ᠣᠷᠴᠢᠮ ᠳᠤ ᠮᠠᠰᠢ ᠣᠯᠠᠨ ᠬᠥᠮᠦᠨ ᠲᠣᠯᠣᠭᠠᠶ ᠪᠠᠨ ᠤᠬᠢᠶᠠᠭᠰᠠᠨ ᠤ ᠳᠠᠷᠠᠭ᠎ᠠ ᠳᠠᠷᠤᠢ ᠳᠤᠨᠢ ᠦᠯᠢᠶᠡᠵᠦ | ᠬᠠᠲᠠᠭᠠᠬᠤ ᠡᠰᠡᠬᠦ ᠶᠢ ᠰᠦᠯᠵᠢᠶᠡᠨ ᠳᠡᠭᠡᠷ᠎ᠡ ᠮᠠᠷᠭᠤᠯᠳᠤᠵᠤ ᠪᠠᠶᠢᠨ᠎ᠠ᠃ ᠪᠡᠭᠡᠵᠢᠩ ᠶᠡᠭᠡ ᠰᠤᠷᠭᠠᠭᠤᠯᠢ ᠶᠢᠨ | ᠨᠢᠭᠡᠳᠦᠭᠡᠷ ᠡᠮᠨᠡᠯᠭᠡ ᠶᠢᠨ ᠬᠤᠷᠢᠶᠠᠨ ᠤ ᠠᠷᠠᠰᠤᠨ ᠤ ᠰᠠᠯᠠᠭᠠᠨ ᠤ ᠡᠷᠬᠢᠯᠡᠭᠴᠢ ᠡᠮᠴᠢ ᠶᠠᠩ ᠱᠤ᠋ ᠰᠢᠶᠠ | ᠢᠯᠡᠷᠬᠡᠶᠢᠯᠡᠬᠦ ᠳᠡᠭᠡᠨ᠄ ︽ᠲᠣᠯᠣᠭᠠᠶ ᠪᠠᠨ ᠤᠬᠢᠶᠠᠭᠰᠠᠨ ᠤ ᠳᠠᠷᠠᠭ᠎ᠠ ᠭᠡᠵᠢᠭᠡ ᠪᠠᠨ ᠳᠠᠷᠦ᠋ᠢᠬᠠᠨ ᠦᠯᠢᠶᠡᠨ ᠬᠠᠳᠠᠭᠠᠵᠤ | ᠪᠣᠯᠬᠤ ᠥᠬᠡᠶ︾᠂ ᠵᠠᠷᠢᠮ ᠬᠥᠮᠦᠨ ᠭᠡᠵᠢᠭᠡ ᠪᠠᠨ ᠤᠬᠢᠶᠠᠵᠤ ᠪᠠᠷᠠᠪᠠᠯ ᠴᠠᠬᠢᠯᠭᠠᠨ ᠦᠯᠢᠶᠡᠭᠦᠷ ᠢ ᠨᠡᠯᠢᠶᠡᠳ ᠶᠡᠭᠡ | ᠬᠠᠯᠠᠭᠤᠨ ᠳᠤ ᠲᠣᠬᠢᠷᠠᠭᠤᠯᠤᠨ ᠦᠯᠢᠶᠡᠯᠭᠡᠳᠡᠭ᠂ ᠡᠨᠡ ᠦᠶ᠎ᠡ ᠳᠤ ᠭᠡᠵᠢᠭᠡᠨ ᠳᠣᠲᠣᠷᠠᠬᠢ ᠤᠰᠤ ᠨᠢ ᠠᠭᠤᠷᠰᠢᠭᠠᠳ | ᠦᠰᠦ ᠠᠮᠠᠷᠬᠠᠨ ᠬᠤᠭᠤᠷᠳᠠᠭ ᠭᠡᠪᠡ᠃ ᠠᠶᠠᠨᠳᠠᠭᠠᠨ ᠬᠠᠳᠠᠭᠠᠬᠤ ᠳᠤᠷᠠᠲᠠᠶ ᠬᠥᠮᠦᠨ ᠳᠤ ᠶᠠᠩ ᠡᠮᠴᠢ | ᠰᠠᠨᠠᠭᠤᠯᠤᠭᠰᠠᠨ ᠨᠢ᠄ ︽ᠠᠶᠠᠨᠳᠠᠭᠠᠨ ᠬᠠᠲᠠᠭᠠᠬᠤ ᠶᠠᠪᠤᠴᠠ ᠳᠤ ᠭᠡᠵᠢᠭᠡ ᠪᠠᠨ ᠪᠢᠲᠡᠭᠡᠶ ᠠᠬᠢᠨ ᠲᠠᠬᠢᠨ ᠰᠠᠮᠨᠠᠭᠠᠳ | ᠪᠤᠢ︾᠃ ᠦᠰᠦ ᠨᠦᠢᠲᠠᠨ ᠦᠶ᠎ᠡ ᠳᠡᠭᠡᠨ᠂ ᠦᠰᠦᠨ ᠤ ᠦᠷᠦᠯᠲᠡ ᠶᠢᠨ ᠬᠦᠴᠦ ᠲᠦᠢᠯ ᠤᠨ ᠶᠡᠭᠡ᠂ ᠭᠡᠵᠢᠭᠡ | ᠪᠠᠰᠠ ᠨᠡᠯᠢᠶᠡᠳ ᠬᠡᠪᠡᠷᠡᠭ ᠪᠠᠶᠢᠳᠠᠯ ᠳᠤ ᠤᠷᠤᠵᠤ᠂ ᠳᠠᠬᠢᠨ ᠳᠠᠪᠲᠠᠨ ᠰᠠᠮᠨᠠᠪᠠᠯ ᠭᠡᠵᠢᠭᠡ ᠶᠢ ᠭᠡᠮᠲᠦᠭᠡᠨ᠎ᠡ ᠭᠡᠯᠡ᠃ | |