ᠵᠡᠭᠦᠨ ᠦᠵᠦᠮᠦᠴᠢᠨ ᠬᠤᠰᠢᠭᠤᠨ ᠤ ᠬᠢᠨ ᠪᠡᠭᠡᠵᠢᠩ ᠳᠤ ᠬᠦᠷᠴᠦ ᠵᠡᠭᠦᠨ ᠬᠠᠳᠠᠪᠴᠢ ᠪᠣᠭᠤᠮᠲᠠ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠤᠶᠤᠨᠲᠤ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠲᠦᠷᠦᠯ ᠵᠦᠢᠯ ᠢ ᠵᠣᠯᠭᠠᠭᠤᠯᠪᠠ
ᠨᠡᠶᠢᠲᠡᠯᠡᠭᠰᠡᠨ ᠴᠠᠭ᠄
2023/1/29
      ᠰᠢᠨ᠎ᠡ ᠵᠢᠯ ᠤᠨ ᠡᠬᠢᠨ ᠳᠤ᠂ ᠵᠡᠭᠦᠨ ᠦᠵᠦᠮᠦᠴᠢᠨ ᠬᠤᠰᠢᠭᠤ ᠠᠷᠠᠯᠵᠢᠶᠠᠴᠢᠨ ᠤᠷᠢᠵᠤ ᠪᠡᠯᠡ ᠣᠷᠣᠭᠤᠯᠬᠤ ︽ᠲᠡᠷᠢᠭᠦᠨ ᠢᠨᠵᠧᠨᠧᠷᠢᠩ︾ ᠤᠨ ᠤᠢᠢᠯᠠᠭᠠᠭᠳᠠᠬᠤᠨ ᠢ ᠪᠠᠷᠢᠮᠲᠠᠯᠠᠵᠤ᠂ ᠡᠷᠲᠡ ᠠᠴᠠ ᠲᠥᠯᠥᠪᠵᠢᠭᠦᠯᠵᠦ᠂ ᠲᠦᠷᠭᠡᠨ ᠬᠥᠳᠡᠯᠦᠯᠴᠡᠵᠦ᠂ ᠣᠨ ᠤ ᠬᠠᠷᠠᠯᠲᠠ ᠪᠠᠨ ᠴᠢᠩᠭ᠎ᠠ ᠠᠩᠬᠠᠷᠴᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ 1 ᠰᠠᠷ᠎ᠠ ᠶᠢᠨ 14 — 15 ᠤ ᠡᠳᠦᠷ ᠪᠣᠯᠲᠠᠯ᠎ᠠ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠪᠦᠯᠬᠦᠮ ᠳᠠᠭᠠᠭᠤᠯᠤᠨ ᠪᠡᠭᠡᠵᠢᠩ ᠳᠤ ᠬᠦᠷᠴᠦ᠂ ᠵᠡᠭᠦᠨ ᠬᠠᠲᠠᠪᠴᠢ ᠪᠣᠭᠤᠮᠲᠠ ᠶᠢᠨ ᠪᠣᠰᠤᠭ᠎ᠠ ᠴᠣᠭᠴᠠᠲᠤ ᠵᠠᠮ ᠬᠠᠷᠢᠯᠴᠠᠭᠠᠨ ᠤ ᠤᠶᠤᠨᠲᠤ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠲᠦᠷᠦᠯ ᠵᠦᠢᠯ ᠤᠨ ᠲᠣᠭᠤᠷᠢᠨ ᠳᠤ ᠵᠣᠯᠭᠠᠯᠴᠠᠭ᠎ᠠ ᠥᠷᠨᠢᠭᠦᠯᠵᠡᠢ᠃ ᠵᠠᠰᠠᠭ ᠤᠨ ᠣᠷᠳᠣᠨ ᠤ ᠳᠡᠳ᠋ ᠬᠤᠰᠢᠭᠤ ᠳᠠᠷᠤᠭ᠎ᠠ ᠠᠯᠲᠠᠨᠪᠠᠭᠠᠨ᠎ᠠ᠂ ᠬᠤᠰᠢᠭᠤ ᠨᠠᠮ ᠤᠨ ᠬᠤᠷᠢᠶᠠᠨ ᠤ ᠠᠯᠪᠠᠨ ᠬᠡᠷ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠂ ᠪᠣᠭᠤᠮᠲᠠ ᠶᠢᠨ ᠵᠥᠪᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠪᠠᠷ᠎ᠠ ᠪᠣᠯᠵᠣ ᠣᠷᠣᠯᠴᠠᠵᠠᠶ᠃      ᠬᠤᠷᠠᠯ ᠳᠡᠭᠡᠷ᠎ᠡ᠂ ᠢ ᠳ᠋ᠠ ᠽᠥᠩ ᠰᠲ᠋ᠣᠺ ᠡᠵᠡᠮᠳᠡᠬᠦ ᠬᠢᠵᠠᠭᠠᠷᠲᠤ ᠺᠣᠮᠫᠠᠨᠢ ᠶᠢᠨ ᠬᠠᠷᠢᠭᠤᠴᠠᠯᠭᠠᠲᠠᠨ ᠲᠦᠷᠦᠯ ᠵᠦᠢᠯ ᠤᠨ ᠠᠬᠢᠴᠠ᠂ ᠠᠬᠢᠭᠤᠯᠬᠤ ᠲᠥᠯᠥᠪᠯᠡᠭᠡ᠂ ᠲᠥᠯᠥᠪᠵᠢᠭᠦᠯᠭᠡ ᠶᠢᠨ ᠭᠠᠵᠠᠷ ᠰᠣᠩᠭᠤᠬᠤ ᠵᠡᠷᠭᠡ ᠲᠠᠯ᠎ᠠ ᠪᠠᠷ ᠨᠠᠷᠢᠨ ᠨᠢᠭᠲᠠ ᠬᠠᠷᠢᠭᠤ ᠮᠡᠳᠡᠭᠦᠯᠦᠯᠲᠡ ᠬᠢᠵᠡᠢ᠃      ᠬᠢᠩᠭᠠᠨ ᠡᠩ ᠲᠡᠷᠢᠭᠦᠨ ᠳᠤ ᠢ ᠳ᠋ᠠ ᠽᠥᠩ ᠬᠤᠪᠢ ᠡᠵᠡᠮᠳᠡᠬᠦ ᠬᠢᠵᠠᠭᠠᠷᠲᠤ ᠺᠣᠮᠫᠠᠨᠢ ᠶᠢᠨ ᠵᠡᠭᠦᠨ ᠬᠠᠳᠠᠪᠴᠢ ᠪᠣᠭᠤᠮᠲᠠ ᠶᠢᠨ ᠪᠡᠯᠡ ᠣᠷᠣᠭᠤᠯᠤᠯᠲᠠ ᠶᠢ ᠬᠠᠯᠠᠭᠤᠨ ᠢᠶᠠᠷ ᠤᠭᠲᠤᠵᠤ ᠪᠠᠶᠢᠬᠤ ᠪᠠᠨ ᠢᠯᠡᠳᠬᠡᠵᠦ᠂ ᠢ ᠳ᠋ᠠ ᠽᠥᠩ ᠤᠨ ᠵᠡᠭᠦᠨ ᠬᠠᠳᠠᠪᠴᠢ ᠪᠣᠭᠤᠮᠲᠠ ᠶᠢᠨ ᠲᠦᠷᠦᠯ ᠵᠦᠢᠯ ᠤᠨ ᠡᠮᠦᠨᠡᠬᠢ ᠬᠤᠭᠤᠴᠠᠭᠠᠨ ᠤ ᠠᠬᠢᠴᠠ ᠶᠢᠨ ᠡᠷᠴᠢᠮ ᠢ ᠨᠤᠲᠠᠯᠠᠪᠠ᠃ ᠲᠡᠷᠡ ᠢᠯᠡᠷᠬᠡᠶᠢᠯᠡᠬᠦ ᠳᠡᠭᠡᠨ᠂ ᠢ ᠳ᠋ᠠ ᠽᠥᠩ ᠪᠣᠭᠤᠮᠲᠠ ᠶᠢᠨ ᠪᠠᠷᠠᠭᠠᠨ ᠤ ᠭᠦᠢᠯᠭᠡᠭᠡᠨ ᠤ ᠬᠦᠷᠢᠶᠡᠨ ᠳᠤ ᠠᠮᠵᠢᠯᠲᠠ ᠲᠠᠢ ᠲᠤᠷᠰᠢᠯᠭ᠎ᠠ ᠲᠠᠢ ᠪᠠᠶᠢᠵᠤ᠂ ᠠᠵᠤ ᠠᠬᠤᠶᠢᠯᠠᠯ ᠤᠨ ᠳᠠᠪᠠᠭᠤᠯᠢᠭ ᠲᠣᠪᠤᠶᠢᠮ᠎ᠠ ᠪᠠᠶᠢᠳᠠᠭ ᠪᠣᠯᠬᠤᠷ ᠢ ᠳ᠋ᠠ ᠽᠥᠩ ᠤᠨ ᠪᠣᠭᠤᠮᠲᠠ ᠳᠤ ᠣᠷᠣᠬᠤ ᠳᠤ ᠯᠠᠪᠲᠠᠶ ᠵᠡᠭᠦᠨ ᠬᠠᠳᠠᠪᠴᠢ ᠪᠣᠭᠤᠮᠲᠠ ᠳᠤ ᠰᠢᠨ᠎ᠡ ᠠᠮᠢᠵᠢᠷᠠᠯ ᠤᠨ ᠬᠦᠴᠦᠨ ᠨᠡᠮᠡᠷᠢᠯᠡᠬᠦ ᠪᠣᠯᠤᠨ᠎ᠠ ᠭᠡᠵᠡᠶ᠃ ᠮᠠᠨ ᠤ ᠬᠤᠰᠢᠭᠤ ᠲᠥᠷᠥᠯ ᠵᠦᠢᠯ ᠤᠨ ᠲᠤᠰᠬᠠᠶ ᠠᠩᠭᠢ ᠶᠢ ᠠᠰᠢᠭᠯᠠᠨ᠂ ︽ᠠᠰᠠᠷᠠᠭᠴᠢ ᠮᠠᠶ᠋ᠢᠭ︾ ᠤᠨ ᠦᠢᠯᠡᠴᠢᠯᠡᠭᠡ ᠬᠠᠩᠭᠠᠵᠤ᠂ ᠨᠡᠪᠲᠡᠷᠡᠯᠴᠡᠨ ᠵᠣᠯᠭᠠᠭᠤᠯᠬᠤ ᠶᠢ ᠴᠢᠩᠭᠠᠳᠬᠠᠨ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠭᠦᠢᠴᠡᠳᠬᠡᠬᠦ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠲᠥᠷᠥᠯ ᠵᠦᠢᠯ ᠢ ︽ᠴᠠᠭᠠᠰᠤᠨ ᠳᠡᠭᠡᠷ᠎ᠡ︾ ᠪᠠᠶᠢᠭᠰᠠᠨ ᠠᠴᠠ ︽ᠭᠠᠵᠠᠷ ᠳᠡᠭᠡᠷ᠎ᠡ︾ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠤᠨ᠎ᠠ᠃ ᠡᠭᠦᠨ ᠤ ᠬᠠᠮᠲᠤ ᠢ ᠳ᠋ᠠ ᠽᠥᠩ ᠰᠲ᠋ᠣᠺ ᠡᠵᠡᠮᠳᠡᠬᠦ ᠬᠢᠵᠠᠭᠠᠷᠲᠤ ᠺᠣᠮᠫᠠᠨᠢ ᠡᠮᠦᠨᠡᠬᠢ ᠬᠤᠭᠤᠴᠠᠭᠠᠨ ᠤ ᠭᠠᠷ ᠭᠦᠢᠴᠡᠳᠬᠡᠯ ᠢ ᠲᠦᠷᠭᠡᠨ ᠭᠦᠢᠴᠡᠳᠬᠡᠵᠦ᠂ ᠲᠦᠷᠦᠯ ᠵᠦᠢᠯ ᠢ ᠲᠣᠭᠲᠠᠭᠰᠠᠨ ᠬᠤᠭᠤᠴᠠᠭᠠᠨ ᠳᠠᠭᠠᠨ ᠠᠵᠢᠯ ᠡᠬᠢᠯᠡᠭᠦᠯᠬᠦ ᠪᠠᠷ ᠴᠢᠷᠮᠠᠶᠢᠬᠤ ᠶᠢ ᠬᠦᠰᠡᠵᠦ ᠪᠠᠶᠢᠨ᠎ᠠ᠃      ᠠᠯᠳᠠᠨᠪᠠᠭᠠᠨ᠎ᠠ ᠵᠡᠭᠦᠨ ᠬᠠᠲᠠᠪᠴᠢ ᠪᠣᠭᠤᠮᠲᠠ ᠶᠢᠨ ᠰᠠᠭᠤᠷᠢ ᠲᠥᠬᠦᠭᠡᠷᠦᠮᠵᠢ ᠶᠢᠨ ᠣᠳᠣᠬᠢ ᠪᠠᠶᠢᠳᠠᠯ᠂ ᠪᠣᠭᠤᠮᠲᠠ ᠪᠠᠷ ᠥᠩᠭᠡᠷᠡᠬᠦ ᠪᠠᠶᠢᠳᠠᠯ ᠵᠡᠷᠭᠡ ᠪᠦᠬᠦ ᠲᠠᠯ᠎ᠠ ᠪᠠᠷ ᠲᠠᠨᠢᠯᠴᠠᠭᠤᠯᠵᠠᠢ᠃      ᠡᠨᠡ ᠬᠦ ᠵᠣᠷᠢᠯᠭ᠎ᠠ ᠶᠢ ᠬᠡᠷᠡᠭᠵᠢᠭᠦᠯᠪᠡᠯ᠂ ᠪᠣᠭᠤᠮᠲᠠ ᠶᠢᠨ ᠪᠠᠷᠠᠭᠠᠨ ᠤ ᠲᠡᠭᠡᠭᠡᠪᠦᠷᠢ ᠶᠢ ︽ᠲᠠᠷᠠᠬᠠᠶ ᠪᠤᠲᠠᠷᠬᠠᠶ ᠪᠠᠶᠢᠭᠰᠠᠨ ᠢ ᠲᠥᠪᠯᠡᠷᠡᠭᠦᠯᠦᠨ ᠲᠡᠭᠡᠭᠡᠪᠦᠷᠢᠯᠡᠬᠦ︾᠂ ᠬᠢᠯᠢ ᠠᠯᠤᠰᠯᠠᠭᠰᠠᠨ ᠢ ︽ᠤᠶᠤᠨᠵᠢᠭᠤᠯᠬᠤ︾ ᠶᠢ ᠪᠡᠶᠡᠯᠡᠭᠦᠯᠵᠦ᠂ ᠣᠯᠠᠨ ᠵᠦᠢᠯ ᠤᠨ ᠠᠷᠭ᠎ᠠ ᠮᠠᠶ᠋ᠢᠭ ᠢᠶᠠᠷ ᠲᠡᠭᠡᠭᠡᠪᠦᠷᠢᠯᠡᠬᠦ ᠰᠢᠨ᠎ᠡ ᠪᠠᠶᠢᠷᠢᠰᠢᠯ ᠢ ᠪᠣᠶ ᠪᠣᠯᠭᠠᠵᠤ᠂ ᠵᠡᠭᠦᠨ ᠬᠠᠲᠠᠪᠴᠢ ᠪᠣᠭᠤᠮᠲᠠ ᠶᠢᠨ ︽ᠪᠣᠬᠢᠷᠲᠤᠯ ᠥᠬᠡᠶ᠂ ᠣᠶᠤᠨᠴᠢ᠂ ᠠᠮᠤᠷ ᠲᠦᠪᠰᠢᠨ᠂ ᠥᠨᠳᠥᠷ ᠪᠦᠲᠦᠮᠵᠢᠲᠡᠶ︾ ᠬᠢᠷᠢ ᠲᠦᠪᠰᠢᠨ ᠢ ᠳᠡᠭᠡᠭᠰᠢᠯᠡᠭᠦᠯᠬᠦ ᠪᠣᠯᠤᠨ᠎ᠠ᠃    
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号