬᠤᠵᠤ ᠲᠣᠰᠬᠤᠨ ᠢ ᠠᠬᠢᠭᠤᠯᠵᠤ ᠡᠷᠦᠬᠡ ᠶᠢ ᠳᠠᠭᠠᠭᠤᠯᠬᠤ︾ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠢᠨᠵᠧᠨᠧᠷᠢᠩ ᠢᠶᠠᠷ ᠭᠠᠷᠳᠠᠴᠠ ᠪᠣᠯᠭᠠᠵᠤ᠂ ᠨᠠᠮ ᠤᠨ ᠪᠠᠶᠢᠭᠤᠯᠤᠯᠲᠠ ᠪᠠᠷ ᠬᠥᠳᠡᠭᠡ ᠲᠣᠰᠬᠤᠨ ᠤ ᠵᠠᠰᠠᠯᠲᠠ ᠶᠢ ᠬᠦᠳᠦᠯᠦᠨ ᠳᠠᠭᠠᠭᠤᠯᠬᠤ ᠰᠢᠨ᠎ᠡ ᠪᠠᠶᠢᠷᠢᠰᠢᠯ ᠢ ᠬᠦᠴᠦᠯᠡᠨ ᠪᠠᠶᠢᠭᠤᠯᠵᠤ᠂ ᠭᠤᠣᠯᠳᠠᠯᠭ᠎ᠠ ᠲᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠢᠳᠡᠪᠬᠢᠲᠡᠢ ᠪᠠᠷ ᠰᠢᠨ᠎ᠡ ᠶᠢ ᠡᠭᠦᠳᠴᠦ᠂ ᠵᠣᠷᠢᠭᠲᠠᠢ ᠪᠠᠷ ᠦᠢᠯᠡᠳᠦᠯᠭᠡᠵᠢᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠬᠦᠴᠦᠨ ᠢᠶᠠᠷ ᠠᠬᠢᠭᠤᠯᠬᠤ᠂ ᠮᠠᠯᠵᠢᠬᠤ ᠣᠷᠣᠨ ᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠬᠤ ᠬᠡᠷᠡᠭᠲᠡᠢ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号