ᠬᠠᠳᠠᠪᠴᠢ ᠪᠠᠯᠭᠠᠰᠤ ᠲᠡᠮᠦᠷ ᠵᠠᠮ ᠤᠨ ᠬᠠᠮᠠᠭᠠᠯᠠᠯᠲᠠ ᠶᠢᠨ ᠠᠵᠢᠯᠯᠠᠭ᠎ᠠ ᠥᠷᠨᠢᠭᠦᠯᠵᠦ ᠨᠡᠶᠢᠭᠡᠮ ᠤᠨ ᠠᠮᠤᠷ ᠲᠣᠭᠲᠠᠭᠤᠨ ᠢ ᠬᠠᠮᠠᠭᠠᠯᠠᠪᠠ
ᠨᠡᠶᠢᠲᠡᠯᠡᠭᠰᠡᠨ ᠴᠠᠭ᠄
2023/1/29
      2023 ᠣᠨ ᠤ ᠰᠢᠨ᠎ᠡ ᠵᠢᠯ᠂ ᠴᠠᠭᠠᠨ ᠰᠠᠷ᠎ᠠ ᠶᠢᠨ ᠬᠤᠭᠤᠴᠠᠭᠠᠨ ᠳᠤ ᠲᠡᠮᠦᠷ ᠵᠠᠮ ᠳᠠᠭᠠᠤ ᠶᠢᠨ ᠠᠮᠤᠷ ᠲᠦᠪᠰᠢᠨ ᠲᠣᠭᠲᠠᠭᠤᠨ ᠪᠠᠶᠢᠳᠠᠯ ᠢ ᠪᠠᠲᠤᠯᠠᠬᠤ ᠶᠢᠨ ᠲᠥᠯᠥᠭᠡ᠂ ᠣᠶᠢᠷ᠎ᠠ ᠳᠤ᠂ ᠬᠠᠲᠠᠪᠴᠢ ᠪᠠᠯᠭᠠᠰᠤ ᠲᠡᠮᠦᠷ ᠵᠠᠮ ᠤᠨ ᠵᠠᠮ ᠬᠠᠮᠠᠭᠠᠯᠠᠭᠴᠢ ᠶᠢ ᠵᠣᠬᠢᠶᠠᠨ ᠪᠠᠶᠢᠭᠤᠯᠤᠨ ᠲᠡᠮᠦᠷ ᠵᠠᠮ ᠤᠨ ᠵᠠᠮ ᠬᠠᠮᠠᠭᠠᠯᠠᠬᠤ ᠲᠤᠰᠬᠠᠶ ᠠᠵᠢᠯᠯᠠᠭ᠎ᠠ ᠥᠷᠨᠢᠭᠦᠯᠵᠦ᠂ ᠠᠵᠢᠯᠯᠠᠭᠠᠨ ᠤ ᠠᠩᠭᠢ ᠭᠤᠷᠪᠠᠨ ᠳᠤᠭᠤᠶᠢᠯᠠᠩ ᠬᠤᠪᠢᠶᠠᠨ ᠲᠡᠮᠦᠷ ᠵᠠᠮ ᠳᠠᠭᠠᠤ ᠶᠢᠨ ᠠᠮᠤᠷ ᠲᠦᠪᠰᠢᠨ ᠤ ᠳᠠᠯᠳᠠ ᠬᠡᠮ ᠵᠢᠴᠢ ᠡᠷᠦᠬᠡ ᠳᠤ ᠭᠦᠨᠵᠡᠭᠡᠶᠢᠷᠡᠵᠦ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠠᠷᠢᠯᠭᠠᠬᠤ ᠂ ᠤᠬᠠᠭᠤᠯᠬᠤ ᠠᠵᠢᠯᠯᠠᠭ᠎ᠠ ᠥᠷᠨᠢᠭᠦᠯᠪᠡ᠃      ᠬᠡᠳᠦᠨ ᠡᠳᠦᠷ ᠤᠨ ᠠᠵᠢᠯᠯᠠᠭ᠎ᠠ ᠪᠠᠷ ᠳᠡᠮᠵᠢᠨ᠂ ᠠᠵᠢᠯᠲᠠᠳ ᠬᠠᠷᠢᠶ᠎ᠠ ᠣᠷᠣᠨ ᠤ ᠪᠠᠨ ᠲᠡᠮᠦᠷ ᠵᠠᠮ ᠤᠨ ᠪᠥᠬᠦ ᠱᠤᠭᠤᠮ ᠳᠤ ᠲᠣᠭᠤᠷᠢᠨ ᠪᠠᠶᠢᠴᠠᠭᠠᠯᠲᠠ ᠬᠢᠵᠦ᠂ ᠵᠠᠮ ᠳᠠᠭᠠᠤ ᠶᠢᠨ ᠡᠪᠳᠡᠷᠡᠵᠦ ᠰᠦᠢᠳᠦᠭᠰᠡᠨ ᠵᠠᠮ ᠢ ᠨᠢᠭᠡᠳ ᠨᠢᠭᠡ ᠪᠠᠷ ᠰᠡᠯᠪᠢᠨ ᠵᠠᠰᠠᠵᠤ ᠳᠡᠩᠰᠡᠯᠡᠨ ᠲᠡᠮᠳᠡᠭᠯᠡᠵᠦ᠂ ᠬᠤᠯᠪᠣᠭᠳᠠᠯ ᠪᠥᠬᠦᠶ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ  ᠪᠠᠶᠢᠴᠠᠭᠠᠨ ᠠᠷᠢᠯᠭᠠᠪᠠ᠃      ᠬᠤᠭᠤᠴᠠᠭᠠᠨ ᠳᠤ᠂ ᠬᠠᠳᠠᠪᠴᠢ ᠪᠠᠯᠭᠠᠰᠤ ᠲᠡᠮᠦᠷ ᠵᠠᠮ ᠤᠨ ᠵᠠᠮ ᠬᠠᠮᠠᠭᠠᠯᠠᠭᠴᠢ ᠶᠢ ᠵᠣᠬᠢᠶᠠᠨ ᠪᠠᠶᠢᠭᠤᠯᠵᠤ ᠮᠠᠯᠵᠢᠬᠤ ᠡᠷᠦᠬᠡ ᠪᠠᠷ ᠭᠦᠨᠵᠡᠭᠡᠶ ᠰᠤᠷᠪᠤᠯᠵᠢᠯᠠᠨ ᠤᠬᠠᠭᠤᠯᠭ᠎ᠠ ᠬᠥᠮᠦᠵᠢᠯ ᠵᠢᠴᠢ ᠵᠥᠷᠢᠴᠡᠯ ᠵᠢᠭᠤᠷᠠᠯᠳᠤᠭᠠᠨ ᠢ ᠪᠠᠶᠢᠴᠠᠭᠠᠨ ᠰᠢᠢᠳᠪᠦᠷᠢᠯᠡᠬᠦ ᠠᠵᠢᠯᠯᠠᠭ᠎ᠠ ᠥᠷᠨᠢᠭᠦᠯᠵᠦ᠂ ᠲᠡᠮᠦᠷ ᠵᠠᠮ ᠳᠠᠭᠠᠤ ᠶᠢᠨ ᠮᠠᠯᠵᠢᠬᠤ ᠡᠷᠦᠬᠡ ᠳᠤ ᠤᠬᠠᠭᠤᠯᠭ᠎ᠠ ᠶᠢᠨ ᠬᠠᠭᠤᠳᠠᠰᠤ ᠲᠠᠷᠬᠠᠭᠠᠵᠤ᠂ ᠲᠡᠮᠦᠷ ᠵᠠᠮ ᠤᠨ ᠵᠠᠮ ᠬᠠᠮᠠᠭᠠᠯᠠᠬᠤ ᠬᠠᠤᠯᠢ ᠴᠠᠭᠠᠵᠠ ᠬᠠᠤᠯᠢ ᠲᠣᠭᠲᠠᠭᠠᠯ ᠢ ᠲᠠᠶᠢᠯᠪᠤᠷᠢᠯᠠᠨ᠂ ᠲᠡᠮᠦᠷ ᠵᠠᠮ ᠢ ᠬᠠᠶᠢᠷᠠᠯᠠᠵᠤ ᠵᠠᠮ ᠬᠠᠮᠠᠭᠠᠯᠠᠬᠤ ᠠᠭᠤᠯᠭ᠎ᠠ ᠶᠢ ᠶᠡᠭᠡ ᠪᠠᠷ ᠤᠬᠠᠭᠤᠯᠵᠤ ᠂ ᠣᠯᠠᠨ ᠲᠦᠮᠡᠨ ᠤ ᠲᠡᠮᠦᠷ ᠵᠠᠮ ᠤᠨ ᠵᠠᠮ ᠬᠠᠮᠠᠭᠠᠯᠠᠬᠤ ᠬᠠᠤᠯᠢ ᠴᠠᠭᠠᠵᠠ ᠶᠢᠨ ᠲᠤᠬᠠᠶ ᠲᠠᠨᠢᠯᠲᠠ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠡᠮᠦᠷ ᠵᠠᠮ ᠤᠨ ᠠᠮᠤᠷ ᠲᠦᠪᠰᠢᠨ ᠤ ᠬᠥᠮᠦᠵᠢᠯ ᠢ ᠴᠢᠩᠭᠠᠳᠬᠠᠨ᠂ ᠥᠷᠭᠡᠨ ᠣᠯᠠᠨ ᠲᠦᠮᠡᠨ ᠤ ᠵᠠᠮ ᠬᠠᠮᠠᠭᠠᠯᠠᠬᠤ ᠳᠤ ᠣᠷᠣᠯᠴᠠᠬᠤ ᠨᠡᠶᠢᠭᠡᠮ ᠤᠨ ᠬᠠᠷᠢᠭᠤᠴᠠᠯᠭᠠᠲᠤ ᠰᠡᠳᠬᠢᠯᠭᠡ ᠶᠢ ᠪᠠᠲᠤᠳᠬᠠᠪᠠ᠃      ᠲᠠᠷᠠᠭᠠᠴᠢ ᠶᠢᠨ ᠠᠯᠬᠤᠮ ᠳᠤ᠂ ᠪᠢᠳᠡ ᠠᠮᠤᠷ ᠲᠦᠪᠰᠢᠨ ᠲᠣᠭᠲᠠᠭᠤᠨ ᠪᠠᠶᠢᠬᠤ ᠪᠣᠯ ᠲᠡᠷᠢᠭᠦᠨ ᠴᠢᠬᠤᠯᠠ ᠶᠠᠪᠤᠳᠠᠯ ᠪᠣᠯᠬᠤ ᠶᠢ ᠪᠠᠷᠢᠮᠲᠠᠯᠠᠵᠤ᠂ ︽ᠲᠡᠮᠦᠷ ᠵᠠᠮ ᠤᠨ ᠬᠠᠤᠯᠢ︾᠂ ︽ᠲᠡᠮᠦᠷ ᠵᠠᠮ ᠤᠨ ᠲᠡᠭᠡᠭᠡᠪᠦᠷᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢᠨ ᠲᠦᠷᠢᠮ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠭᠦᠨᠵᠡᠭᠡᠶ ᠤᠬᠠᠭᠤᠯᠤᠨ ᠲᠤᠤᠱᠯᠠᠭᠤᠯᠵᠤ᠂ ᠥᠷᠭᠡᠨ ᠣᠯᠠᠨ ᠲᠦᠮᠡᠨ ᠢ ᠤᠬᠠᠮᠰᠠᠷ ᠠᠴᠠ ᠪᠠᠨ ᠬᠠᠤᠯᠢ ᠶᠢ ᠮᠡᠳᠡᠬᠦ᠂ ᠬᠠᠤᠯᠢ ᠶᠢ ᠰᠠᠬᠢᠬᠤ᠂ ᠵᠠᠮ ᠢ ᠬᠠᠶᠢᠷᠠᠯᠠᠬᠤ᠂ ᠵᠠᠮ ᠢ ᠬᠠᠮᠠᠭᠠᠯᠠᠬᠤ ᠶᠢ ᠬᠥᠮᠦᠵᠢᠭᠦᠯᠦᠨ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠵᠠᠮ ᠬᠠᠮᠠᠭᠠᠯᠠᠬᠤ ᠬᠤᠯᠪᠣᠭᠠᠯᠠᠨ ᠰᠡᠷᠭᠡᠶᠢᠯᠡᠬᠦ ᠠᠵᠢᠯ ᠳᠤ ᠢᠳᠡᠪᠬᠢᠲᠡᠶ ᠣᠷᠣᠯᠴᠠᠭᠤᠯᠵᠤ᠂ ᠲᠡᠮᠦᠷ ᠵᠠᠮ ᠤᠨ ᠬᠠᠮᠠᠭᠠᠯᠠᠯᠲᠠ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠨ᠎ᠠ︔ ᠬᠦᠨᠵᠡᠭᠡᠶᠢᠷᠡᠨ ᠰᠤᠷᠪᠤᠯᠵᠢᠯᠠᠬᠤ ᠠᠵᠢᠯᠯᠠᠭ᠎ᠠ ᠥᠷᠨᠢᠭᠦᠯᠬᠦ ᠶᠢ ᠪᠠᠷᠢᠮᠲᠠᠯᠠᠵᠤ᠂ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠪᠦᠲᠦᠮᠵᠢᠲᠡᠶ ᠪᠠᠷ ᠠᠷᠢᠯᠭᠠᠵᠤ᠂ ᠬᠠᠷᠢᠶ᠎ᠠ ᠣᠷᠣᠨ ᠤ ᠠᠮᠤᠷ ᠲᠦᠪᠰᠢᠨ ᠲᠣᠭᠲᠠᠭᠤᠨ ᠪᠠᠶᠢᠬᠤ ᠶᠢ ᠦᠨᠡᠨᠬᠦ ᠪᠠᠲᠤᠯᠠᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号