2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2023/1/5
ᠲᠥᠯᠥᠭᠡᠯᠡᠭᠴᠢᠳ ᠡ᠄      ᠤᠲᠤ ᠪᠢ᠂ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠤᠨ ᠢᠯᠡᠳᠭᠡᠯ ᠬᠢᠶ᠎ᠡ᠂ ᠬᠢᠨᠠᠨ ᠵᠥᠪᠯᠡᠬᠦ ᠪᠣᠯᠪᠠᠤ᠂ ᠤᠯᠤᠰ ᠳᠦᠷᠤ ᠶᠢᠨ  ᠵᠥᠪᠯᠡᠯᠭᠡᠨ ᠤ ᠭᠡᠰᠢᠭᠦᠳ ᠪᠠ ᠪᠣᠰᠤᠳ ᠬᠤᠷᠠᠯ ᠳᠤ ᠣᠷᠣᠯᠴᠠᠭᠰᠠᠳ ᠰᠠᠨᠠᠯ ᠵᠥᠪᠯᠡᠯᠭᠡ ᠪᠠᠨ ᠳᠡᠪᠰᠢᠭᠦᠯᠬᠦ ᠪᠣᠯᠪᠠᠤ᠃     ᠨᠢᠭᠡ᠂ ᠥᠩᠭᠡᠷᠡᠭᠰᠡᠨ ᠨᠢᠭᠡ ᠵᠢᠯ ᠤᠨ ᠠᠵᠢᠯ ᠤᠨ ᠡᠷᠭᠢᠴᠡᠭᠦᠯᠦᠯ      ᠨᠢᠭᠡ ᠵᠢᠯ ᠤᠨ ᠲᠤᠷᠰᠢ᠂ ᠳᠡᠭᠡᠷ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠤᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠣᠳᠣᠷᠢᠳᠣᠯᠭ᠎ᠠ ᠳᠤᠤᠷ᠎ᠠ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠳᠠᠯᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ᠂ ᠠᠷᠪᠠ ᠶᠢᠰᠦᠳᠦᠭᠡᠷ ᠬᠤᠭᠤᠴᠠᠭᠠᠨ ᠤ ᠤᠳᠠᠭ᠎ᠠ ᠪᠦᠷᠢ ᠶᠢᠨ ᠪᠦᠭᠦᠳᠡ ᠬᠤᠷᠠᠯ ᠪᠣᠯᠤᠨ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠲᠦᠪ ᠬᠤᠷᠢᠶᠠᠨ ᠤ ︽ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠵᠤ ᠠᠬᠤᠶ ᠶᠢ ᠲᠣᠭᠲᠠᠭᠤᠨ ᠪᠠᠶᠢᠯᠭᠠᠬᠤ᠂ ᠬᠥᠭᠵᠢᠯᠲᠡ ᠶᠢ ᠠᠮᠤᠷ ᠲᠦᠪᠰᠢᠨ ᠪᠠᠶᠢᠯᠭᠠᠬᠤ︾ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠣᠨ᠂ ᠬᠤᠰᠢᠭᠤ ᠠᠷᠪᠠᠨ ᠲᠦᠷᠪᠡᠳᠦᠭᠡᠷ ᠣᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠪᠠ ᠬᠤᠰᠢᠭᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠤᠳᠠᠭᠠᠨ ᠤ ᠬᠤᠷᠠᠯᠳᠤᠭᠠᠨ ᠤ ᠶᠡᠷᠦᠩᠬᠡᠢ ᠪᠠᠶᠢᠷᠢᠯᠠᠭᠤᠯᠣᠯᠲᠠ ᠶᠤᠰᠤᠭᠠᠷ᠂ ︽ᠵᠢᠷᠭᠤᠭ᠎ᠠ ᠶᠢ ᠲᠣᠭᠳᠠᠪᠦᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠣᠷᠢᠵᠢᠭᠤᠯᠵᠣ᠂ ᠬᠢᠵᠢᠭ ᠤᠨ ᠨᠦᠯᠦᠭᠡ ᠶᠢ ᠪᠠᠭᠠᠰᠬᠠᠨ᠂ ᠪᠥᠬᠦ ᠵᠢᠯ ᠤᠨ ᠵᠢᠱᠢᠭᠰᠡᠨ ᠬᠠᠷᠠᠯᠲᠠ ᠪᠠᠨ ᠪᠡᠶᠡᠯᠡᠭᠦᠯᠪᠡ᠃ ᠪᠦᠬᠦ ᠵᠢᠯ ᠤᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 71 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 6%᠎ ᠪᠠᠷ ᠨᠡᠮᠡᠭᠳᠡᠪᠡ︔ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 18.3 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ10%᠎ ᠪᠠᠷ ᠨᠡᠮᠡᠭᠳᠡᠪᠡ︔ ᠲᠦᠷᠦ ᠶᠢᠨ ᠪᠣᠳᠣᠯᠭ᠎ᠠ ᠶᠢᠨ ᠴᠢᠨᠠᠷᠲᠠᠢ ᠭᠠᠶᠢᠯᠢ ᠶᠢ ᠪᠣᠴᠠᠭᠠᠭᠰᠠᠨ ᠣᠷᠢᠳᠠᠯ ᠲᠣᠣᠷ᠎ᠠ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ 6.5 ᠳ᠋ᠦᠩᠰᠢᠭᠤᠷ ᠲᠦᠭᠦᠷᠢᠭ ᠲᠤ ᠬᠦᠷᠴᠣ᠂ ᠠᠳᠠᠯᠢ ᠬᠤᠭᠤᠴᠠᠭᠠᠨ ᠤ ᠬᠢ ᠠᠴᠠ 1%᠎ ᠪᠠᠷ ᠨᠡᠮᠡᠭᠳᠡᠪᠡ︔ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠤᠯᠠᠭᠤᠯᠤᠭᠰᠠᠨ ᠶᠡᠷᠦᠩᠬᠡᠢ ᠬᠡᠮᠵᠢᠶ᠎ᠡ 11.2 ᠳ᠋ᠦᠩᠰᠢᠭᠤᠷ ᠲᠦᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠎ ᠬᠢ ᠠᠴᠠ 1.8%᠎ ᠪᠠᠷ ᠨᠡᠮᠡᠭᠳᠡᠵᠣ᠂ ᠠᠵᠤ ᠠᠬᠤᠶ ᠶᠢᠨ ᠬᠦᠭᠵᠢᠯᠲᠡ ᠬᠡᠪ ᠤᠨ ᠪᠠᠶᠢᠳᠠᠯ ᠢᠶᠠᠨ ᠪᠠᠲᠤᠯᠠᠪᠠ ᠃        ——ᠥᠩᠭᠡᠷᠡᠭᠰᠡᠨ ᠨᠢᠭᠡ ᠵᠢᠯ ᠳᠤ᠂ ᠪᠢᠳᠡ ᠠᠵᠤ ᠦᠢᠯᠡᠰ ᠢ ᠬᠦᠭᠵᠢᠬᠦᠯᠵᠣ᠂ ᠪᠦᠲᠦᠴᠡ ᠶᠢ ᠰᠢᠯᠢᠳᠡᠭᠵᠢᠬᠦᠯᠬᠦ ᠶᠢ ᠬᠦᠴᠦᠯᠡᠨ ᠠᠳᠬᠤᠵᠣ᠂ ᠠᠵᠤ ᠦᠢᠯᠡᠰ ᠤᠨ ᠪᠦᠳᠦᠴᠡ ᠶᠢ  ᠬᠤᠪᠢᠷᠠᠭᠤᠯᠣᠨ ᠰᠢᠯᠢᠳᠡᠭᠵᠢᠬᠦᠯᠬᠦ ᠲᠠᠯ᠎ᠠ ᠪᠠᠷ ᠵᠣᠬᠢᠬᠤ ᠠᠮᠵᠢᠯᠲᠠ ᠣᠯᠪᠠ᠃ ᠠᠵᠤ ᠦᠢᠯᠡᠰ ᠤᠨ ᠪᠦᠳᠦᠴᠡ ᠶᠢ ᠬᠤᠪᠢᠷᠠᠭᠤᠯᠣᠨ ᠰᠢᠯᠢᠳᠡᠭᠵᠢᠬᠦᠯᠬᠦ ᠪᠠᠷ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠬᠦᠴᠦᠯᠡᠨ ᠠᠬᠢᠭᠤᠯᠬᠤ ᠶᠢᠨ ᠴᠢᠬᠤᠯᠠ ᠭᠠᠷᠳᠠᠴᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠭᠤᠷᠪᠠᠨ ᠠᠵᠣ ᠦᠢᠯᠡᠰ ᠤᠨ ᠵᠣᠬᠢᠴᠠᠩᠭᠤᠶ ᠬᠥᠭᠵᠢᠯᠲᠡ ᠶᠢ ᠳᠥᠯᠭᠢᠨ ᠠᠬᠢᠭᠤᠯᠪᠠ᠃ ᠵᠢᠯ ᠳᠤ 500 ᠲᠦᠮᠡᠨ ᠲᠥᠭᠦᠷᠢᠭ ᠠᠴᠠ ᠳᠡᠭᠡᠭᠰᠢᠬᠢ ᠭᠤᠣᠯᠳᠠᠯᠭᠠᠳᠣ ᠲᠥᠷᠥᠯ ᠵᠦᠢᠯ ᠢ 49 ᠲᠣᠬᠢᠷᠠᠭᠤᠯᠣᠨ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ 94%᠎ ᠳᠤ ᠬᠦᠷᠴᠦ᠂ ᠵᠢᠯ ᠤᠨ ᠪᠠᠯᠠ ᠣᠷᠣᠭᠤᠯᠤᠯᠲᠠ ᠶᠢᠨ ᠡᠭᠦᠷᠭᠡ ᠪᠠᠨ 105%᠎ ᠪᠠᠷ ᠪᠡᠶᠡᠯᠡᠬᠦᠯᠪᠡ᠃ ᠡᠭᠦᠨ ᠳᠤ 6 ᠠᠶᠢᠮᠠᠭ ᠤᠨ ᠲᠠᠰ ᠤᠨ ᠭᠤᠣᠯᠳᠠᠯᠭᠠᠳᠣ ᠲᠥᠷᠥᠯ ᠵᠦᠢᠯ ᠢ ᠪᠦᠬᠦᠨ ᠢ ᠠᠵᠢᠯ ᠡᠬᠢᠯᠡᠭᠦᠯᠵᠦ᠂ 8.4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠣᠨ᠂ ᠠᠳᠠᠯᠢ ᠬᠤᠭᠤᠴᠠᠭᠠᠨ ᠤ ᠬᠢ ᠠᠴᠠ 128.3%᠎ ᠪᠠᠷ ᠨᠡᠮᠡᠭᠳᠡᠪᠡ᠃ ᠤᠳᠤ ᠦᠶ᠎ᠡ ᠶᠢᠨ ᠮᠠᠯ ᠠᠵᠤ ᠠᠬᠤᠶ ᠶᠢ ᠬᠦᠭᠵᠢᠬᠦᠯᠪᠡ᠃ ︽ᠬᠤᠨᠢ ᠶᠢ ᠴᠦᠬᠡᠴᠢᠯᠡᠵᠦ ᠦᠬᠡᠷ ᠢ ᠨᠡᠮᠡᠭᠳᠡᠭᠦᠯᠬᠦ︾ ᠦᠷ᠎ᠡ ᠪᠦᠳᠦᠮᠵᠢ ᠶᠢ ᠦᠷᠭᠦᠯᠵᠢᠯᠡᠨ ᠪᠠᠬᠢᠵᠢᠭᠦᠯᠵᠦ᠂ ︽3+2︾ ᠮᠠᠯ ᠠᠵᠤ ᠠᠬᠤᠶ ᠶᠢᠨ ᠬᠥᠭᠵᠢᠯᠲᠡ ᠶᠢᠨ ᠵᠠᠭᠪᠤᠷ ᠢ ᠰᠢᠨᠵᠢᠯᠡᠬᠦ ᠣᠬᠠᠭᠠᠨᠴᠢ ᠪᠠᠷ ᠪᠠᠶᠢᠭᠤᠯᠤᠨ᠂ 2022 ᠣᠨ ᠤ ᠪᠥᠬᠦ ᠬᠤᠰᠢᠭᠤᠨ ᠤ ᠮᠠᠯ ᠤᠨ ᠲᠤᠭ᠎ᠠ 290.5 ᠲᠦᠮᠡ ᠬᠦᠷᠴᠦ ᠂ 128.9 ᠲᠦᠮᠡ ᠶᠢ  ᠵᠠᠷᠣᠴᠠᠭᠤᠯᠣᠨ᠂ ᠡᠭᠦᠨ ᠳᠤ ᠬᠤᠨᠢᠨ ᠤ ᠲᠤᠭ᠎ᠠ 262.6 ᠲᠦᠮᠡ᠂ ᠠᠳᠠᠯᠢ ᠬᠤᠭᠤᠴᠠᠭᠠᠨ ᠤ ᠬᠢ ᠠᠴᠠ 2.24%᠎ ᠪᠠᠷ ᠪᠠᠭᠤᠷᠠᠵᠤ᠂ ᠦᠬᠡᠷ ᠤᠨ ᠲᠤᠭ᠎ᠠ 20.9 ᠲᠦᠮᠡ᠂ ᠠᠳᠠᠯᠢ ᠬᠤᠭᠤᠴᠠᠭᠠᠨ ᠤ ᠬᠢ ᠠᠴᠠ 22.9 %᠎ ᠪᠠᠷ ᠨᠡᠮᠡᠭᠳᠡᠪᠡ᠃ ᠦᠵᠦᠮᠦᠴᠢᠨ ᠬᠤᠨᠢᠨ ᠤ ᠡᠭᠦᠯᠳᠡᠷ ᠢ ᠴᠡᠪᠡᠷᠰᠢᠭᠦᠯᠦᠨ ᠦᠷ᠎ᠡ ᠠᠰᠢᠭ ᠢ ᠳᠡᠭᠡᠭᠰᠢᠯᠡᠭᠦᠯᠬᠦ ᠠᠵᠢᠯ ᠢ ᠰᠠᠶᠢᠲᠤᠷ ᠠᠳᠬᠤᠵᠤ᠂ ᠦᠵᠦᠮᠦᠴᠢᠨ ᠬᠤᠨᠢᠨ ᠤ ᠦᠷ᠎ᠡ ᠶᠢᠨ ᠮᠠᠯ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠬᠦ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠦᠯ ᠢ ᠳᠣᠭᠳᠠᠭᠠᠨ᠂ 116 ᠲᠦᠮᠡᠨ ᠡᠬᠡ ᠮᠠᠯ ᠢ ᠡᠬᠦᠯᠳᠡᠷ ᠰᠣᠩᠭᠤᠨ ᠬᠡᠬᠡᠯᠳᠦᠭᠦᠯᠬᠦ ᠪᠠ 4 ᠲᠦᠮᠡᠨ ᠬᠤᠨᠢᠨ ᠳᠤ ᠭᠠᠷ ᠬᠡᠭᠡᠯᠳᠦᠭᠦᠯᠭᠡ ᠬᠢᠬᠦ ᠡᠭᠦᠷᠭᠡ ᠶᠢ ᠪᠡᠶᠡᠯᠡᠭᠦᠯᠪᠡ᠃ 21ᠦᠵᠦᠮᠦᠴᠢᠨ ᠬᠤᠨᠢ ᠲᠡᠵᠢᠭᠡᠨ ᠦᠷᠡᠵᠢᠭᠦᠯᠬᠦ ᠲᠠᠯᠠᠪᠠᠶ᠂ 290 ᠭᠤᠤᠯᠳᠠᠯᠭᠠᠲᠤ ᠰᠦᠷᠦᠭ ᠢ ᠪᠠᠬᠢᠵᠢᠭᠦᠯᠵᠦ᠂ ᠪᠠᠷᠢᠮᠵᠢᠶᠠᠵᠢᠭᠰᠠᠨ ᠰᠦᠷᠦᠭ ᠢ 2600 ᠪᠣᠯᠭᠠᠨ᠂ ᠪᠥᠬᠦ ᠬᠤᠰᠢᠭᠤᠨ ᠤ 62 ᠭᠠᠴᠠᠭ᠎ᠠ ᠶᠢᠨ ᠬᠤᠴᠠ ᠬᠢᠨᠠᠨ ᠲᠣᠭᠲᠠᠭᠠᠬᠤ ᠠᠵᠢᠯ ᠢ ᠪᠡᠶᠡᠯᠡᠭᠦᠯᠵᠦ᠂ ᠬᠤᠴᠠ ᠶᠢᠨ ᠬᠢᠷᠢ ᠲᠡᠩᠴᠡᠭᠰᠡᠨ ᠨᠣᠷᠮ᠎ᠠ ᠪᠠ ᠰᠠᠭᠤᠷᠢ ᠡᠬᠡ ᠮᠠᠯ ᠤᠨ ᠪᠠᠷᠢᠮᠵᠢᠶ᠎ᠠ ᠳᠤ ᠬᠦᠷᠦᠭᠰᠡᠨ ᠨᠣᠷᠮ᠎ᠠ ᠲᠣᠰ ᠲᠣᠰ 85% ᠪᠠ 90%᠎ ᠳᠤ ᠬᠦᠷᠪᠡ᠃ ᠮᠢᠬᠠᠨ ᠦᠬᠡᠷ ᠤᠨ ᠭᠤᠤᠯᠳᠠᠯᠭᠠᠲᠤ ᠰᠦᠷᠦᠭ ᠤᠨ ᠪᠥᠲᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠨ᠂ ᠲᠣᠰ ᠵᠢᠯ 5 ᠭᠤᠤᠯᠳᠠᠯᠭᠠᠲᠤ ᠰᠦᠷᠦᠭ᠂ 2 ᠪᠣᠷᠳᠣᠵᠤ ᠲᠠᠷᠭᠤᠯᠠᠭᠤᠯᠬᠤ ᠲᠠᠯᠠᠪᠠᠶ ᠶᠢ ᠪᠠᠶᠢᠭᠤᠯᠤᠨ᠂ ᠭᠠᠷ ᠬᠡᠭᠡᠯᠳᠦᠭᠦᠯᠭᠡ ᠶᠢᠨ ᠮᠡᠷᠭᠡᠵᠢᠯ ᠢ ᠰᠢᠯᠢᠳᠡᠭᠵᠢᠭᠦᠯᠦᠨ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠦᠷᠡᠵᠢᠯᠲᠡ ᠶᠢᠨ ᠨᠣᠷᠮ᠎ᠡ ᠶᠢ 86%᠎ ᠳᠤ ᠬᠦᠷᠭᠡᠵᠣ᠂ ᠠᠶᠢᠮᠠᠭ ᠤᠨ ᠲᠠᠰ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠤᠯᠳᠠᠯᠭᠠᠲᠤ ᠰᠦᠷᠦᠭ 30᠎ ᠳᠤ ᠬᠦᠷᠴᠦ᠂ ᠰᠢᠯᠢᠳᠡᠭ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠶᠢ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠭᠤᠯᠪᠡ᠃ ᠤᠯᠢᠶᠠᠰᠤᠲᠠᠶ ᠪᠠᠯᠭᠠᠰᠤ᠂ ᠬᠠᠳᠠᠪᠴᠢ ᠪᠠᠯᠭᠠᠰᠤ᠂ ᠡᠵᠢᠨᠠᠭᠤᠷ ᠪᠠᠯᠭᠠᠰᠤ᠂ ᠠᠯᠲᠠᠨᠬᠢᠯᠢ ᠰᠤᠮᠤ ᠵᠡᠷᠭᠡ 4 ᠰᠤᠮᠤ ᠪᠠᠯᠭᠠᠰᠤ ᠶᠢᠨ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡᠨ ᠤ ᠲᠤᠷᠰᠢᠯᠲᠠ ᠶᠢᠨ ᠠᠵᠢᠯ ᠢ ᠢᠳᠡᠪᠬᠢᠲᠡᠶ ᠠᠬᠢᠭᠤᠯᠵᠤ᠂ ᠣᠯᠠᠨ ᠳᠠᠪᠬᠤᠷᠭᠠᠳᠣ᠂ ᠣᠯᠠᠨ ᠶᠠᠩᠵᠣᠳᠣ ᠮᠠᠯ ᠡᠮᠨᠡᠯᠭᠡ ᠶᠢᠨ ᠦᠢᠯᠡᠴᠢᠯᠡᠭᠡᠨ ᠤ ᠬᠡᠷᠡᠭᠴᠡᠭᠡ ᠶᠢ ᠪᠦᠲᠦᠮᠵᠢᠲᠡᠶ ᠬᠠᠩᠭᠠᠪᠡ᠃ ᠰᠠᠮᠠᠢ ᠰᠤᠮᠤ ᠶᠢᠨ ᠮᠠᠨᠳᠤᠯᠲᠤ ᠭᠠᠴᠠᠭ᠎ᠠ ᠶᠢᠨ ᠡᠪᠡᠰᠦ ᠪᠣᠷᠳᠤᠭ᠎ᠠ ᠨᠥᠭᠡᠴᠡᠯᠡᠬᠦ ᠰᠠᠭᠤᠷᠢᠨ ᠭᠠᠵᠠᠷ ᠢ ᠠᠰᠢᠭᠯᠠᠯᠲᠠ ᠳᠤ ᠣᠷᠣᠭᠤᠯᠤᠨ᠂ ᠪᠦᠬᠦ ᠬᠤᠰᠢᠭᠤᠨ ᠤ ᠡᠪᠡᠰᠦ ᠪᠡᠯᠴᠢᠭᠡᠷ ᠤᠨ ᠤᠨᠠᠯᠲᠠ 41.2 ᠲᠦᠮᠡᠨ ᠲᠣᠨ ᠳᠤ ᠬᠦᠷᠴᠦ᠂ ᠡᠪᠡᠰᠦ ᠪᠡᠯᠴᠢᠭᠡᠷ ᠤᠨ ᠤᠨᠠᠯᠲᠠ ᠪᠠ ᠬᠠᠩᠭᠠᠯᠭ᠎ᠠ ᠶᠢᠨ ᠬᠡᠮᠵᠢᠶ᠎ᠡ ᠴᠥᠮ ᠪᠥᠬᠦ ᠠᠶᠢᠮᠠᠭ ᠲᠤ ᠲᠦᠷᠦᠭᠦᠯᠡᠪᠡ᠃ ᠮᠣᠩᠭᠤᠯ ᠠᠳᠤᠭᠤᠨ ᠤ ᠭᠤᠣᠯᠳᠠᠯᠭᠠᠲᠤ ᠰᠦᠷᠦᠭ ᠪᠠ ᠡᠭᠦᠯᠳᠡᠷ ᠬᠠᠮᠠᠭᠠᠯᠠᠬᠤ ᠡᠷᠴᠢᠮ ᠢ ᠴᠢᠩᠭᠠᠳᠬᠠᠵᠤ᠂ ᠮᠣᠩᠭᠤᠯ ᠠᠳᠣᠭᠤᠨ ᠤ ᠬᠢᠨᠠᠨ ᠲᠣᠭᠳᠠᠭᠠᠬᠤ ᠨᠣᠷᠮ᠎ᠠ 100%᠎ ᠳᠤ ᠬᠦᠷᠪᠡ᠃ ᠦᠵᠦᠮᠦᠴᠢᠨ ᠣᠯᠠᠮᠵᠢᠯᠠᠯᠲᠣ ᠴᠠᠭᠠᠨ ᠢᠳᠡᠭᠡᠨ ᠤ ᠦᠢᠯᠡᠰ ᠢ ᠪᠦᠬᠦ ᠲᠠᠯ᠎ᠠ ᠪᠠᠷ ᠭᠦᠭᠵᠢᠬᠦᠯᠦᠨ᠂ 687 ᠲᠦᠮᠡᠨ ᠲᠥᠭᠦᠷᠢᠭ ᠤᠨ ᠪᠠᠯᠠ ᠣᠷᠣᠭᠤᠯᠵᠣ᠂ 3 ᠴᠡᠭᠡ ᠪᠣᠯᠪᠠᠰᠤᠷᠠᠭᠤᠯᠬᠤ ᠲᠤᠷᠰᠢᠯᠲᠠ ᠶᠢᠨ ᠴᠡᠭ ᠪᠠ 17 ᠴᠠᠭᠠᠨ ᠢᠳᠡᠭᠡ ᠡᠳ᠋ᠰᠢᠭᠦᠯᠦᠨ ᠪᠣᠯᠪᠠᠰᠣᠷᠠᠭᠤᠯᠬᠤ ᠭᠤᠣᠯ ᠴᠣᠭᠴᠠ ᠶᠢ ᠳᠡᠮᠵᠢᠨ᠂ ᠪᠥᠬᠦ ᠬᠤᠰᠢᠭᠤᠨ ᠤ ᠡᠵᠡᠩᠨᠡᠯᠲᠡ ᠶᠢᠨ ᠦᠨᠡᠮᠯᠡᠯ ᠲᠠᠢ ᠤᠯᠠᠮᠵᠢᠯᠠᠯᠲᠤ ᠴᠠᠭᠠᠨ ᠢᠳᠡᠭᠡᠨ ᠤ ᠭᠤᠣᠯ ᠴᠣᠭᠴᠠ ᠨᠡᠶᠢᠳᠡ 50 ᠬᠦᠷᠴᠦ᠂ ᠪᠥᠬᠦ ᠵᠢᠯ ᠳᠤ 65 ᠲᠦᠮᠡᠨ ᠵᠢᠩ ᠴᠠᠭᠠᠨ ᠢᠳᠡᠭᠡ ᠪᠣᠯᠪᠠᠰᠤᠷᠠᠭᠤᠯᠪᠠ᠃ ᠠᠵᠤ ᠦᠢᠯᠡᠳᠪᠦᠷᠢ ᠶᠢᠨ ᠠᠵᠤ ᠠᠬᠤᠶ ᠶᠢ ᠲᠣᠭᠲᠠᠭᠤᠨ ᠢᠶᠠᠷ ᠭᠦᠭᠵᠢᠭᠦᠯᠪᠡ᠃ ᠪᠣᠬᠢᠷᠲᠤᠯ ᠥᠬᠡᠶ ᠬᠥᠭᠵᠢᠯᠲᠡ᠂ ᠣᠷᠴᠢᠯᠲᠦ ᠬᠥᠭᠵᠢᠯᠲᠡ᠂ ᠳᠣᠤᠷ᠎ᠠ ᠨᠡᠭᠦᠷᠡᠰᠦᠲᠥ᠋ᠷᠥᠭᠴᠢᠲᠦ ᠬᠥᠭᠵᠢᠯᠲᠡ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠨ᠂ ᠰᠢᠯᠢᠨ ᠠᠭᠤᠷᠬᠠᠶ ᠶᠢᠨ ᠦᠢᠯᠡᠰ᠂ ᠷᠦᠩ ᠭᠤᠸᠠᠨ ᠠᠭᠤᠷᠬᠠᠶ ᠶᠢᠨ ᠦᠢᠯᠡᠰ᠂ ᠱᠠᠨᠳᠦ᠋ᠩ ᠤᠨ ᠠᠷᠤᠬᠠᠳᠠ ᠪᠠ ᠪᠠᠶᠠᠨᠬᠦ᠋ᠭᠡᠪᠦᠷ ᠠᠭᠤᠷᠬᠠᠶ ᠶᠢᠨ ᠦᠢᠯᠡᠰ ᠤᠨ ᠡᠨᠧᠷᠭᠢ ᠠᠷᠪᠢᠯᠠᠬᠤ ᠮᠡᠷᠭᠡᠵᠢᠯ ᠤᠨ ᠰᠢᠨᠡᠴᠢᠯᠡᠯᠲᠡ ᠬᠢᠬᠦ ᠶᠢ ᠪᠡᠶᠡᠯᠡᠭᠦᠯᠵᠤ᠂ ᠦᠩᠲᠦ ᠨᠡᠭᠦᠷᠡᠰᠦᠨ ᠠᠭᠤᠷᠬᠠᠶ ᠶᠢᠨ ᠵᠢᠯ ᠳᠤ 120 ᠲᠦᠮᠡᠨ ᠲᠣᠨ ᠤ ᠦᠢᠯᠡᠳᠪᠦᠷᠢᠯᠡᠯ ᠤᠨ ᠴᠢᠳᠠᠪᠦᠷᠢ ᠪᠠᠨ ᠳᠡᠭᠡᠭᠰᠢᠯᠡᠬᠦᠯᠬᠦ ᠲᠥᠷᠥᠯ ᠵᠦᠢᠯ ᠤᠨ ᠭᠠᠷᠳᠠᠮ ᠢ ᠭᠦᠢᠴᠡᠳᠭᠡᠨ᠂ ᠠᠮᠤᠭᠤᠯᠠᠩ ᠨᠡᠬᠦᠷᠡᠰᠣᠨ ᠠᠭᠤᠷᠬᠠᠢ ᠪᠠ ᠲᠢᠶᠠᠨ ᠳ᠋ᠢ ᠰᠢᠯᠢᠨ ᠨᠡᠭᠦᠷᠡᠰᠦᠨ ᠠᠭᠤᠷᠬᠠᠶ ᠶᠢᠨ ᠮᠡᠷᠭᠡᠵᠢᠯ ᠤᠨ ᠰᠢᠨᠡᠴᠢᠯᠡᠯᠲᠡ ᠬᠢᠵᠣ᠂ ᠦᠩᠲᠦ ᠨᠡᠭᠦᠷᠡᠰᠦᠨ ᠠᠭᠤᠷᠬᠠᠢ ᠶᠢᠨ ᠨᠡᠬᠦᠷᠡᠰᠣᠨ ᠬᠤᠯᠢᠮᠠᠭ ᠪᠣᠯᠪᠠᠰᠣᠷᠠᠭᠤᠯᠬᠤ ᠲᠥᠷᠥᠯ ᠵᠦᠢᠯ ᠢ ᠲᠣᠭᠲᠠᠭᠤᠨ ᠢᠶᠠᠷ ᠠᠬᠢᠭᠤᠯᠪᠠ᠃ ᠪᠥᠬᠦ ᠬᠤᠰᠢᠭᠤᠨ ᠤ 20 ᠡᠷᠦᠬᠡ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠤᠳ ᠴᠥᠮ ᠠᠵᠢᠯ ᠢᠶᠠᠨ ᠰᠡᠷᠭᠦᠭᠡᠵᠦ᠂ ᠠᠵᠤ ᠦᠢᠯᠡᠳᠪᠦᠷᠢ ᠠᠴᠠ ᠡᠳ᠋ ᠤᠨ ᠵᠠᠰᠠᠭ ᠤᠨ ᠭᠠᠶᠢᠯᠢ ᠳᠤ ᠨᠡᠮᠡᠷᠢᠯᠡᠭᠰᠡᠨ ᠨᠣᠷᠮ᠎ᠠ 86%᠎ ᠶᠢ ᠳᠠᠪᠠᠪᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠠᠵᠢᠯ ᠢ ᠦᠷᠭᠦᠯᠵᠢᠯᠡᠨ ᠴᠢᠩᠭᠠᠳᠬᠠᠵᠤ᠂ 19 ᠲᠦᠷᠦᠯ ᠵᠦᠢᠯ ᠢ ᠠᠶᠢᠮᠠᠭ ᠤᠨ ᠱᠠᠲᠤᠨ ᠤ ᠠᠷᠠᠯᠵᠢᠶᠠᠴᠢᠨ ᠤᠷᠢᠬᠤ  ᠳᠦᠰᠦᠯ ᠤᠨ ᠬᠥᠮᠥᠷᠭᠡ ᠳᠤ ᠣᠷᠣᠭᠤᠯᠤᠨ᠂ 10 ᠲᠥᠷᠥᠯ ᠵᠦᠢᠯ ᠳᠤ ᠬᠡᠯᠡᠯᠴᠡᠭᠡᠷ ᠲᠣᠭᠲᠠᠵᠤ᠂ ᠶᠡᠷᠦᠩᠬᠡᠶ ᠪᠠᠯᠠ ᠣᠷᠣᠭᠤᠯᠤᠯᠲᠠ ᠨᠢ 28.63 ᠳ᠋ᠦᠩᠰᠢᠭᠤᠷ ᠲᠥᠭᠦᠷᠢᠭ ᠲᠤ ᠬᠦᠷᠴᠦ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶᠎ ᠶᠢᠨ ᠪᠠᠯᠠ ᠮᠥᠩᠭᠦ ᠶᠢ 6.6 ᠳ᠋ᠦᠩᠰᠢᠭᠤᠷ ᠲᠥᠭᠦᠷᠢᠭ ᠣᠷᠣᠭᠤᠯᠣᠨ᠂ ᠠᠳᠠᠯᠢ ᠬᠤᠭᠤᠴᠠᠭᠠᠨ ᠤ ᠬᠢ ᠠᠴᠠ 50%᠎ ᠪᠠᠷ ᠨᠡᠮᠡᠭᠳᠡᠪᠡ᠃ ᠦᠢᠯᠡᠴᠢᠯᠡᠭᠡᠨ ᠤ ᠦᠢᠯᠡᠰ ᠢ ᠴᠢᠨᠠᠷᠵᠢᠭᠤᠯᠣᠨ ᠬᠦᠭᠵᠢᠬᠦᠯᠪᠡ ᠃ ᠠᠷᠠᠳ ᠠᠴᠠ ᠡᠵᠡᠩᠨᠡᠭᠰᠡᠨ ᠠᠵᠤ ᠠᠬᠤᠶ ᠶᠢ ᠠᠷᠠᠯᠵᠢᠶ᠎ᠠ ᠬᠤᠳᠠᠯᠳᠤᠭᠠᠨ ᠤ ᠦᠢᠯᠡᠴᠢᠯᠡᠭᠡ ᠠᠴᠠ ᠪᠣᠳᠠᠰ ᠤᠨ ᠭᠦᠢᠯᠭᠡᠭᠡ᠂ ᠡᠯᠧᠺᠲᠷᠣᠨ ᠬᠤᠳᠠᠯᠳᠤᠭᠠᠨ ᠤ ᠶᠠᠪᠤᠳᠠᠯ᠂ ᠰᠣᠶᠣᠯ ᠵᠢᠭᠤᠯᠴᠢᠯᠠᠯ ᠵᠡᠷᠭᠡ ᠬᠦᠷᠢᠶ᠎ᠡ ᠳᠠᠰᠢ ᠠᠯᠬᠤᠮᠵᠢᠯᠠᠨ ᠦᠷᠭᠡᠳᠬᠡᠵᠣ᠂ ᠭᠤᠷᠪᠠᠳᠤᠭᠠᠷ ᠠᠵᠤ ᠦᠢᠯᠡᠰ ᠤᠨ ᠨᠡᠮᠡᠭᠳᠡᠯ ᠥᠷᠲᠡᠭ ᠢ 21.6 ᠳ᠋ᠦᠩᠰᠢᠭᠤᠷ ᠲᠥᠭᠦᠷᠢᠭ ᠣᠷᠴᠢᠮ ᠪᠡᠶᠡᠯᠡᠬᠦᠯᠦᠨ᠂ 3.7%᠎ ᠪᠠᠷ ᠨᠡᠮᠡᠭᠳᠡᠪᠡ᠃ 1200 ᠲᠦᠮᠡᠨ ᠲᠥᠭᠦᠷᠢᠭ ᠤᠨ ᠪᠠᠯᠠ ᠣᠷᠣᠭᠤᠯᠣᠯᠲᠠ ᠶᠢᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠬᠦᠮᠦᠷᠭᠡᠯᠡᠨ ᠬᠠᠳᠠᠭᠠᠯᠠᠬᠤ ᠪᠣᠳᠠᠰ ᠤᠨ ᠭᠦᠢᠯᠭᠡᠭᠡᠨ ᠤ ᠲᠥᠪ ᠢ ᠡᠬᠢᠯᠡᠨ ᠪᠠᠶᠢᠭᠤᠯᠵᠣ᠂ ᠪᠥᠬᠦ ᠬᠤᠰᠢᠭᠤᠨ ᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠰᠦᠯᠵᠢᠶ᠎ᠡ ᠪᠠᠷ ᠵᠢᠵᠢᠭᠯᠡᠨ ᠪᠣᠷᠣᠯᠠᠭᠤᠯᠣᠭᠰᠠᠨ ᠥᠷᠳᠡᠭ 8180 ᠲᠦᠮᠡᠨ ᠲᠥᠭᠦᠷᠢᠭ᠂ ᠰᠦᠯᠵᠢᠶ᠎ᠡ ᠪᠠᠷ ᠪᠣᠷᠣᠯᠠᠭᠤᠯᠣᠭᠰᠠᠨ ᠦᠷᠳᠡᠭ 1.88 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 40% ᠪᠠ 4.2%᠎ ᠢᠶᠠᠷ ᠨᠡᠮᠡᠭᠳᠡᠨ᠂ ᠲᠦᠷᠭᠡᠨ ᠬᠦᠷᠭᠡᠯᠲᠡ ᠶᠢᠨ ᠬᠤᠰᠢᠭᠤ᠂ ᠰᠣᠮᠣ ᠪᠠᠯᠭᠠᠰᠣ᠂ ᠭᠠᠴᠠᠭ᠎ᠠ ᠭᠤᠷᠪᠠᠨ ᠳᠡᠰ ᠲᠤ ᠬᠦᠷᠭᠡᠬᠦ ᠨᠣᠷᠮ᠎ᠠ ᠶᠢ 100%᠎ ᠳᠤ ᠬᠦᠷᠭᠡᠵᠦ᠂ ᠲᠦᠷᠭᠡᠨ ᠬᠦᠷᠭᠡᠯᠲᠡ ᠶᠢᠨ ᠲᠣᠰᠬᠤ᠂ ᠢᠯᠡᠭᠡᠬᠦ ᠨᠣᠷᠮ᠎ᠠ ᠲᠣᠰᠪᠦᠷᠢ 1.3% ᠪᠠ 1.5%᠎ ᠪᠠᠷ ᠨᠡᠮᠡᠭᠳᠡᠪᠡ᠃ ᠰᠦᠯᠵᠢᠶᠡᠨ ᠣᠳᠤᠨ ᠤ ᠠᠵᠤ ᠠᠬᠤᠶ ᠶᠢ ᠶᠡᠬᠡᠪᠡᠷ ᠬᠥᠭᠵᠢᠭᠦᠯᠵᠦ᠂ ᠰᠦᠯᠵᠢᠶᠡᠨ ᠣᠳᠤᠨ ᠤ ᠰᠢᠭᠤᠳ ᠨᠡᠪᠲᠡᠷᠡᠭᠦᠯᠭᠡ ᠶᠢᠨ ᠲᠥᠪᠯᠡᠷᠡᠨ ᠬᠥᠭᠵᠢᠬᠦ ᠶᠢ ᠠᠬᠢᠭᠤᠯᠤᠨ᠂ ᠣᠷᠣᠨ ᠨᠤᠲᠤᠭ ᠤᠨ ᠰᠦᠯᠵᠢᠶᠡᠨ ᠣᠳᠤᠨ ᠢ 29 ᠨᠡᠷᠡᠰ ᠬᠦᠮᠦᠵᠢᠭᠦᠯᠵᠦ᠂ ᠪᠠᠷᠠᠭ᠎ᠠ ᠪᠣᠷᠣᠯᠠᠭᠤᠯᠤᠭᠰᠠᠨ ᠬᠡᠮᠵᠢᠶ᠎ᠡ 3530 ᠲᠦᠮᠡᠨ ᠲᠥᠭᠦᠷᠢᠭ ᠲᠤ ᠬᠦᠷᠪᠡ᠃ 2022 ᠣᠨ ᠤ ︽ᠳᠥᠷᠪᠡᠨ ᠴᠠᠭ ᠤᠨ ᠦᠵᠦᠮᠦᠴᠢᠨ︾ — ᠰᠣᠶᠣᠯ ᠵᠢᠭᠤᠯᠴᠢᠯᠠᠯ ᠤᠨ ᠡᠳᠦᠷ ᠤᠨ ᠠᠵᠢᠯᠯᠠᠭ᠎ᠠ ᠵᠢᠴᠢ ᠴᠠᠭᠠᠨ ᠢᠳᠡᠭᠡᠨ ᠤ ᠨᠠᠶᠢᠷ ᠤᠨ ᠰᠢᠷᠢᠰ ᠠᠵᠢᠯᠯᠠᠭ᠎ᠠ ᠶᠢ ᠠᠮᠵᠢᠯᠲᠠ ᠲᠠᠢ ᠡᠷᠬᠢᠯᠡᠵᠦ᠂ ᠪᠦᠬᠦ ᠵᠢᠯ ᠳᠤ᠂ ᠬᠦᠯᠢᠶᠡᠨ ᠠᠪᠤᠭᠰᠠᠨ ᠵᠤᠭᠠᠴᠠᠭᠰᠠᠳ ᠤᠨ ᠲᠤᠭ᠎ᠠ 4.66 ᠲᠦᠮᠡᠨ ᠬᠥᠮᠦᠨ ᠤᠳᠠᠭ᠎ᠠ ᠳᠤ ᠬᠦᠷᠪᠡ᠃        —— ᠥᠩᠭᠡᠷᠡᠭᠰᠡᠨ ᠨᠢᠭᠡ ᠵᠢᠯ ᠳᠤ᠂ ᠪᠢᠳᠡ ᠠᠮᠢ ᠠᠬᠤᠢ ᠶᠢ ᠬᠠᠮᠠᠭᠠᠯᠠᠬᠤ ᠪᠠ ᠰᠠᠶᠢᠵᠢᠷᠠᠭᠤᠯᠬᠤ ᠶᠢ ᠬᠦᠴᠦᠯᠡᠨ ᠠᠳᠬᠤᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠪᠠ᠃ ︽ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ︾ ᠭᠡᠬᠦ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠠᠬᠢ ᠪᠣᠶ ᠪᠣᠯᠭᠠᠵᠤ᠂ ᠠᠭᠤᠯᠠ ᠤᠰᠤ᠂ ᠣᠶ ᠰᠢᠭᠤᠶ᠂ ᠭᠠᠵᠠᠷ ᠲᠠᠷᠢᠶ᠎ᠠ᠂ ᠨᠠᠭᠤᠷ ᠪᠦᠷᠢᠳᠦ᠂ ᠡᠯᠡᠰᠦ ᠮᠠᠩᠬ᠎ᠠ ᠶᠢ ᠰᠢᠰᠲ᠋ᠧᠮ ᠲᠠᠢ ᠵᠠᠰᠠᠬᠤ ᠶᠢ ᠪᠠᠷᠢᠮᠲᠠᠯᠠᠨ᠂ ᠠᠮᠢ ᠠᠬᠤᠶ ᠣᠷᠴᠢᠨ ᠲᠣᠭᠤᠷᠢᠨ ᠤ ᠦᠷᠭᠦᠯᠵᠢᠯᠡᠨ ᠰᠠᠶᠢᠵᠢᠷᠠᠬᠤ ᠶᠢ ᠠᠬᠢᠭᠤᠯᠪᠡ᠃ ᠰᠢᠰᠲ᠋ᠧᠮᠵᠢᠭᠦᠯᠦᠨ ᠬᠠᠮᠠᠭᠠᠯᠠᠬᠤ ᠶᠢ ᠪᠠᠷᠢᠮᠲᠠᠯᠠᠪᠠ᠃ ᠠᠮᠢ ᠠᠬᠤᠶ ᠶᠢᠨ ᠬᠠᠮᠠᠭᠠᠯᠠᠯᠲᠠ ᠶᠢᠨ ᠣᠯᠠᠭᠠᠨ ᠱᠤᠭᠤᠮ᠂ ᠦᠨᠢᠳᠡ ᠶᠢᠨ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠣᠨ ᠤ ᠨᠡᠭᠡᠭᠡᠨ ᠬᠥᠭᠵᠢᠭᠦᠯᠦᠯᠲᠡ ᠶᠢᠨ ᠵᠠᠭᠠᠭ ᠬᠢᠵᠠᠭᠠᠷ ᠤᠨ ︽ᠭᠤᠷᠪᠠᠨ ᠬᠢᠵᠠᠭᠠᠷᠳᠣ ᠱᠤᠭᠤᠮ︾᠎ ᠢ ᠴᠢᠩᠭ᠎ᠠ ᠰᠠᠬᠢᠵᠤ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠨᠥᠬᠦᠪᠥᠷᠢ ᠱᠠᠩᠨᠠᠯ ᠤᠨ ᠳᠦᠷᠢᠮ ᠢ ᠴᠢᠩᠭ᠎ᠠ ᠬᠡᠷᠡᠭᠵᠢᠭᠦᠯᠦᠨ᠂ ᠮᠠᠯ ᠪᠡᠯᠴᠢᠭᠡᠷ ᠤᠨ ᠲᠡᠩᠴᠡᠭᠦᠷᠢ ᠶᠢ ᠪᠠᠲᠤᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠦᠷᠢᠮ ᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠡᠯ᠎ᠡ ᠲᠥᠷᠥᠯ ᠤᠨ ᠮᠠᠯ ᠠᠵᠣ ᠠᠬᠤᠢ ᠳᠤ ᠬᠤᠯᠪᠣᠭᠳᠠᠬᠤ ᠪᠠᠯᠠ ᠮᠥᠩᠭᠦ ᠶᠢ 3.8 ᠳ᠋ᠦᠩᠰᠢᠭᠤᠷ ᠲᠥᠭᠦᠷᠢᠭ  ᠲᠠᠷᠬᠠᠭᠠᠨ᠂ ᠬᠠᠭᠤᠷᠠᠶ ᠡᠪᠡᠰᠦᠨ ᠤ ᠮᠥ ᠪᠦᠷᠢ ᠶᠢᠨ ᠤᠨᠠᠯᠲᠠ 93 ᠺᠢᠯᠣᠭ᠍ᠷᠠᠮ ᠳᠤ ᠬᠦᠷᠴᠦ᠂ ᠲᠠᠯ᠎ᠠ ᠨᠣᠳᠤᠭ ᠤᠨ ᠠᠮᠢ ᠠᠬᠤᠢ ᠶᠢᠨ ᠲᠣᠭᠳᠠᠭᠤᠨ ᠬᠦᠭᠵᠢᠯᠲᠡ ᠶᠢ ᠠᠬᠢᠭᠤᠯᠪᠠ᠃ ᠵᠦᠢ ᠵᠣᠬᠢᠰᠲᠠᠶ ᠵᠠᠰᠠᠬᠤ ᠶᠢ ᠪᠠᠷᠢᠮᠲᠠᠯᠠᠪᠡ᠃ ᠤᠯᠤᠰ ᠪᠠ ᠥᠪᠡᠷᠲᠡᠭᠡᠨ ᠵᠠᠰᠠᠬᠤ ᠣᠷᠣᠨ ᠤ ᠲᠠᠰ ᠤᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠭᠰᠡᠨ ᠦᠷ᠎ᠡ ᠪᠦᠲᠦᠭᠡᠯ ᠢ  ᠪᠠᠬᠢᠵᠢᠬᠦᠯᠦᠨ᠂ 6063 ᠲᠦᠮᠡᠨ ᠲᠥᠭᠦᠷᠢᠭ ᠤᠨ ᠪᠠᠯᠠ ᠣᠷᠣᠭᠤᠯᠵᠣ᠂ 24 ᠲᠦᠮᠡᠨ ᠮᠥ ᠲᠠᠴᠢᠷᠰᠢᠭᠰᠠᠨ ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠬᠦᠭᠡᠨ᠂ 1 ᠲᠦᠮᠡᠨ ᠮᠥ ᠤᠢ ᠰᠢᠭᠤᠢ ᠶᠢ ᠠᠷᠠᠴᠢᠯᠠᠨ ᠪᠤᠶᠢᠵᠢᠭᠤᠯᠵᠦ᠂ 5500 ᠮᠥ ᠶᠢ ᠰᠢᠨ᠎ᠡ ᠪᠠᠷ ᠣᠶᠢᠵᠢᠭᠤᠯᠤᠨ᠂ 1000 ᠮᠥ ᠡᠯᠡᠰᠦ ᠶᠢ ᠲᠣᠭᠳᠠᠪᠣᠷᠢᠵᠢᠭᠤᠯᠪᠡ᠃1070 ᠲᠦᠮᠡᠨ ᠲᠥᠭᠦᠷᠢᠭ ᠤᠨ ᠪᠡᠯᠡ ᠣᠷᠣᠭᠤᠯᠵᠤ᠂ 376 ᠲᠦᠮᠡᠨ ᠮᠥ ᠨᠤᠲᠤᠭ ᠪᠡᠯᠴᠢᠭᠡᠷ ᠤᠨ ᠬᠤᠯᠤᠭᠠᠨ᠎ᠠ ᠬᠤᠷᠣᠬᠠᠶ ᠶᠢᠨ ᠬᠥᠨᠥᠭᠡᠯ ᠢ ᠰᠡᠷᠭᠡᠶᠢᠯᠡᠨ ᠵᠠᠰᠠᠪᠡ᠃ ︽ᠭᠤᠣᠯ ᠮᠦᠷᠡᠨ ᠨᠠᠭᠤᠷ ᠴᠦᠬᠦᠷᠦᠮ ᠤᠨ ᠳᠠᠷᠤᠭ᠎ᠠ ᠶᠢᠨ ᠲᠦᠷᠢᠮ︾᠎ ᠢ ᠪᠠᠷᠢᠮᠲᠠᠯᠠᠨ᠂ ᠭᠤᠣᠯ ᠮᠥᠷᠡᠨ ᠨᠠᠭᠤᠷ ᠴᠥᠭᠦᠷᠥᠮ ᠢ ᠪᠠᠶᠢᠩᠭᠤ ᠲᠣᠭᠤᠷᠢᠨ ᠪᠠᠶᠢᠴᠠᠭᠠᠬᠤ ᠪᠠ ︽ᠲᠥᠷᠪᠡ ᠶᠢ ᠴᠡᠭᠴᠡᠯᠡᠬᠦ︾ ᠲᠤᠰᠬᠠᠶ ᠠᠵᠢᠯᠯᠠᠭ᠎ᠠ ᠶᠢ ᠰᠠᠶᠢᠳᠣᠷ ᠥᠷᠨᠢᠭᠦᠯᠵᠦ᠂ ᠭᠤᠣᠯ ᠮᠥᠷᠡᠨ ᠨᠠᠭᠤᠷ ᠴᠥᠭᠦᠷᠥᠮ ᠢ ᠲᠣᠭᠤᠷᠢᠨ ᠪᠠᠶᠢᠴᠠᠭᠠᠬᠤ ᠶᠢ ᠪᠠᠶᠢᠩᠭᠤᠵᠢᠭᠤᠯᠪᠡ᠃ ᠠᠭᠤᠷᠬᠠᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠶᠡᠬᠡᠪᠡᠷ ᠥᠷᠨᠢᠭᠦᠯᠵᠦ᠂ 8043 ᠲᠦᠮᠡᠨ ᠲᠥᠭᠦᠷᠢᠭ ᠤᠨ ᠪᠠᠯᠠ ᠣᠷᠣᠭᠤᠯᠤᠨ᠂ 5664 ᠮᠥ ᠶᠢ ᠴᠡᠭᠴᠡᠯᠡᠨ ᠵᠠᠰᠠᠪᠠ᠃ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠵᠢᠯ ᠳᠤ 3 ᠠᠭᠤᠷᠬᠠᠶ ᠶᠢᠨ ᠠᠵᠤ ᠠᠬᠤᠶᠢᠯᠠᠯ ᠳᠤ ᠪᠣᠬᠢᠷᠲᠤᠯ ᠥᠬᠡᠶ ᠠᠭᠤᠷᠬᠠᠶ ᠶᠢᠨ ᠥᠪᠡᠷ ᠤᠨ ᠦᠨᠡᠯᠡᠯᠲᠡ ᠬᠢᠵᠦ᠂ 8 ᠠᠭᠤᠷᠬᠠᠢ ᠶᠢ ᠣᠷᠣᠨ ᠤᠯᠤᠰ ᠤᠨ ᠲᠠᠰ ᠤᠨ ᠪᠠᠷᠢᠮᠵᠢᠶ᠎ᠠ ᠳᠤ ᠬᠦᠷᠭᠡᠪᠡ᠃ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠰᠠᠶᠢᠲᠤᠷ ᠬᠢᠵᠦ᠂ ᠬᠠᠷᠢᠶ᠎ᠠ ᠣᠷᠣᠨ ᠤ ᠠᠭᠠᠷ ᠤᠨ ᠰᠢᠯᠢᠳᠡᠭ ᠡᠳᠣᠷ ᠤᠨ ᠲᠤᠭ᠎ᠠ ᠶᠢᠨ ᠬᠠᠷᠢᠴᠠᠯ ᠢ 100%᠎ ᠳᠤ ᠬᠦᠷᠭᠡᠨ᠂ ᠠᠭᠠᠷ ᠤᠨ ᠴᠡᠪᠡᠷᠴᠡ ᠶᠢᠨ ᠶᠡᠷᠦᠩᠬᠡᠶᠢᠯᠡᠭᠰᠡᠨ ᠵᠢᠭᠠᠯᠲᠠ ᠲᠤᠭ᠎ᠠ ᠨᠢ ᠪᠦᠬᠦ ᠣᠷᠣᠨ ᠤ ᠡᠮᠦᠨ᠎ᠡ ᠡᠩᠨᠡᠭᠡᠨ ᠳᠤ ᠣᠷᠣᠪᠠ᠃ ᠰᠢᠨᠵᠢᠯᠡᠬᠦ ᠣᠬᠠᠭᠠᠨᠴᠢ ᠪᠠᠷ ᠠᠰᠢᠭᠯᠠᠬᠤ ᠶᠢ ᠪᠠᠷᠢᠮᠲᠠᠯᠠᠪᠡ᠃ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢ ᠰᠢᠨᠵᠢᠯᠡᠬᠦ ᠤᠬᠠᠭᠠᠨᠴᠢ ᠪᠠᠷ ᠲᠣᠭᠲᠠᠭᠠᠨ᠂ ︽ᠭᠤᠷᠪᠠᠨ ᠣᠷᠣᠨ ᠵᠠᠢ ᠭᠤᠷᠪᠠᠨ ᠬᠤᠷᠢᠭ᠎ᠠ ᠱᠤᠭᠤᠮ︾᠎ ᠢ ᠵᠠᠭᠠᠭᠯᠠᠨ ᠲᠣᠭᠲᠠᠭᠠᠭᠰᠠᠨ ᠦᠷ᠎ᠡ ᠪᠦᠲᠦᠭᠡᠯ ᠢ ᠡᠬᠢᠯᠡᠭᠦᠯᠵᠦ᠂ ᠦᠨᠳᠦᠰᠦᠨ ᠨᠤᠲᠤᠭ ᠪᠡᠯᠴᠢᠭᠡᠷ ᠤᠨ ᠬᠦᠷᠢᠶ᠎ᠡ ᠬᠡᠪᠴᠢᠶ᠎ᠡ ᠶᠢ  ᠳᠣᠭᠳᠠᠭᠠᠨ ᠰᠢᠯᠭᠠᠨ ᠠᠪᠬᠤ ᠶᠢ ᠡᠷᠡᠮᠡᠯᠵᠡᠯᠡᠪᠡ᠃ ᠤᠯᠤᠰ ᠤᠨ ᠲᠠᠯ᠎ᠠ ᠨᠤᠲᠤᠭ ᠤᠨ ᠪᠠᠶᠢᠭᠠᠯᠢ ᠶᠢᠨ ᠴᠡᠴᠡᠷᠯᠢᠭ᠂ ᠤᠯᠤᠰ ᠤᠨ ᠣᠶ ᠰᠢᠭᠤᠶ ᠶᠢᠨ ᠴᠡᠴᠡᠷᠯᠢᠭ᠂ ᠨᠣᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠣᠨ᠂ ᠣᠶ ᠰᠢᠭᠤᠶ ᠪᠠ ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠶᠢ ᠬᠤᠷᠠᠮᠳᠤᠭᠤᠯᠬᠤ ᠠᠵᠢᠯ ᠢ ᠡᠮᠬᠢ ᠵᠢᠷᠤᠮ ᠲᠠᠢ ᠠᠬᠢᠭᠤᠯᠣᠨ᠂ ᠪᠥᠬᠦ ᠬᠤᠰᠢᠭᠤᠨ ᠤ ᠭᠤᠣᠯᠳᠠᠯᠭᠠᠲᠤ ᠪᠣᠬᠢᠷᠲᠤᠯ ᠭᠠᠳᠠᠭᠰᠢᠯᠠᠭᠤᠯᠬᠤ ᠠᠵᠤ ᠠᠬᠤᠶᠢᠯᠠᠯ ᠢ ᠰᠦᠯᠵᠢᠶᠡᠨ ᠳᠡᠭᠡᠷ᠎ᠡ ᠪᠠ ᠠᠬᠤᠢ ᠲᠠᠯᠠᠪᠠᠢ ᠳᠤ ᠴᠠᠭ ᠢᠮᠠᠭᠳᠠ ᠬᠢᠨᠠᠨ ᠬᠠᠮᠢᠶᠠᠷᠬᠤ ᠶᠢ ᠪᠡᠶᠡᠯᠡᠭᠦᠯᠪᠡ᠃ ᠠᠮᠢ ᠠᠬᠤᠶ ᠶᠢᠨ ᠣᠷᠴᠢᠨ ᠨᠥᠬᠦᠴᠡᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠰᠠᠶᠢᠳᠣᠷ ᠲᠦᠯᠬᠢᠨ ᠠᠬᠢᠭᠤᠯᠵᠤ᠂ ᠬᠤᠶᠠᠳᠤᠭᠠᠷ ᠡᠭᠡᠯᠵᠢ ᠶᠢᠨ ᠲᠥᠪ ᠤᠨ ᠠᠮᠢ ᠠᠬᠤᠶ ᠶᠢᠨ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠶᠢᠨ ᠰᠢᠯᠵᠢᠭᠦᠯᠦᠨ ᠲᠣᠰᠢᠶᠠᠭᠰᠠᠨ 5 ᠤᠳᠠᠭᠠᠨ ᠤ ᠨᠡᠶᠢᠲᠡ 8 ᠬᠤᠪᠢ ᠤᠯᠠᠨ ᠲᠦᠮᠡᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠪᠠ ᠨᠤᠲᠤᠭ ᠪᠡᠯᠴᠢᠭᠡᠷ ᠣᠶᠢᠲᠤ ᠭᠠᠵᠠᠷ ᠢ ᠬᠤᠬᠢᠷᠠᠭᠤᠯᠤᠭᠰᠠᠨ ᠠᠵᠢᠯᠯᠠᠭ᠎ᠠ ᠶᠢ ᠲᠤᠰᠬᠠᠶ ᠴᠡᠭᠴᠡᠯᠡᠨ ᠵᠠᠰᠠᠬᠤ ᠠᠵᠢᠯ ᠢ ᠪᠡᠶᠡᠯᠡᠭᠦᠯᠪᠡ᠃      —— ᠥᠩᠭᠡᠷᠡᠭᠰᠡᠨ ᠨᠢᠭᠡ ᠵᠢᠯ ᠳᠤ᠂ ᠪᠢᠳᠡ ᠥᠭᠡᠷᠡᠴᠢᠯᠡᠯᠲᠡ ᠶᠢ ᠬᠦᠨᠵᠡᠭᠡᠶᠢᠷᠡᠬᠦᠯᠵᠣ᠂ ᠬᠥᠭᠵᠢᠯᠲᠡ ᠶᠢ ᠰᠢᠯᠢᠳᠡᠭᠵᠢᠬᠦᠯᠬᠦ ᠶᠢ ᠬᠦᠴᠦᠯᠡᠨ ᠠᠳᠬᠤᠵᠣ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠪᠡ᠃ ᠥᠭᠡᠷᠡᠴᠢᠯᠡᠯᠲᠡ ᠪᠠᠷ ᠨᠡᠭᠡᠭᠡᠯᠳᠡ ᠶᠢ ᠠᠬᠢᠭᠤᠯᠬᠤ ᠶᠢ ᠢᠮᠠᠭᠲᠠ ᠪᠠᠷᠢᠮᠲᠠᠯᠠᠵᠤ᠂ ᠥᠭᠡᠷᠡᠴᠢᠯᠡᠯᠲᠡ ᠨᠡᠭᠡᠭᠡᠯᠳᠡ ᠶᠢ ᠣᠯᠠᠮ  ᠬᠦᠨᠵᠡᠭᠡᠶᠢᠷᠡᠬᠦᠯᠦᠨ᠂ ᠴᠢᠨᠠᠷ ᠰᠠᠶᠢᠲᠠᠢ ᠬᠥᠭᠵᠢᠯᠲᠡ ᠶᠢᠨ ᠬᠥᠳᠡᠯᠭᠡᠭᠦᠷ ᠢ ᠡᠬᠦᠳᠬᠦ ᠪᠠᠷ ᠴᠢᠷᠮᠠᠶᠢᠨ ᠠᠵᠢᠯᠯᠠᠪᠠ᠃ ᠭᠤᠣᠯᠳᠠᠯᠭᠠᠲᠤ ᠠᠵᠢᠯ ᠤᠨ ᠬᠦᠷᠢᠶᠡᠨ ᠳᠠᠬᠢ ᠥᠭᠡᠷᠡᠴᠢᠯᠡᠯᠲᠡ ᠶᠢ ᠨᠢᠭᠡᠳᠦᠯᠲᠡᠶ ᠲᠥᠯᠦᠪᠵᠢᠭᠦᠯᠦᠨ ᠠᠬᠢᠭᠤᠯᠪᠠ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠶᠢ ᠬᠦᠨᠵᠡᠭᠡᠶᠢᠷᠡᠬᠦᠯᠦᠨ᠂ ︽ᠨᠢᠭᠡ ᠯᠡ ᠤᠳᠠᠭ᠎ᠠ ᠳᠤ ᠭᠦᠢᠴᠡᠳᠬᠡᠬᠦ᠂ ᠰᠦᠯᠵᠢᠶᠡᠨ ᠳᠡᠭᠡᠷ᠎ᠡ ᠭᠦᠢᠴᠡᠳᠬᠡᠬᠦ᠂ ᠠᠯᠠᠭᠠᠨ ᠳᠡᠭᠡᠷ᠎ᠡ ᠭᠦᠢᠴᠡᠳᠬᠡᠬᠦ᠂ ᠬᠠᠪᠰᠤᠷᠤᠨ ᠭᠦᠢᠴᠡᠳᠬᠡᠬᠦ︾ ᠵᠦᠢᠯᠡᠰ ᠤᠨ ᠨᠠᠷᠢᠨ ᠲᠠᠩᠰᠠ ᠶᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠨᠢᠭᠡ ᠦᠷᠳᠡᠭᠡᠴᠢᠯᠡᠭᠰᠡᠨ ᠬᠡᠯᠪᠡᠷᠢ︾᠎ ᠎ ᠶᠢᠨ ᠴᠢᠳᠠᠮᠵᠢ ᠶᠢ ᠰᠢᠯᠢᠳᠡᠭᠵᠢᠬᠦᠯᠵᠣ᠂ 24 ᠴᠠᠭ ᠢᠶᠠᠷ ᠦᠢᠯᠡᠴᠢᠯᠡᠬᠦ ᠰᠦᠯᠵᠢᠶᠡᠨ ᠳᠡᠭᠡᠷᠡᠬᠢ ᠵᠠᠰᠠᠭ ᠤᠨ ᠣᠷᠳᠣᠨ ᠢ ᠪᠠᠶᠢᠭᠤᠯᠪᠡ︔ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠷᠠᠳ ᠲᠤ ᠲᠥᠬᠦᠮ ᠦᠵᠡᠭᠦᠯᠬᠦ ᠬᠠᠯᠠᠮᠰᠢᠯ ᠤᠲᠠᠰᠤ ᠶᠢ ᠨᠡᠪᠲᠡᠷᠡᠭᠦᠯᠵᠦ᠂ ᠨᠡᠶᠢᠲᠡ 3200 ᠵᠦᠢᠯ ᠢ ᠭᠥᠯᠢᠶᠡᠨ ᠠᠪᠴᠤ᠂ ᠴᠠᠭ ᠲᠤᠬᠠᠶ ᠳᠤᠨᠢ ᠰᠢᠢᠳᠪᠦᠷᠢᠯᠡᠭᠰᠡᠨ ᠨᠣᠷᠮ᠎ᠠ᠂ ᠣᠯᠠᠨ ᠲᠦᠮᠡᠨ ᠤ ᠬᠠᠨᠤᠮᠵᠶ ᠶᠢᠨ ᠨᠣᠷᠮ᠎ᠠ ᠲᠣᠰ ᠲᠣᠰ 96% ᠪᠠ 95%᠎ ᠠᠴᠠ ᠳᠠᠪᠠᠪᠠ᠃ ︽ᠲᠠᠪᠤ ᠶᠢ ᠲᠣᠶᠢᠯᠪᠦᠷᠢᠲᠠᠢ ᠪᠠᠶᠢᠴᠠᠭᠠᠬᠤ︾ ᠠᠵᠢᠯᠯᠠᠭ᠎ᠠ ᠶᠢ ᠭᠦᠨᠵᠡᠭᠡᠶ ᠥᠷᠨᠢᠭᠦᠯᠵᠦ ᠂ ᠡᠬᠢ ᠪᠠᠶᠠᠯᠢᠭ ᠢ ᠥᠨᠳᠥᠷ ᠪᠦᠲᠦᠮᠵᠢᠲᠡᠶ ᠪᠠᠷ ᠠᠰᠢᠭᠯᠠᠬᠤ᠂ ᠡᠷᠴᠢᠮᠵᠢᠭᠦᠯᠦᠨ ᠬᠥᠭᠵᠢᠭᠦᠯᠬᠦ ᠶᠢ ᠪᠦᠲᠦᠮᠵᠢᠲᠡᠶ ᠪᠠᠷ ᠲᠦᠯᠬᠢᠨ ᠠᠬᠢᠭᠤᠯᠪᠠ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠪᠥᠬᠦ ᠬᠦᠴᠦᠨ ᠢᠶᠠᠷ ᠢᠶᠠᠨ ᠰᠢᠯᠢᠳᠡᠭᠵᠢᠭᠦᠯᠪᠡ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ ᠬᠤᠯᠪᠣᠭᠳᠠᠭᠰᠠᠨ ᠰᠦᠢᠳᠬᠡᠯ ᠬᠤᠷᠢᠶᠠᠬᠤ ᠪᠠ ᠬᠠᠤᠯᠢ ᠬᠡᠷᠡᠭᠵᠢᠭᠦᠯᠦᠨ ᠪᠠᠶᠢᠴᠠᠭᠠᠬᠤ ᠠᠵᠢᠯᠯᠠᠭ᠎ᠠ ᠶᠢ ᠵᠢᠷᠤᠮᠵᠢᠭᠤᠯᠵᠤ᠂ 1.5 ᠳ᠋ᠦᠩᠰᠢᠭᠤᠷ ᠲᠥᠭᠦᠷᠢᠭ ᠤᠨ ᠭᠠᠶᠢᠯᠢ ᠶᠢ ᠬᠡᠯᠳᠣᠷᠢᠬᠦᠯᠦᠨ᠂ 0.85 ᠳ᠋ᠦᠩᠰᠢᠭᠤᠷ ᠲᠥᠭᠦᠷᠢᠭ ᠤᠨ ᠭᠠᠶᠢᠯᠢ ᠶᠢ ᠪᠤᠴᠠᠭᠠᠵᠤ᠂ 45 ᠠᠵᠤ ᠠᠬᠤᠶᠢᠯᠠᠯ ᠳᠤ ᠠᠰᠢᠭ ᠬᠦᠷᠳᠡᠭᠡᠨ᠂ 2.31 ᠳ᠋ᠦᠩᠰᠢᠭᠤᠷ ᠲᠥᠭᠦᠷᠢᠭ ᠤᠨ ᠵᠢᠵᠢᠭ ᠠᠵᠤ ᠠᠬᠤᠶᠢᠯᠠᠯ ᠪᠠ ᠮᠠᠯ ᠠᠵᠤ ᠠᠬᠤᠢ ᠶᠢ ᠳᠡᠮᠵᠢᠬᠦ ᠵᠢᠭᠡᠯᠡᠯᠭᠡ ᠲᠠᠷᠬᠠᠭᠠᠵᠤ᠂ 362 ᠡᠷᠦᠬᠡ ᠳᠤ ᠠᠰᠢᠭ ᠬᠦᠷᠲᠡᠭᠡᠪᠡ᠃ ᠨᠡᠶᠢᠭᠡᠮ ᠤᠨ ᠢᠲᠡᠭᠡᠮᠵᠢ ᠶᠢᠨ ᠲᠣᠭᠲᠠᠯᠴᠠᠭ᠎ᠠ ᠶᠢᠨ ᠶᠡᠷᠦᠩᠬᠡᠶᠢᠯᠡᠭᠰᠡᠨ ᠢᠲᠡᠭᠡᠮᠵᠢ ᠶᠢᠨ ᠬᠡᠮᠵᠢᠶ᠎ᠡ ᠪᠥᠬᠦ ᠠᠶᠢᠮᠠᠭ ᠤᠨ ᠲᠡᠷᠢᠭᠦᠨ ᠳᠤ ᠣᠷᠣᠵᠤ᠂ 22 ᠠᠵᠤ ᠠᠬᠤᠶᠢᠯᠠᠯ ᠥᠪᠡᠷᠲᠡᠭᠡᠨ ᠵᠠᠰᠠᠬᠤ ᠣᠷᠣᠨ ᠤ ᠦᠨᠡᠨᠴᠢ ᠢᠲᠡᠭᠡᠮᠵᠢᠲᠦ ᠠᠵᠤ ᠠᠬᠤᠶᠢᠯᠠᠯ ᠤᠨ ᠡᠩᠨᠡᠭᠡᠨ ᠳᠤ ᠣᠷᠣᠪᠠ᠃ ᠭᠠᠳᠠᠭᠰᠢ ᠨᠡᠬᠡᠭᠡᠯᠲᠡ ᠬᠢᠬᠦ ᠬᠢᠷᠢ ᠲᠦᠪᠰᠢᠨ ᠢ ᠲᠤᠭᠲᠠᠭᠤᠨ ᠢᠶᠠᠷ ᠦᠷᠭᠡᠳᠭᠡᠪᠡ᠃ ᠲᠡᠮᠦᠷ ᠵᠠᠮ ᠤᠨ ᠪᠣᠭᠤᠮᠲᠠ ᠶᠢ ᠪᠠᠶᠢᠭᠤᠯᠬᠤ ᠲᠥᠷᠥᠯ ᠵᠦᠢᠯ ᠢ ᠪᠥᠬᠦ ᠣᠷᠣᠨ ᠤ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠥᠯᠥᠪᠵᠢᠭᠦᠯᠭᠡ ᠳᠤ ᠣᠷᠣᠭᠤᠯᠵᠤ᠂ ᠲᠡᠮᠦᠷ ᠵᠠᠮ ᠤᠨ ᠪᠣᠭᠤᠮᠲᠠ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠡᠬᠢᠯᠡᠭᠦᠯᠪᠠ᠃ ᠪᠣᠭᠤᠮᠲᠠ ᠶᠢᠨ ᠰᠠᠭᠤᠷᠢ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠱᠠᠲᠣᠴᠢ ᠴᠢᠨᠠᠷᠳᠠᠢ ᠲᠦᠯᠬᠢᠨ ᠠᠬᠢᠭᠤᠯᠵᠣ᠂ ᠭᠠᠳᠠᠭᠠᠳᠤ ᠠᠴᠠ ᠣᠷᠣᠭᠤᠯᠵᠤ ᠭᠠᠷᠭᠠᠭᠰᠠᠨ ᠪᠠᠷᠠᠭ᠎ᠠ ᠪᠠ ᠪᠠᠷᠠᠭᠠᠨ ᠤ ᠥᠷᠲᠡᠭ ᠲᠣᠰ ᠲᠣᠰ 10 ᠲᠦᠮᠡᠨ ᠲᠣᠨ ᠪᠠ 500 ᠲᠦᠮᠡᠨ ᠳ᠋ᠣᠯᠯᠠᠷ ᠲᠤ ᠬᠦᠷᠪᠡ᠃ ︽ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠦᠨ ᠮᠠᠨᠳᠤᠭᠤᠯᠬᠤ︾ ᠠᠵᠢᠯᠯᠠᠭ᠎ᠠ ᠶᠢ ᠭᠦᠨᠵᠡᠭᠡᠶ ᠨᠠᠶᠢᠳᠠᠪᠤᠷᠢᠵᠢᠭᠤᠯᠪᠡ᠃ ᠣᠯᠠᠮᠵᠢᠯᠠᠯ ᠢ ᠡᠷᠬᠢᠮᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠦᠬᠦ ᠬᠤᠰᠢᠭᠤᠨ ᠤ ᠰᠢᠨᠵᠢᠯᠡᠭᠦ ᠣᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠬᠦᠳᠬᠦ ᠶᠢ ᠡᠮᠬᠢ ᠵᠢᠷᠣᠮ ᠲᠠᠢ ᠠᠬᠢᠭᠤᠯᠵᠣ᠂ ᠦᠷᠡᠵᠢᠯ ᠰᠠᠶᠢᠲᠠᠢ ᠦᠵᠦᠮᠦᠴᠢᠨ ᠬᠤᠨᠢᠨ ᠤ ︽ᠦᠢᠯᠡᠳᠪᠦᠷᠢᠯᠡᠯ᠂ ᠵᠢᠭᠠᠨ ᠰᠤᠷᠭᠠᠯᠲᠠ ᠪᠠ ᠰᠤᠳᠤᠯᠭᠠᠨ ᠢ ᠬᠠᠮᠲᠤᠷᠠᠭᠤᠯᠬᠤ︾ ᠲᠦᠷᠦᠯ ᠵᠦᠢᠯ ᠢ 2022 ᠣᠨ ᠤ ᠠᠶᠢᠮᠠᠭ ᠲᠡᠰ ᠤᠨ《ᠵᠠᠷᠯᠠᠯ ᠨᠡᠶᠢᠳᠡᠯᠡᠵᠣ ᠮᠠᠩᠯᠠᠶᠢᠯᠠᠭᠤᠯᠬᠤ》ᠲᠦᠷᠦᠯ ᠵᠦᠢᠯ ᠢᠶᠠᠷ ᠠᠮᠵᠢᠯᠲᠠ ᠲᠠᠢ ᠭᠤᠶᠤᠴᠢᠯᠠᠨ ᠮᠡᠳᠡᠭᠦᠯᠵᠦ᠂ ᠥᠪᠥᠷ ᠮᠣᠩᠭᠤᠯ ᠤᠨ ᠬᠤᠨᠢᠨ ᠳᠡᠭᠡᠵᠢ ᠲᠠᠷᠢᠶᠠᠯᠠᠩ ᠮᠠᠯ ᠠᠵᠤ ᠠᠬᠤᠢ ᠶᠢᠨ ᠬᠢᠵᠠᠭᠠᠷᠲᠤ ᠺᠣᠮᠫᠠᠨᠢ ᠨᠢ ᠥᠪᠡᠷᠲᠡᠭᠡᠨ ᠵᠠᠰᠠᠬᠤ ᠣᠷᠣᠨ ᠤ ᠲᠡᠰ ᠤᠨ ᠰᠢᠨ᠎ᠡ ᠬᠡᠯᠪᠡᠷᠢ ᠶᠢᠨ ᠰᠣᠳᠣᠯᠭᠠᠨ ᠤ ᠪᠠᠶᠢᠭᠤᠯᠤᠮᠵᠢ ᠪᠠᠷ ᠦᠨᠡᠯᠡᠭᠳᠡᠵᠦ᠂ ᠦᠵᠦᠮᠦᠴᠢᠨ ᠬᠤᠨᠢᠨ ᠤ ᠡᠭᠦᠯᠳᠡᠷ ᠤᠨ ᠲᠠᠯᠠᠪᠠᠢ ᠨᠢ ᠠᠶᠢᠮᠠᠭ ᠤᠨ ᠲᠡᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠦᠷᠢᠶᠡᠯᠡᠩ ᠢᠶᠠᠷ ᠦᠨᠡᠯᠡᠭᠳᠡᠪᠡ᠃ ᠵᠡᠭᠦᠨ ᠦᠵᠦᠮᠦᠴᠢᠨ ᠬᠤᠰᠢᠭᠤᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠥᠪ ᠨᠢ ᠠᠶᠢᠮᠠᠭ ᠤᠨ ᠲᠠᠰ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠪᠠᠷ ᠦᠨᠡᠯᠡᠭᠳᠡᠵᠦ᠂ ᠱᠠᠨᠳᠦ᠋ᠩ ᠤᠨ ᠪᠠᠶᠠᠨᠬᠦ᠋ᠭᠡᠪᠦᠷ ᠠᠭᠤᠷᠬᠠᠶ ᠶᠢᠨ ᠦᠢᠯᠡᠰ᠂ ᠷᠦᠩ ᠭᠤᠸᠠᠨ ᠠᠭᠤᠷᠬᠠᠶ ᠶᠢᠨ ᠦᠢᠯᠡᠰ ᠪᠠ ᠡᠵᠢᠨᠠᠭᠤᠷ ᠲᠠᠪᠣᠰᠣᠨ ᠲᠠᠯᠠᠪᠠᠢ ᠨᠢ ᠤᠯᠤᠰ ᠤᠨ ᠲᠠᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢᠶᠠᠷ ᠦᠨᠡᠯᠡᠭᠳᠡᠪᠠ᠃      ——ᠥᠩᠭᠡᠷᠡᠭᠰᠡᠨ ᠨᠢᠭᠡ ᠵᠢᠯ ᠳᠤ᠂ ᠪᠢᠳᠡ ᠪᠠᠬᠢᠵᠢᠭᠦᠯᠬᠦ ᠪᠠ ᠵᠣᠯᠭᠠᠭᠤᠯᠬᠤ ᠶᠢ ᠬᠦᠴᠦᠯᠡᠨ ᠠᠳᠬᠤᠵᠤ᠂ ᠬᠤᠲᠠ ᠬᠥᠳᠡᠭᠡ ᠶᠢᠨ ᠴᠢᠨᠠᠷ ᠳᠡᠰ ᠢ ᠦᠷᠭᠦᠯᠵᠢᠯᠡᠨ ᠳᠡᠭᠡᠭᠰᠢᠯᠡᠭᠦᠯᠪᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠᠷ ᠬᠥᠲᠥᠯᠦᠮᠵᠢ ᠪᠣᠯᠭᠠᠬᠤ ᠶᠢ ᠪᠠᠷᠢᠮᠲᠠᠯᠠᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠶᠢ ᠴᠢᠩᠭ᠎ᠠ ᠠᠳᠬᠤᠵᠤ᠂ ᠮᠠᠯᠵᠢᠬᠤ ᠣᠷᠣᠨ ᠤ ᠰᠠᠭᠤᠷᠢ ᠲᠥᠬᠦᠭᠡᠷᠦᠮᠵᠢ ᠶᠢᠨ ᠳᠤᠲᠠᠭᠳᠠᠯ ᠢ ᠨᠥᠬᠦᠪᠥᠷᠢᠯᠡᠬᠦ ᠶᠢᠨ ᠲᠣᠭᠤᠷᠢᠨ ᠳᠤ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠪᠠ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ ᠦᠷᠭᠦᠯᠵᠢᠯᠡᠨ ᠠᠬᠢᠭᠤᠯᠪᠠ᠃ 4362 ᠲᠦᠮᠡᠨ ᠲᠥᠭᠦᠷᠢᠭ ᠤᠨ ᠪᠠᠯᠠ ᠮᠥᠩᠭᠦ ᠶᠢ ᠨᠠᠶᠢᠳᠠᠪᠤᠷᠢᠵᠢᠭᠤᠯᠤᠨ᠂ 36 ᠲᠥᠷᠥᠯ ᠵᠦᠢᠯ ᠢ ᠡᠬᠢᠯᠡᠭᠦᠯᠵᠦ᠂ 9 ᠰᠤᠮᠤ ᠪᠠᠯᠭᠠᠰᠤᠨ ᠤ 48 ᠭᠠᠴᠠᠭᠠᠨ ᠤ 2861ᠡᠷᠦᠬᠡ ᠶᠢᠨ 9633 ᠬᠥᠮᠦᠨ ᠢ ᠳᠠᠶᠢᠴᠢᠯᠠᠵᠤ᠂ ᠬᠠᠮᠲᠤ ᠶᠢᠨ ᠠᠵᠤ ᠠᠬᠤᠶ ᠨᠢ 10 ᠲᠦᠮᠡᠨ ᠲᠥᠭᠦᠷᠢᠭ ᠠᠴᠠ ᠳᠡᠭᠡᠭᠰᠢᠬᠢ ᠭᠠᠴᠠᠭ᠎ᠠ ᠶᠢ ᠪᠦᠬᠦᠨ ᠢ ᠬᠠᠮᠤᠷᠠᠭᠤᠯᠵᠤ᠂ ᠡᠭᠦᠨ ᠳᠤ 100 ᠲᠦᠮᠡᠨ ᠲᠥᠭᠦᠷᠢᠭ ᠠᠴᠠ ᠳᠡᠭᠡᠭᠰᠢᠬᠢ ᠭᠠᠴᠠᠭ᠎ᠠ 9᠂ 200 ᠲᠦᠮᠡᠨ ᠲᠥᠭᠦᠷᠢᠭ ᠠᠴᠠ ᠳᠡᠭᠡᠭᠰᠢᠬᠢ ᠭᠠᠴᠠᠭ᠎ᠠ 3 ᠪᠠᠭᠲᠠᠨ᠎ᠠ᠃ ᠣᠯᠢᠶᠠᠰᠣᠳᠠᠢ ᠪᠠᠯᠭᠠᠰᠣ ᠨᠢ ᠪᠦᠬᠦ ᠣᠷᠣᠨ ᠤ ᠬᠦᠳᠡᠭᠡ ᠲᠣᠰᠬᠤᠨ ᠢ ᠬᠦᠭᠵᠢᠬᠦᠯᠦᠨ ᠮᠠᠨᠳᠣᠭᠤᠯᠬᠤ ᠲᠠᠷᠢᠭᠦᠨ ᠤ ᠬᠠᠮᠳᠣ ᠨᠡᠶᠢᠳᠡ ᠪᠠᠷ ᠦᠨᠡᠯᠡᠭᠳᠡᠵᠣ᠂ ᠤᠯᠢᠶᠠᠰᠤᠲᠠᠶ ᠪᠠᠯᠭᠠᠰᠣᠨ ᠤ ᠮᠠᠨᠳᠤᠬᠤ ᠨᠡᠶᠢᠭᠡᠮ ᠲᠣᠭᠤᠷᠢᠭ᠂ ᠡᠵᠢᠨᠠᠭᠤᠷ ᠪᠠᠯᠭᠠᠰᠤᠨ ᠤ ᠰᠠᠶᠢᠬᠤᠰᠤ ᠭᠠᠴᠠᠭ᠎ᠠ ᠵᠡᠷᠭᠡ ᠨᠢᠭᠡ ᠪᠦᠯᠦᠭ ᠦᠨᠳᠦᠰᠦᠨ ᠱᠠᠳᠣᠨ ᠤ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ ᠢ ᠥᠭᠡᠷᠡᠴᠢᠯᠡᠨ ᠰᠢᠨᠡᠳᠭᠡᠵᠦ᠂ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠦᠷᠢ ᠶᠢ ᠦᠷᠭᠦᠯᠵᠢᠯᠡᠨ ᠰᠢᠯᠢᠳᠡᠭᠵᠢᠭᠦᠯᠪᠡ᠃ ᠮᠠᠯᠵᠢᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠰᠠᠶᠢᠵᠢᠷᠠᠭᠤᠯᠬᠤ ᠲᠠᠪᠤᠨ ᠵᠢᠯ ᠤᠨ ᠠᠵᠢᠯᠯᠠᠭ᠎ᠠ ᠶᠢ ᠡᠬᠢᠯᠡᠭᠦᠯᠵᠦ᠂ ᠡᠵᠢᠨᠠᠭᠤᠷ ᠪᠠᠯᠭᠠᠰᠤ᠂ ᠬᠠᠲᠠᠪᠴᠢ ᠪᠠᠯᠭᠠᠰᠤᠨ ᠤ 3 ᠬᠤᠭ ᠨᠣᠪᠰᠢ ᠰᠢᠢᠳᠪᠦᠷᠢᠯᠡᠬᠦ ᠥᠷᠲᠡᠭᠡ ᠶᠢ ᠠᠰᠢᠭᠯᠠᠯᠲᠠ ᠳᠤ ᠣᠷᠣᠭᠤᠯᠵᠤ᠂ ᠪᠥᠬᠦ ᠬᠤᠰᠢᠭᠤᠨ ᠤ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠭᠰᠡᠨ ᠪᠦᠷᠬᠦᠴᠡ ᠶᠢᠨ ᠨᠣᠷᠮ᠎ᠠ 48%᠎ ᠳᠤ ᠬᠥᠷᠪᠡ᠃ ︽ᠵᠣᠷᠯᠣᠩ ᠤᠨ ᠦᠭᠡᠷᠡᠴᠢᠯᠡᠯᠲᠡ︾᠎ ᠶᠢ ᠠᠬᠢᠭᠤᠯᠵᠤ᠂ 325 ᠡᠷᠦᠬᠡ ᠳᠤ ᠰᠢᠨ᠎ᠡ ᠵᠣᠷᠯᠣᠩ ᠪᠠᠶᠢᠭᠤᠯᠵᠤ᠂ 148 ᠡᠷᠦᠬᠡ ᠶᠢᠨ ᠵᠣᠷᠯᠣᠩ ᠢ ᠬᠠᠯᠠᠨ ᠰᠠᠶᠢᠵᠢᠷᠠᠭᠤᠯᠵᠤ᠂ ᠵᠣᠷᠯᠣᠩ ᠢ ᠲᠦᠭᠡᠮᠡᠯᠵᠢᠭᠦᠯᠦᠭᠰᠡᠨ ᠨᠣᠷᠮ᠎ᠠ 37%᠎ ᠳᠤ ᠬᠥᠷᠪᠡ᠃ ᠤᠤᠭᠤᠬᠤ ᠤᠰᠤᠨ ᠤ ᠠᠶᠤᠯᠭᠦᠶ ᠢᠨᠵᠧᠨᠧᠷᠢᠩ ᠢ ᠬᠡᠷᠡᠭᠵᠢᠭᠦᠯᠵᠦ᠂ 202 ᠬᠤᠳᠳᠤᠭ ᠢ ᠰᠢᠨ᠎ᠡ ᠪᠠᠷ ᠮᠠᠯᠲᠠᠵᠤ᠂ 969 ᠢᠵᠢ ᠤᠰᠤ ᠴᠡᠪᠡᠷᠰᠢᠭᠦᠯᠬᠦ ᠲᠥᠬᠦᠭᠡᠷᠦᠮᠵᠢ ᠶᠢ ᠲᠠᠷᠬᠠᠭᠠᠵᠤ᠂ ᠪᠦᠭᠦ ᠬᠤᠰᠢᠭᠤᠨ ᠤ ᠰᠢᠨ᠎ᠡ ᠪᠠᠷ ᠮᠠᠯᠲᠠᠭᠰᠠᠨ ᠬᠤᠳᠳᠤᠭ᠂ ᠲᠠᠷᠬᠠᠭᠠᠭᠰᠠᠨ ᠤᠰᠤ ᠴᠡᠪᠡᠷᠰᠢᠭᠦᠯᠬᠦ ᠲᠥᠬᠦᠭᠡᠷᠦᠮᠵᠢ ᠲᠣᠰ ᠲᠣᠰ 1.03 ᠲᠦᠮᠡ ᠪᠠ 1.2 ᠲᠦᠮᠡ ᠳᠤ ᠬᠦᠷᠴᠦ᠂ ᠮᠠᠯᠵᠢᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠨᠣᠷᠮ᠎ᠠ ᠶᠢ 95%᠎ ᠠᠴᠠ ᠳᠠᠪᠠᠭᠤᠯᠵᠤ᠂ ᠮᠠᠯᠴᠢᠳ ᠤᠨ ᠦᠢᠯᠡᠳᠪᠦᠷᠢᠯᠡᠯ ᠠᠮᠢᠳᠤᠷᠠᠯ ᠳᠤ ᠬᠡᠷᠡᠭᠯᠡᠬᠦ ᠤᠰᠤᠨ ᠤ ᠠᠮᠤᠷ ᠲᠦᠪᠰᠢᠨ ᠢ ᠪᠦᠲᠦᠮᠵᠢᠲᠡᠶ ᠪᠠᠷ ᠪᠠᠲᠤᠯᠠᠪᠠ᠃ 2200 ᠲᠦᠮᠡᠨ ᠲᠦᠭᠦᠷᠢᠭ ᠤᠨ ᠪᠡᠯᠡ ᠣᠷᠣᠭᠤᠯᠵᠣ᠂ 230 ᠮᠠᠯᠵᠢᠬᠤ ᠡᠷᠦᠭᠡ ᠳᠤ ᠴᠠᠬᠢᠯᠭᠠᠨ ᠨᠡᠪᠳᠡᠷᠡᠬᠦᠯᠪᠡ᠃ ︽ᠲᠣᠭᠠᠴᠢᠯᠠᠭᠰᠠᠨ ᠬᠥᠳᠡᠭᠡ ᠲᠣᠰᠬᠤᠨ︾᠎ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠵᠦ᠂ 17 ᠰᠠᠣᠷᠢ 4G ᠥᠷᠲᠡᠭᠡ ᠶᠢ ᠰᠢᠨ᠎ᠡ ᠪᠠᠷ ᠪᠠᠶᠢᠭᠤᠯᠵᠤ᠂ ᠪᠥᠬᠦ ᠬᠤᠰᠢᠭᠤᠨ ᠤ ᠰᠤᠮᠤ ᠪᠠᠯᠭᠠᠰᠤ ᠶᠢᠨ ᠰᠠᠭᠤᠭ᠎ᠠ ᠭᠠᠵᠠᠷ ᠲᠤ 5G ᠰᠦᠯᠵᠢᠶ᠎ᠡ ᠶᠢ ᠨᠡᠶᠢᠳᠡᠮ ᠪᠦᠷᠬᠦᠭᠦᠯᠬᠦ ᠶᠢ ᠪᠡᠶᠡᠯᠡᠭᠦᠯᠪᠡ᠃ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠦᠷᠭᠦᠯᠵᠢᠯᠡᠨ ᠰᠢᠯᠢᠳᠡᠭᠵᠢᠪᠡ᠃ 55 ᠵᠤᠷᠪᠤᠰ ᠵᠡᠭᠡᠯᠢ ᠭᠤᠳᠤᠮᠵᠢ ᠶᠢ ᠴᠡᠭᠴᠡᠯᠡᠨ ᠵᠠᠰᠠᠵᠦ᠂ 406 ᠡᠷᠦᠬᠡ ᠳᠤ ᠰᠢᠨ᠎ᠡ ᠣᠷᠣᠨ ᠰᠠᠭᠤᠴᠠ ᠶᠢ ᠲᠣᠬᠢᠷᠠᠭᠤᠯᠵᠤ᠂ 28 ᠰᠠᠭᠤᠭᠠᠯᠢ ᠲᠣᠭᠤᠷᠢᠭ ᠲᠤ ᠠᠳᠠᠯ ᠠᠬᠤᠶ ᠶᠢᠨ ᠬᠠᠮᠢᠶᠠᠷᠤᠯᠲᠠ ᠶᠢᠨ ᠠᠵᠣ ᠠᠬᠤᠶᠢᠯᠠᠯ ᠲᠣᠬᠢᠷᠠᠭᠤᠯᠵᠤ᠂ ᠰᠠᠭᠤᠭᠠᠯᠢ ᠲᠣᠭᠤᠷᠢᠭ ᠤᠨ ᠥᠮᠴᠢᠲᠡᠨ ᠤ ᠵᠥᠪᠯᠡᠯ ᠤᠨ ᠪᠦᠷᠬᠦᠴᠡ ᠶᠢᠨ ᠨᠣᠷᠮ᠎ᠠ 99%᠎ ᠳᠤ ᠬᠦᠷᠪᠡ᠃ 1.7 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠂ 12 ᠬᠠᠭᠤᠴᠢᠨ ᠰᠠᠭᠤᠭᠠᠯᠢ ᠲᠣᠭᠤᠷᠢᠭ ᠢ ᠥᠭᠡᠷᠡᠴᠢᠯᠡᠨ ᠰᠠᠶᠢᠵᠢᠷᠠᠭᠤᠯᠵᠦ᠂ 20.8 ᠲᠦᠮᠡᠨ ᠲᠡᠭᠰᠢ ᠳᠥᠷᠪᠡᠯᠵᠢᠨ ᠮᠧᠲᠷ ᠨᠣᠭᠤᠭᠠᠷᠠᠭᠤᠯᠣᠯᠲᠠ ᠶᠢᠨ ᠪᠦᠰᠡ ᠶᠢ ᠰᠢᠨ᠎ᠡ ᠪᠠᠷ ᠨᠡᠮᠡᠭᠳᠡᠬᠦᠯᠵᠣ᠂ 6 ᠵᠣᠷᠪᠤᠰ ᠨᠠᠶᠢᠲᠡ 3.7 ᠺᠢᠯᠣᠮᠧᠲᠷ ᠭᠤᠤᠯ ᠵᠠᠮ ᠢ ᠰᠢᠨ᠎ᠡ ᠪᠠᠷ ᠪᠠᠶᠢᠭᠤᠯᠪᠠ᠃ 4885 ᠲᠡᠷᠭᠡᠨ ᠤ ᠵᠣᠭᠰᠣᠭᠠᠯ ᠢ ᠨᠡᠮᠡᠭᠳᠡᠭᠦᠯᠵᠦ᠂ 1.03 ᠺᠢᠯᠣᠮᠧᠲᠷ ᠪᠣᠷᠣᠭᠠᠨ ᠤ ᠣᠰᠤᠨ ᠤ ᠬᠤᠭᠤᠯᠠᠢ ᠪᠠ ᠴᠡᠪᠡᠷᠰᠢᠭᠦᠯᠦᠭᠰᠡᠨ ᠤᠰᠤᠨ ᠤ ᠬᠤᠭᠤᠯᠠᠶ ᠶᠢ ᠰᠢᠨ᠎ᠡ ᠪᠠᠷ ᠵᠠᠰᠠᠨ ᠨᠡᠮᠡᠭᠳᠡᠭᠦᠯᠪᠡ᠃ ᠮᠠᠨᠳᠤᠬᠤᠪᠤᠯᠠᠭ ᠪᠠᠯᠭᠠᠰᠣᠨ ᠤ ᠳᠤᠯᠠᠭᠠᠯᠠᠯᠭ᠎ᠠ ᠬᠠᠩᠭᠠᠬᠤ ᠬᠤᠭᠤᠯᠠᠶ ᠶᠢ ᠵᠠᠰᠠᠨ ᠰᠡᠯᠪᠢᠵᠦ᠂ ᠡᠵᠢᠨᠠᠭᠤᠷ ᠪᠠᠯᠭᠠᠰᠤ᠂ ᠠᠯᠲᠠᠨᠬᠢᠯᠢ ᠰᠣᠮᠤᠨ ᠤ ᠳᠤᠯᠠᠭᠠᠯᠠᠯᠭ᠎ᠠ ᠬᠠᠩᠭᠠᠬᠤ ᠮᠠᠰᠢᠨ ᠢ ᠰᠣᠯᠢᠵᠤ ᠠᠰᠢᠭᠯᠠᠯᠲᠠ ᠳᠤ ᠣᠷᠣᠭᠤᠯᠪᠠ᠃ ᠬᠤᠳᠠ ᠬᠥᠳᠡᠭᠡ ᠶᠢᠨ ᠵᠠᠮ ᠬᠠᠷᠢᠯᠴᠠᠭ᠎ᠠ ᠶᠢ ᠲᠠᠰᠣᠷᠠᠯᠲᠠ ᠦᠭᠡᠢ ᠲᠡᠬᠦᠯᠳᠡᠷᠵᠢᠬᠦᠯᠪᠡ᠃  ᠵᠡᠬᠦᠨ ᠦᠵᠦᠮᠦᠴᠢᠨ ᠬᠤᠰᠢᠭᠤᠨ ᠤ ᠨᠢᠰᠭᠡᠯ ᠤᠨ ᠲᠠᠯᠠᠪᠠᠢ ᠶᠢᠨ ᠲᠦᠷᠦᠯ ᠵᠦᠢᠯ ᠤᠨ ᠴᠡᠷᠢᠭ ᠠᠩᠭᠢ ᠪᠠ ᠣᠷᠤᠨ ᠨᠤᠲᠤᠭ ᠤᠨ ᠬᠡᠯᠡᠯᠴᠡᠭᠡᠷ ᠢ ᠲᠤᠭᠲᠠᠭᠠᠵᠤ᠂ ᠱᠠᠳᠣᠴᠢ ᠴᠢᠨᠠᠷᠳᠠᠢ ᠠᠬᠢᠴᠠ ᠲᠠᠢ ᠪᠣᠯᠪᠠ᠃ 331 ᠨᠣᠮᠧᠷᠲᠣ ᠤᠯᠤᠰ ᠤᠨ ᠳᠡᠰ ᠤᠨ ᠵᠠᠰᠠᠮᠠᠯ ᠵᠠᠮ ᠤᠨ ᠠᠷᠤ ᠨᠠᠭᠤᠷ ᠤᠨ ᠪᠦᠳᠦᠭᠦᠨ ᠠᠴᠠ ᠤᠯᠢᠶᠠᠰᠤᠲᠠᠢ ᠪᠠᠯᠭᠠᠰᠤ ᠬᠦᠷᠬᠦ ᠬᠡᠰᠡᠭ᠂ 306 ᠨᠣᠮᠧᠷᠲᠣ ᠤᠯᠤᠰ ᠤᠨ ᠳᠡᠰ ᠤᠨ ᠵᠠᠰᠠᠮᠠᠯ ᠵᠠᠮ ᠤᠨ ᠪᠠᠯᠭᠠᠷᠭᠤᠣᠯ ᠠᠴᠠ ᠤᠯᠢᠶᠠᠰᠤᠲᠠᠢ ᠬᠦᠷᠬᠦ ᠬᠡᠰᠡᠭ ᠤᠨ ᠪᠦᠲᠦᠭᠡᠨ ᠪᠠᠶᠢᠭᠤᠯᠤᠯᠲᠠ ᠶᠢ ᠠᠬᠢᠭᠤᠯᠵᠤ᠂ ᠬᠤᠸᠠᠬᠤᠰᠢᠭᠤ ᠠᠴᠠ ᠬᠠᠯᠠᠭᠠᠶᠢᠲᠤ ᠬᠦᠷᠬᠦ 11.5 ᠺᠢᠯᠣᠮᠧᠲᠷ ᠬᠦᠳᠡᠭᠡ ᠲᠤᠰᠬᠤᠨ ᠤ ᠵᠠᠮ ᠤᠨ ᠭᠤᠣᠯ ᠴᠣᠭᠴᠠ ᠶᠢ ᠨᠡᠪᠳᠡᠷᠡᠬᠦᠯᠵᠣ᠂ ᠠᠴᠢᠨᠲᠣᠯᠣᠭᠠᠶ ᠠᠴᠠ ᠦᠩᠲᠦ ᠬᠥᠷᠬᠦ ᠬᠡᠰᠡᠭ ᠤᠨ 11.2 ᠺᠢᠯᠣᠮᠧᠲᠷ ᠬᠦᠳᠡᠭᠡ ᠲᠤᠰᠬᠤᠨ ᠤ ᠵᠠᠮ ᠤᠨ ᠪᠥᠲᠥᠭᠡᠨ ᠪᠠᠶᠢᠭᠤᠯᠤᠯᠲᠠ ᠶᠢ ᠡᠮᠬᠢ ᠵᠢᠷᠤᠮ ᠲᠠᠢ ᠠᠬᠢᠭᠤᠯᠵᠤ᠂ 221 ᠨᠣᠮᠧᠷᠲᠣ ᠮᠤᠵᠢ ᠶᠢᠨ ᠳᠡᠰ ᠤᠨ ᠵᠠᠰᠠᠮᠠᠯ ᠵᠠᠮ ᠤᠨ ᠡᠵᠢᠨᠠᠭᠤᠷ ᠠᠴᠠ ᠲᠠᠪᠣᠨ ᠪᠠᠶᠢᠰᠢᠩ ᠬᠥᠷᠬᠦ ᠬᠡᠰᠡᠭ ᠢ ᠣᠷᠣᠨ ᠪᠠ ᠠᠶᠢᠮᠠᠭ ᠤᠨ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠲᠦᠯᠦᠪᠵᠢᠬᠦᠯᠭᠡ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠪᠥᠬᠦ ᠬᠤᠰᠢᠭᠤᠨ ᠤ ᠵᠠᠰᠠᠮᠠᠯ ᠵᠠᠮ ᠤᠨ ᠪᠥᠬᠦ ᠣᠷᠳᠣ 2725 ᠺᠢᠯᠣᠮᠧᠲᠷ ᠲᠤ ᠬᠦᠷᠴᠦ᠂ ᠮᠠᠯᠴᠢᠳ ᠤᠨ ᠶᠠᠪᠤᠵᠤ ᠰᠠᠭᠤᠬᠤ ᠳᠤ ᠲᠦᠭᠦᠮ ᠦᠵᠡᠭᠦᠯᠪᠡ᠃      —— ᠥᠩᠭᠡᠷᠡᠭᠰᠡᠨ ᠨᠢᠭᠡ ᠵᠢᠯ ᠳᠤ᠂ ᠪᠢᠳᠡ ᠠᠷᠠᠳ ᠤᠨ ᠠᠮᠢᠳᠣᠷᠠᠯ ᠢ ᠪᠠᠳᠣᠯᠠᠨ ᠰᠢᠯᠢᠳᠡᠭᠵᠢᠬᠦᠯᠬᠦ ᠶᠢ ᠬᠦᠴᠦᠯᠡᠨ ᠠᠳᠬᠤᠵᠣ᠂ ᠠᠷᠠᠳ ᠲᠦᠮᠡᠨ ᠤ ᠵᠣᠯ ᠵᠢᠷᠭᠠᠯ ᠢ ᠲᠠᠰᠤᠷᠠᠯᠲᠠ ᠦᠭᠡᠢ ᠨᠡᠮᠡᠭᠳᠡᠭᠦᠯᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯᠲᠡ ᠶᠢ ᠢᠮᠠᠭᠲᠠ ᠲᠤᠤᠱᠯᠠᠭᠤᠯᠵᠤ᠂ ᠪᠦᠬᠦ ᠵᠢᠯ ᠤᠨ ᠠᠷᠠᠳ ᠤᠨ ᠠᠮᠢᠳᠤᠷᠠᠯ ᠤᠨ ᠲᠠᠯ᠎ᠠ ᠳᠠᠬᠢ ᠵᠠᠷᠤᠯᠭ᠎ᠠ ᠡᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 60%᠎ ᠠᠴᠠ ᠳᠠᠪᠠᠵᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠪᠦᠷᠢ ᠶᠢᠨ ᠳᠤᠮᠳᠠᠴᠢ ᠲᠣᠬᠢᠷᠠᠭᠤᠯᠵᠣ ᠪᠣᠯᠬᠤᠶᠢᠴᠠ ᠣᠷᠣᠯᠭ᠎ᠠ ᠲᠤᠰ ᠲᠤᠰ 47716 ᠪᠠ 40661 ᠲᠥᠭᠦᠷᠢᠭ ᠲᠤ ᠬᠦᠷᠴᠦ᠂ 5.5% ᠪᠠ 6.5%᠎ ᠪᠠᠷ ᠨᠡᠮᠡᠭᠳᠡᠪᠡ᠃ ᠨᠡᠶᠢᠭᠡᠮ ᠤᠨ ᠪᠠᠳᠣᠯᠠᠭ᠎ᠠ ᠪᠠᠷ ᠠᠷᠠᠳ ᠲᠤ ᠠᠰᠢᠭ ᠬᠦᠷᠲᠡᠭᠡᠪᠡ᠃ ᠪᠥᠬᠦ ᠵᠢᠯ ᠳᠤ 6089 ᠠᠵᠢᠯ ᠤᠨ ᠪᠠᠶᠢᠷᠢ ᠪᠦᠷᠢᠳᠭᠡᠵᠦ᠂ 1732 ᠬᠦᠮᠦᠨ ᠳᠤ ᠠᠵᠢᠯ ᠣᠯᠭᠤᠨ᠂ 634 ᠲᠦᠮᠡᠨ ᠲᠥᠭᠦᠷᠢᠭ ᠤᠨ ᠦᠢᠯᠡᠰ ᠪᠣᠰᠬᠠᠬᠤ ᠵᠢᠭᠡᠯᠡᠯᠭᠡ ᠲᠠᠷᠬᠠᠭᠠᠵᠤ᠂ ᠬᠤᠲᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.25%᠎ ᠶᠢᠨ ᠲᠣᠳᠣᠷ᠎ᠠ ᠬᠢᠵᠠᠭᠠᠷᠯᠠᠪᠠ᠃ ᠦᠢᠯᠡᠰ ᠪᠣᠰᠬᠠᠬᠤ ᠦᠢᠯᠡᠴᠢᠯᠡᠭᠡ ᠶᠢᠨ ᠡᠷᠴᠢᠮ ᠢ ᠴᠢᠩᠭᠠᠷᠠᠭᠤᠯᠵᠤ᠂ ᠦᠢᠯᠡᠰ ᠪᠣᠰᠬᠠᠬᠤ ᠰᠠᠭᠤᠷᠢᠨ ᠭᠠᠵᠠᠷ ᠲᠤ 25 ᠠᠵᠣ ᠠᠬᠤᠶᠢᠯᠠᠯ ᠤᠨ 58 ᠬᠥᠮᠦᠨ ᠦᠢᠯᠡᠰ ᠪᠣᠰᠬᠠᠨ᠂ ᠪᠣᠷᠣᠯᠠᠭᠤᠯᠭ᠎ᠠ ᠶᠢᠨ ᠦᠷᠳᠡᠭ ᠨᠢ ᠠᠳᠠᠯᠢ ᠬᠤᠭᠤᠴᠠᠭᠠᠨ ᠤ ᠬᠢ ᠠᠴᠠ 32%᠎ ᠢᠶᠠᠷ ᠨᠡᠮᠡᠭᠳᠡᠨ᠂ ᠮᠧᠩ ᠲᠸᠣ ᠣᠷᠴᠢᠨ ᠲᠣᠭᠤᠷᠢᠨ ᠤ ᠬᠠᠮᠠᠭᠠᠯᠠᠯᠲᠠ ᠶᠢᠨ ᠺᠣᠮᠫᠠᠨᠢ ᠶᠢᠨ ᠪᠠᠭ᠎ᠠ ᠬᠡᠯᠪᠡᠷᠢ ᠶᠢᠨ ᠠᠮᠢᠳᠣᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠥᠷᠥᠯ ᠵᠦᠢᠯ ᠨᠢ ᠲᠠᠪᠤᠳᠤᠭᠠᠷ ᠬᠤᠭᠤᠴᠠᠭᠠᠨ ᠤ ︽ᠳᠤᠮᠳᠠᠳᠤ ᠤᠯᠤᠰ ᠤᠨ ᠴᠣᠸᠠᠩ ᠢ︾ ᠤᠷᠤᠯᠳᠤᠭᠠᠨ ᠤ ᠭᠤᠷᠪᠠᠳᠣᠭᠠᠷ ᠳᠡᠰ ᠤᠨ ᠱᠠᠩᠨᠠᠯ ᠢ ᠬᠦᠷᠳᠡᠪᠡ᠃ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠪᠠ ︽ᠭᠤᠷᠪᠠ ᠥᠬᠡᠶ︾᠂ ︽ᠲᠠᠪᠤᠨ ᠪᠠᠲᠤᠯᠠᠭᠠᠲᠤ︾ ᠬᠥᠮᠦᠰ ᠤᠨ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠲᠣᠭᠲᠠᠭᠤᠨ ᠢᠶᠠᠷ ᠳᠡᠭᠡᠭᠰᠢᠯᠡᠭᠦᠯᠵᠦ᠂ ᠡᠯ᠎ᠡ ᠲᠥᠷᠥᠯ ᠤᠨ ᠲᠤᠰᠠᠯᠠᠮᠵᠢ ᠶᠢᠨ ᠨᠥᠬᠦᠪᠥᠷᠢ ᠶᠢ 1428 ᠲᠦᠮᠡᠨ ᠲᠥᠭᠦᠷᠢᠭ ᠲᠠᠷᠬᠠᠭᠠᠨ᠂ 4.86 ᠲᠦᠮᠡᠨ ᠬᠥᠮᠦᠨ ᠤᠳᠠᠭ᠎ᠠ ᠳᠤ ᠠᠰᠢᠭ ᠬᠦᠷᠲᠡᠭᠡᠪᠡ᠃ ︽ᠨᠠᠰᠣᠳᠠᠶᠢᠴᠣᠳ ᠪᠠ ᠬᠡᠣᠬᠡᠳ︾᠎ ᠢ ᠬᠠᠶᠢᠷᠠᠯᠠᠨ ᠬᠠᠯᠠᠮᠵᠢᠯᠠᠬᠤ ᠦᠢᠯᠡᠴᠢᠯᠡᠭᠡ ᠶᠢ ᠭᠦᠨᠵᠡᠭᠡᠶ ᠠᠬᠢᠭᠤᠯᠵᠤ᠂ 65 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠦᠢᠳᠬᠡᠯ ᠬᠤᠷᠢᠶᠠᠬᠤ ᠥᠬᠡᠶ ᠪᠠᠷ ᠡᠷᠡᠭᠦᠯ ᠮᠡᠨᠳᠦ ᠶᠢᠨ ᠪᠠᠶᠢᠴᠠᠭᠠᠯᠲᠠ ᠬᠢᠪᠡ᠂《 ᠠᠶᠠᠨ ᠨᠠᠰᠤᠵᠢᠯ ᠤᠨ ᠠᠰᠠᠷᠠᠮᠵᠢ ᠶᠢᠨ ᠬᠦᠷᠢᠶᠡᠯᠡᠩ》ᠡᠵᠡᠩᠨᠡᠯᠲᠡ ᠪᠠᠨ ᠡᠬᠢᠯᠡᠬᠦᠯᠵᠣ᠂ 349 ᠡᠷᠦᠬᠡ ᠶᠢᠨ 677 ᠬᠥᠮᠦᠨ ᠠᠰᠠᠷᠠᠮᠵᠢ ᠶᠢᠨ ᠬᠦᠷᠢᠶᠡᠯᠡᠩ ᠎ ᠳᠤ ᠰᠠᠭᠤᠵᠣ᠂ ᠮᠣᠩᠭᠤᠯ ᠡᠮᠨᠡᠯᠭᠡ ᠶᠢᠨ ᠡᠷᠡᠭᠦᠯ ᠮᠡᠨᠳᠦ ᠶᠢᠨ ᠲᠠᠶᠢᠯᠤᠮᠵᠢ ᠶᠢ 188 ᠬᠤᠭᠤᠴᠠᠭ᠎ᠠ ᠬᠢᠵᠣ᠂ ᠰᠣᠨᠣᠰᠣᠭᠴᠢᠳ ᠨᠡᠶᠢᠲᠡ 2.16 ᠲᠦᠮᠡᠨ ᠬᠥᠮᠦᠨ ᠤᠳᠠᠭ᠎ᠠ ᠳᠤ ᠬᠥᠷᠪᠡ᠃ ᠣᠷᠣᠰᠢᠭᠤᠯᠭ᠎ᠠ ᠶᠢᠨ ᠠᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠣᠷᠣᠰᠢᠭᠤᠯᠭ᠎ᠠ ᠶᠢᠨ ᠭᠠᠵᠠᠷ ᠪᠠ ᠴᠠᠭᠠᠨ ᠰᠤᠪᠤᠷᠭ᠎ᠠ ᠨᠡᠶᠢᠲᠡ ᠶᠢᠨ ᠤᠡᠭᠭᠤᠨ ᠤ ᠭᠠᠵᠠᠷ ᠢ ᠰᠢᠨ᠎ᠡ ᠪᠠᠷ ᠪᠠᠶᠢᠭᠤᠯᠬᠤ ᠠᠵᠢᠯ ᠢ ᠲᠦᠯᠬᠢᠨ ᠠᠬᠢᠭᠤᠯᠪᠠ᠃ ᠰᠤᠷᠭᠠᠨ ᠬᠥᠮᠦᠵᠢᠯ ᠢᠶᠠᠷ ᠠᠷᠠᠳ ᠲᠤ ᠠᠰᠢᠭ ᠬᠦᠷᠳᠡᠭᠡᠪᠠ᠃ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠵᠤ᠂ ︽ᠲᠠᠪᠤᠨ ᠬᠥᠮᠦᠵᠢᠯ︾᠎ ᠢ ᠵᠡᠷᠭᠡᠪᠡᠷ ᠠᠳᠬᠤᠬᠤ ᠶᠢ ᠪᠠᠷᠢᠮᠲᠠᠯᠠᠨ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠪᠥᠬᠦ ᠲᠠᠯ᠎ᠠ ᠪᠠᠷ ᠲᠡᠯᠭᠡᠷᠡᠬᠦᠯᠵᠦ᠂ ︽ᠵᠡᠭᠦᠨ ᠦᠵᠦᠮᠦᠴᠢᠨ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠴᠢᠨᠠᠷ ᠰᠠᠶᠢᠲᠠᠢ ᠬᠦᠭᠵᠢᠯᠲᠡ ᠶᠢ ᠠᠬᠢᠭᠤᠯᠬᠤ ᠱᠠᠩᠨᠠᠨ ᠬᠦᠬᠢᠭᠦᠯᠬᠦ ᠠᠷᠭ᠎ᠠ ︵ᠲᠤᠷᠰᠢᠨ ᠬᠡᠷᠡᠭᠵᠢᠭᠦᠯᠬᠦ︶︾᠎ ᠶᠢ ᠨᠡᠶᠢᠲᠡᠯᠡᠵᠦ᠂ 94 ᠪᠠᠭᠰᠢ ᠠᠵᠢᠯᠲᠠᠨ ᠡᠯᠰᠡᠨ᠂ 3 ᠨᠠᠷᠠᠲᠤ ᠪᠠᠭᠰᠢ ᠶᠢᠨ ᠠᠵᠢᠯᠯᠠᠬᠤ ᠲᠠᠰᠤᠭ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ᠂ ᠠᠶᠢᠮᠠᠭ ᠤᠨ ᠲᠠᠰ ᠤᠨ ᠪᠣᠯᠪᠠᠰᠤᠨ ᠰᠤᠷᠭᠠᠭᠤᠯᠢ ᠶᠢᠨ ᠬᠦᠷᠢᠶ᠎ᠡ ᠶᠢ 7 ᠡᠭᠦᠳᠦᠨ ᠪᠠᠶᠢᠭᠤᠯᠵᠣ᠂ ᠪᠥᠬᠦ ᠬᠤᠰᠢᠭᠤᠨ ᠤ ᠴᠡᠴᠡᠷᠯᠢᠭ ᠲᠤ ᠰᠠᠭᠤᠬᠤ ᠨᠠᠰᠣᠨ ᠳᠤ ᠬᠦᠷᠦᠭᠰᠡᠨ ᠬᠡᠤᠬᠡᠳ ᠤᠨ ᠰᠤᠷᠭᠠᠭᠤᠯᠢ ᠳᠤ ᠰᠠᠭᠤᠭᠰᠠᠨ ᠨᠣᠷᠮ᠎ᠠ᠂ ᠥᠨᠳᠥᠷ ᠳᠤᠮᠳᠠᠳᠤ ᠶᠢᠨ ᠰᠣᠷᠣᠭᠴᠢᠳ ᠤᠨ ᠰᠤᠷᠭᠠᠭᠤᠯᠢ ᠳᠤ ᠰᠠᠭᠤᠭᠰᠠᠨ ᠨᠣᠷᠮ᠎ᠠ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ ᠲᠣᠰ ᠲᠣᠰ 95%᠂ 98% ᠪᠠ 100%᠎ ᠳᠤ ᠬᠦᠷᠴᠦ᠂ ᠥᠨᠳᠥᠷ ᠳᠤᠮᠳᠠᠳᠤ ᠳᠤ ᠳᠠᠪᠰᠢᠬᠤ ᠰᠢᠯᠭᠠᠯᠲᠠ ᠶᠢᠨ ᠬᠢᠷᠢ ᠪᠦᠲᠦᠮᠵᠢ ᠪᠥᠬᠦ ᠠᠶᠢᠮᠠᠭ ᠤᠨ ᠡᠮᠦᠨ᠎ᠡ ᠡᠩᠨᠡᠭᠡᠨ ᠳᠤ ᠣᠷᠣᠪᠠ᠃ ᠰᠣᠶᠣᠯ᠂ ᠪᠡᠶ᠎ᠡ ᠲᠠᠮᠢᠷ᠂ ᠬᠥᠳᠡᠯᠮᠦᠷᠢ᠂ ᠭᠤᠸ᠎ᠠ ᠰᠠᠶᠢᠬᠠᠨ ᠤ ᠬᠥᠮᠦᠵᠢᠯ ᠤᠨ ᠴᠢᠨᠠᠷ ᠰᠠᠶᠢᠲᠠᠶ ᠬᠥᠭᠵᠢᠯᠲᠡ ᠶᠢ ᠢᠳᠡᠪᠬᠢᠲᠡᠶ ᠠᠬᠢᠭᠤᠯᠵᠤ᠂ ᠰᠤᠷᠭᠠᠭᠤᠯᠢ ᠶᠢᠨ ᠬᠦᠷᠢᠶᠡᠨ ᠤ ᠬᠥᠯ ᠪᠥᠮᠪᠦᠭᠡ ᠶᠢᠨ ᠬᠤᠯᠪᠣᠭᠠᠲᠤ ᠤᠷᠤᠯᠳᠤᠭᠠᠨ ᠪᠠ ᠪᠥᠬᠦ ᠬᠤᠰᠢᠭᠤᠨ ᠤ ᠠᠷᠪᠠᠳᠤᠭᠠᠷ ᠬᠤᠭᠤᠴᠠᠭᠠᠨ ᠤ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠣᠷᠠᠨ ᠰᠠᠶᠢᠬᠠᠨ ᠤ ᠲᠣᠭᠯᠠᠯᠲᠠ ᠶᠢ ᠠᠮᠵᠢᠯᠲᠠ ᠲᠠᠢ ᠡᠷᠭᠢᠯᠡᠵᠦ᠂ ᠨᠢᠭᠡᠳᠦᠭᠡᠷ ᠪᠠᠭ᠎ᠠ ᠰᠤᠷᠭᠠᠭᠤᠯᠢ ᠶᠢᠨ ᠡᠷᠡᠭᠲᠡᠶ ᠶᠢᠨ ᠬᠥᠯ ᠪᠥᠮᠪᠦᠭᠡ ᠶᠢᠨ ᠠᠩᠭᠢ 2022 ᠣᠨ ᠤ ︽ᠠᠶᠢᠮᠠᠭ ᠤᠨ ᠳᠠᠷᠤᠭ᠎ᠠ ᠬᠤᠨᠳᠠᠭᠠᠲᠤ︾ ᠬᠥᠯ ᠪᠥᠮᠪᠦᠭᠡ ᠶᠢᠨ ᠤᠷᠤᠯᠳᠤᠭᠠᠨ ᠤ ᠪᠠᠭ᠎ᠠ ᠰᠤᠷᠭᠠᠭᠤᠯᠢ ᠶᠢᠨ ᠳᠤᠭᠤᠶᠢᠯᠠᠩ ᠳᠤ ᠮᠠᠩᠯᠠᠶᠢᠯᠠᠪᠠ᠃ ᠨᠡᠶᠢᠲᠡ 1.39 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠣ᠂ 5 ᠳᠤᠮᠳᠠᠳᠤ ᠪᠠᠭ᠎ᠠ ᠰᠤᠷᠭᠠᠭᠤᠯᠢ ᠶᠢᠨ ᠰᠤᠷᠭᠠᠭᠤᠯᠢ ᠶᠢᠨ ᠬᠦᠷᠢᠶ᠎ᠡ ᠶᠢ ᠬᠠᠲᠠᠭᠤᠷᠠᠭᠤᠯᠬᠤ᠂ ᠶᠡᠷᠦᠩᠬᠡᠶᠢᠯᠡᠭᠰᠡᠨ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠶᠢᠷᠢ ᠶᠢᠨ ᠠᠰᠠᠷ ᠢ ᠵᠠᠰᠠᠨ ᠪᠠᠬᠢᠵᠢᠬᠦᠯᠬᠦ᠂ ᠭᠤᠷᠪᠠᠳᠤᠭᠠᠷ ᠪᠠᠭ᠎ᠠ ᠰᠤᠷᠭᠠᠭᠤᠯᠢ ᠶᠢᠨ ᠰᠤᠷᠭᠠᠭᠤᠯᠢ ᠡᠷᠭᠢᠯᠡᠬᠦ ᠶᠠᠰᠤ ᠴᠢᠨᠠᠷ ᠢ ᠳᠡᠭᠡᠭᠰᠢᠯᠡᠭᠦᠯᠬᠦ᠂ ᠭᠤᠷᠪᠠᠳᠣᠭᠠᠷ ᠬᠡᠣᠬᠡᠳ ᠤᠨ ᠴᠡᠴᠡᠷᠯᠢᠭ ᠢ ᠪᠠᠶᠢᠭᠤᠯᠬᠤ ᠵᠢᠴᠢ 14 ᠳᠤᠮᠳᠠᠳᠤ ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ ᠤᠨ ᠭᠠᠯ ᠤᠨᠲᠠᠷᠠᠭᠠᠬᠤ ᠲᠦᠬᠦᠭᠡᠷᠣᠮᠵᠢ ᠶᠢ ᠰᠢᠨᠡᠳᠭᠡᠬᠦ ᠲᠦᠷᠦᠯ ᠵᠦᠢᠯ ᠢ ᠪᠡᠶᠡᠯᠡᠭᠦᠯᠵᠦ᠂ ᠰᠤᠷᠭᠠᠭᠤᠯᠢ ᠡᠷᠭᠢᠯᠡᠬᠦ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠪᠠ᠃ ᠡᠮ ᠡᠮᠨᠡᠯᠭᠡ ᠪᠠᠷ ᠠᠷᠠᠳ ᠎ ᠲᠤ ᠠᠰᠢᠭ ᠬᠥᠷᠲᠡᠭᠡᠪᠡ᠃ ︽ᠡᠷᠡᠭᠦᠯ ᠡᠩᠬᠡ ᠵᠡᠬᠦᠨ ᠦᠵᠦᠮᠦᠴᠢᠨ︾᠎ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠣᠮᠵᠢ ᠶᠢᠨ ᠥᠭᠡᠷᠡᠴᠢᠯᠡᠯᠲᠡ ᠶᠢ ᠦᠷᠭᠦᠯᠵᠢᠯᠡᠨ ᠬᠦᠨᠵᠡᠭᠡᠶᠢᠷᠡᠬᠦᠯᠵᠣ᠂ 35 ᠲᠤᠰᠬᠠᠶ ᠮᠡᠷᠭᠡᠵᠢᠯ ᠤᠨ ᠠᠵᠢᠯᠲᠠᠨ ᠡᠯᠰᠡᠨ᠂ 4260 ᠬᠦᠮᠦᠨ ᠳᠤ ︽ᠬᠤᠶᠠᠷ ᠦᠮᠠᠨ ︾᠎ ᠤ ᠪᠠᠶᠢᠴᠠᠭᠠᠯᠳᠠ ᠬᠢᠵᠣ᠂ 58.42 ᠲᠦᠮᠡᠨ ᠲᠥᠭᠦᠷᠢᠭ ᠤᠨ ᠲᠥᠯᠥᠪᠯᠡᠭᠡᠲᠦ ᠦᠷᠡᠵᠢᠯ ᠤᠨ ᠱᠠᠩᠨᠠᠯ ᠤᠨ ᠮᠥᠩᠭᠦ ᠲᠠᠷᠬᠠᠭᠠᠪᠠ᠃ 8151 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠬᠤᠰᠢᠭᠤ ᠮᠣᠩᠭᠤᠯ ᠡᠮᠨᠡᠯᠭᠡ ᠶᠢᠨ ᠬᠤᠷᠢᠶ᠎ᠠ᠂ ᠡᠬᠡ ᠨᠢᠯᠬᠠᠰ ᠤᠨ ᠡᠷᠡᠭᠦᠯᠵᠢᠯ ᠤᠨ ᠬᠤᠷᠢᠶ᠎ᠠ᠂ ᠤᠯᠢᠶᠠᠰᠤᠲᠠᠶ ᠪᠠᠯᠭᠠᠰᠤᠨ ᠤ ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠠᠰᠢᠭᠯᠠᠯᠲᠠ ᠳᠤ ᠣᠷᠣᠭᠤᠯᠨ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠢ ᠰᠢᠨ᠎ᠡ ᠪᠠᠷ ᠪᠠᠶᠢᠭᠤᠯᠬᠤ ᠲᠥᠷᠥᠯ ᠵᠦᠢᠯ ᠢ ᠡᠬᠢᠯᠡᠨ ᠪᠠᠶᠢᠭᠤᠯᠪᠠ᠃ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ ᠶᠢ ︽ᠬᠤᠶᠠᠳᠤᠭᠠᠷ ᠳᠡᠰ ᠤᠨ ᠬᠥᠬᠡ ᠲᠠᠰ ᠤᠨ ᠡᠮᠨᠡᠯᠭᠡ ᠶᠢᠨ ᠬᠤᠷᠢᠶ᠎ᠠ︾᠎ ᠪᠠᠷ ᠡᠬᠦᠳᠦᠨ ᠪᠠᠶᠢᠭᠤᠯᠬᠤ ᠠᠵᠢᠯ ᠢ ᠲᠣᠭᠲᠠᠭᠤᠨ ᠢᠶᠠᠷ ᠠᠬᠢᠭᠤᠯᠵᠤ᠂ ᠴᠥᠮ᠎ᠡ ᠶᠢᠨ ᠰᠣᠷᠢᠨᠵᠢᠨ ᠳᠠᠷᠪᠢᠯᠲᠠ ᠶᠢᠨ ᠪᠠᠶᠢᠴᠠᠭᠠᠯᠲᠠ ᠬᠢᠬᠦ ᠵᠡᠷᠭᠡ ᠡᠮᠴᠢᠯᠡᠭᠡᠨ ᠤ ᠲᠥᠬᠦᠭᠡᠷᠦᠮᠵᠢ ᠵᠢᠴᠢ ᠢᠵᠢ ᠪᠦᠷᠢᠳᠦᠭᠰᠡᠨ ᠲᠥᠬᠦᠭᠡᠷᠦᠮᠵᠢ ᠶᠢ ᠡᠮᠴᠢᠯᠡᠭᠡᠨ ᠳᠤ ᠬᠡᠷᠡᠭᠯᠡᠵᠦ᠂ ᠬᠡᠤᠬᠡᠳ ᠤᠨ ᠰᠠᠯᠠᠭ᠎ᠠ ᠪᠠ ᠬᠤᠳᠣᠭᠤᠳᠣ ᠭᠡᠳᠡᠰᠦᠨ ᠤ ᠳᠤᠷᠠᠨ ᠤ ᠰᠠᠯᠠᠭ᠎ᠠ ᠶᠢ ᠰᠢᠨ᠎ᠡ ᠎ ᠪᠠᠷ ᠪᠠᠶᠢᠭᠤᠯᠵᠤ᠂ ᠡᠮᠴᠢᠯᠡᠭᠡᠨ ᠤ ᠳᠤᠲᠠᠭᠤ ᠶᠢ ᠨᠥᠬᠦᠪᠥᠷᠢᠯᠡᠵᠦ᠂ ᠪᠥᠬᠦ ᠬᠤᠰᠢᠭᠤᠨ ᠤ ᠡᠮ ᠡᠮᠨᠡᠯᠭᠡ ᠶᠢᠨ ᠦᠢᠯᠡᠴᠢᠯᠡᠭᠡᠨ ᠤ ᠴᠢᠳᠠᠪᠣᠷᠢ ᠶᠢ ᠰᠠᠶᠢᠲᠤᠷ ᠳᠡᠭᠡᠭᠰᠢᠯᠡᠬᠦᠯᠪᠡ᠃ ᠰᠣᠶᠣᠯ ᠢᠶᠠᠷ ᠠᠷᠠᠳ ᠢ ᠬᠥᠮᠦᠵᠢᠭᠦᠯᠬᠦ ᠶᠢ ᠪᠠᠷᠢᠮᠳᠠᠯᠠᠪᠠ᠃ ᠨᠣᠮ ᠤᠨ ᠰᠠᠩ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠷᠳᠣᠨ ᠠᠰᠢᠭᠯᠠᠯᠲᠠ ᠳᠤ ᠣᠷᠣᠵᠣ᠂ ︽ᠪᠣᠰᠤᠭ᠎ᠠ ᠴᠤᠭᠴᠠᠲᠤ ᠣᠩᠰᠢᠯᠭ᠎ᠠ︾᠎ ᠶᠢᠨ ᠥᠷᠦᠭᠡ ᠶᠢ ᠡᠷᠬᠢᠯᠡᠨ᠂ ᠪᠦᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠥᠪ᠂ ᠵᠠᠯᠠᠭᠤᠴᠤᠳ ᠪᠠᠭᠠᠴᠤᠳ ᠤᠨ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ᠂ ᠨᠠᠰᠤᠲᠠᠶᠢᠴᠤᠳ ᠤᠨ ᠰᠣᠶᠣᠯ ᠪᠡᠶ᠎ᠡ ᠶᠢᠨ ᠲᠠᠮᠢᠷ ᠤᠨ ᠬᠥᠳᠡᠯᠭᠡᠭᠡᠨ ᠤ ᠲᠥᠪ ᠢ ᠰᠦᠢᠳᠬᠡᠯ ᠬᠤᠷᠢᠶᠠᠬᠤ ᠦᠭᠡᠢ ᠪᠠᠷ ᠨᠡᠭᠡᠭᠡᠯᠲᠡ ᠬᠢᠵᠣ᠂ ᠨᠡᠶᠢᠳᠡ 9 ᠲᠦᠮᠡᠨ ᠬᠥᠮᠦᠨ ᠤᠳᠠᠭ᠎ᠠ ᠬᠦᠯᠢᠶᠡᠨ ᠠᠪᠴᠤ᠂ 11 ᠬᠥᠮᠦᠨ ᠤ ᠳᠦᠷᠢᠮᠲᠦ ᠬᠦᠯ ᠪᠥᠮᠪᠦᠭᠡ ᠶᠢᠨ ᠲᠠᠯᠠᠪᠠᠢ᠂ ᠪᠡᠶ᠎ᠡ ᠶᠢᠨ ᠲᠠᠮᠢᠷ ᠤᠨ ᠴᠡᠴᠡᠷᠯᠢᠭ ᠢ ᠦᠨᠳᠦᠰᠦᠨ ᠳᠡᠭᠡᠨ ᠪᠠᠷᠢᠵᠤ ᠳᠠᠭᠤᠰᠬᠠᠪᠠ᠃ ᠳᠠᠭᠤᠤ ᠪᠥᠵᠢᠭᠲᠦ ᠵᠦᠴᠦᠭᠡ ︽ᠡᠵᠢ ᠨᠠᠭᠤᠷ︾ 2022 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠶᠢᠰᠠᠨ ᠤ ᠤᠷᠠᠯᠢᠭ ᠤᠨ ᠰᠣᠳᠣᠨ ᠪᠦᠲᠦᠭᠡᠯ ᠤᠨ ᠢᠨᠵᠧᠨᠧᠷᠢᠩ ᠳᠤ ᠰᠣᠩᠭᠤᠭᠳᠠᠨ᠂ ︽ᠳᠥᠷᠪᠡᠨ ᠴᠠᠭ ᠤᠨ ᠦᠵᠦᠮᠦᠴᠢᠨ︾ ᠰᠣᠶᠣᠯ ᠲᠠᠮᠢᠷ ᠤᠨ ᠠᠵᠢᠯᠯᠠᠭ᠎ᠠ᠂ ᠤᠯᠠᠭᠠᠨᠮᠥ᠋ᠴᠢᠷ ᠤᠨ ︽ᠵᠠᠭᠤᠨ ᠪᠦᠯᠬᠦᠮ ᠮᠢᠩᠭᠠᠨ ᠲᠠᠯᠠᠪᠠᠢ ᠲᠣᠭᠯᠠᠯᠲᠠ ᠦᠨᠳᠦᠰᠦᠨ ᠱᠠᠲᠤᠨ ᠳᠤ ᠪᠠᠭᠤᠬᠤ︾᠂ ᠠᠵᠢᠯ ᠤᠨ ᠴᠢᠯᠥᠭᠡᠨ ᠤ ᠤᠯᠠᠭᠠᠨᠮᠥ᠋ᠴᠢᠷ ᠤᠨ ᠲᠣᠭᠯᠠᠯᠲᠠ ᠵᠡᠷᠭᠡ ᠡᠯ᠎ᠡ ᠲᠥᠷᠥᠯ ᠤᠨ ᠰᠣᠶᠣᠯ ᠪᠡᠶ᠎ᠡ ᠶᠢᠨ ᠲᠠᠮᠢᠷ ᠤᠨ ᠠᠵᠢᠯᠯᠠᠭ᠎ᠠ ᠦᠷᠨᠢᠬᠦᠯᠦᠨ᠂ ᠬᠤᠶᠠᠳᠤᠭᠠᠷ ᠡᠭᠡᠯᠵᠢ ᠶᠢᠨ ︽ᠵᠡᠭᠦᠨ ᠦᠵᠦᠮᠦᠴᠢᠨ ᠬᠤᠰᠢᠭᠤᠨ ᠤ ᠣᠨ ᠤ ᠣᠶᠢᠯᠠᠪᠣᠷᠢ︾᠎ ᠶᠢᠨ ᠨᠠᠶᠢᠷᠠᠭᠤᠯᠭ᠎ᠠ ᠪᠠ ᠣᠷᠴᠢᠭᠤᠯᠭ᠎ᠠ ᠶᠢᠨ ᠠᠵᠢᠯ ᠢ ᠡᠮᠬᠢ ᠵᠢᠷᠤᠮ ᠲᠠᠢ ᠠᠬᠢᠭᠤᠯᠵᠣ᠂ ᠣᠯᠠᠨ ᠲᠦᠮᠡᠨ ᠤ ᠦᠵᠡᠯ ᠰᠠᠨᠠᠭ᠎ᠠ ᠰᠣᠶᠣᠯ ᠤᠨ ᠠᠮᠢᠳᠤᠷᠠᠯ ᠢ ᠤᠯᠠᠮ ᠪᠠᠶᠠᠯᠢᠭᠵᠢᠭᠤᠯᠪᠠ᠃      —— ᠥᠩᠭᠡᠷᠡᠭᠰᠡᠨ ᠨᠢᠭᠡ ᠵᠢᠯ ᠳᠤ ᠪᠢᠳᠡ ᠲᠣᠭᠲᠠᠭᠤᠨ ᠢ ᠪᠠᠳᠣᠯᠠᠵᠣ᠂ ᠦᠢᠯᠡᠳᠪᠦᠷᠢᠯᠡᠯ ᠢ ᠰᠢᠯᠢᠳᠡᠭᠵᠢᠭᠦᠯᠬᠦ ᠶᠢ ᠬᠦᠴᠦᠯᠡᠨ ᠠᠳᠬᠤᠵᠣ᠂ ᠡᠶ᠎ᠡ ᠵᠣᠬᠢᠴᠠᠯ ᠲᠠᠢ ᠲᠣᠭᠲᠠᠭᠤᠨ ᠪᠠᠶᠢᠳᠠᠯ ᠢ ᠶᠡᠷᠦᠩᠬᠡᠶ ᠳᠤᠨᠢ ᠪᠠᠳᠣᠯᠠᠪᠠ᠃ ᠲᠣᠭᠲᠠᠭᠤᠨ ᠢ ᠬᠠᠮᠠᠭᠠᠯᠠᠬᠤ ᠶᠢ ᠴᠢᠬᠤᠯᠠ ᠶᠡᠭᠡ ᠤᠯᠤᠰ ᠲᠦᠷᠦ ᠶᠢᠨ ᠡᠬᠦᠷᠭᠡ ᠪᠣᠯᠭᠠᠵᠤ᠂ ᠦᠨᠳᠦᠰᠦᠳᠡᠨ ᠨᠦᠭᠦᠳ ᠪᠦᠯᠬᠦᠮᠳᠡᠭᠰᠡᠨ᠂ ᠠᠷᠠᠳ ᠲᠦᠮᠡᠨ ᠠᠮᠤᠷ ᠲᠦᠪᠰᠢᠨ᠂ ᠨᠡᠶᠢᠭᠡᠮ ᠠᠮᠤᠷ ᠲᠣᠭᠳᠠᠭᠤᠨ᠂ ᠬᠢᠯᠢ ᠬᠢᠵᠠᠭᠠᠷ ᠠᠮᠤᠷ ᠲᠠᠶᠢᠪᠤᠩ ᠣᠬᠢ ᠰᠠᠶᠢᠨ ᠪᠠᠶᠢᠳᠠᠯ ᠢ ᠲᠠᠰᠤᠷᠠᠯᠳᠠ ᠦᠭᠡᠢ ᠪᠠᠬᠢᠵᠢᠬᠦᠯᠪᠡ᠃ ᠦᠨᠳᠦᠰᠦᠲᠡᠨ ᠤ ᠪᠦᠯᠬᠦᠮᠳᠡᠯ ᠤᠨ ᠶᠡᠭᠡ ᠲᠠᠯ᠎ᠠ ᠶᠢ ᠦᠷᠭᠦᠯᠵᠢᠯᠡᠨ ᠪᠠᠬᠢᠵᠢᠬᠦᠯᠪᠡ᠃ ᠰᠢ ᠶᠢᠨ ᠫᠢᠩ ᠶᠡᠷᠦᠩᠬᠡᠶ ᠱᠦᠵᠢ ᠶᠢᠨ ᠦᠨᠳᠦᠰᠦᠲᠡᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ︽ᠨᠠᠢᠮᠠ ᠳᠤ ᠣᠷᠣᠭᠤᠯᠬᠤ︾ ᠠᠵᠢᠯᠯᠠᠭ᠎ᠠ ᠎ ᠶᠢ ᠭᠦᠨᠵᠡᠭᠡᠶᠢᠷᠡᠬᠦᠯᠦᠨ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤᠳᠬᠠᠬᠤ ᠪᠠᠷ ᠭᠤᠤᠯ ᠱᠤᠭᠤᠮ ᠪᠣᠯᠭᠠᠭᠰᠠᠨ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠶᠢ 260 ᠭᠠᠷᠣᠢ ᠣᠳᠠᠭ᠎ᠠ ᠥᠷᠨᠢᠭᠦᠯᠵᠦ᠂ ᠪᠥᠬᠦ ᠬᠤᠰᠢᠭᠤᠨ ᠤ ᠡᠯ᠎ᠡ ᠦᠨᠳᠦᠰᠦᠲᠡᠨ ᠤ ᠺᠠᠳ᠋ᠷ ᠣᠯᠠᠨ ᠲᠦᠮᠡᠨ ᠳᠤ ︽ᠭᠤᠷᠪᠠᠨ ᠰᠠᠯᠵᠤ ᠪᠣᠯᠣᠰᠢ ᠥᠬᠡᠶ︾ ︽ᠲᠠᠪᠣᠨ ᠬᠠᠮᠳᠦ ᠶᠢᠨ ᠲᠠᠨᠢᠯᠲᠠ︾᠎ ᠶᠢᠨ ᠦᠵᠡᠯ ᠰᠠᠨᠠᠭ᠎ᠠ ᠶᠢ ᠭᠦᠨ ᠬᠠᠳᠠᠩᠰᠢᠭᠤᠯᠪᠠ᠃ ᠱᠠᠰᠢᠨ ᠰᠤᠷᠲᠠᠬᠤᠨ ᠤ ᠬᠡᠷᠡᠭ ᠶᠠᠪᠤᠳᠠᠯ ᠤᠨ ᠬᠠᠮᠢᠶᠠᠷᠤᠯᠲᠠ ᠶᠢ ᠬᠠᠤᠯᠢ ᠶᠣᠰᠣᠭᠠᠷ ᠴᠢᠩᠭᠠᠳᠬᠠᠵᠤ᠂ ᠦᠨᠳᠦᠰᠦᠲᠡᠨ ᠪᠦᠯᠬᠦᠮᠳᠡᠭᠰᠡᠨ᠂ ᠱᠠᠰᠢᠨ ᠰᠤᠷᠲᠠᠬᠤᠨ ᠡᠶ᠎ᠡ ᠨᠠᠶᠢᠷᠠᠮᠳᠠᠭᠤ ᠰᠠᠶᠢᠨ ᠰᠠᠶᠢᠬᠠᠨ ᠪᠠᠶᠢᠳᠠᠯ ᠢ ᠬᠠᠮᠠᠭᠠᠯᠠᠪᠠ ᠃ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠯᠡᠳᠲᠡ ᠦᠷ᠎ᠡ ᠪᠦᠲᠦᠮᠵᠢ ᠤᠯᠪᠠ᠃ ︽ᠭᠠᠳᠠᠨ᠎ᠠ ᠎ ᠠᠴᠠ ᠬᠠᠯᠳᠠᠪᠣᠷᠢᠯᠠᠬᠤ ᠶᠢ ᠰᠡᠷᠭᠡᠶᠢᠯᠡᠵᠦ᠂ ᠳᠣᠲᠣᠭᠠᠳᠤ ᠳᠠᠭᠠᠨ ᠳᠠᠬᠢᠨ ᠳᠡᠯᠭᠡᠷᠡᠬᠦ ᠶᠢ ᠰᠡᠷᠭᠡᠶᠢᠯᠡᠬᠦ︾ ᠶᠡᠷᠦᠩᠬᠡᠶ ᠠᠷᠭ᠎ᠠ ᠪᠣᠳᠣᠯᠭ᠎ᠠ ᠪᠠ ︽ᠬᠥᠳᠡᠯᠦᠩᠭᠦᠶ ᠪᠠᠷ ᠠᠷᠢᠯᠭᠠᠬᠤ︾ ᠶᠡᠷᠦᠩᠬᠡᠶ ᠴᠢᠭᠯᠡᠯᠲᠡ ᠶᠢ ᠡᠷᠡᠰ ᠲᠤᠤᠱᠯᠠᠭᠤᠯᠵᠤ᠂ 8400 ᠭᠠᠷᠣᠢ ᠲᠦᠮᠡᠨ ᠲᠦᠭᠦᠷᠢᠭ ᠤᠨ ᠪᠡᠯᠡ ᠣᠷᠣᠭᠤᠯᠵᠣ᠂ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠰᠢᠨᠵᠢᠯᠡᠬᠦ ᠤᠬᠠᠭᠠᠨᠴᠢ ᠪᠠᠷ ᠨᠠᠶᠢᠳᠠᠪᠤᠷᠢᠵᠢᠭᠤᠯᠵᠤ᠂ ᠶᠡᠭᠡ ᠬᠡᠪᠴᠢᠶᠡᠨ ᠤ ᠬᠢᠵᠢᠭ ᠤᠨ ᠪᠠᠶᠢᠳᠠᠯ ᠡᠬᠦᠰᠬᠦ ᠶᠢ ᠰᠡᠷᠭᠡᠶᠢᠯᠡᠪᠡ᠃ ᠶᠢᠰᠦᠳᠦᠭᠡᠷ ᠬᠡᠪᠯᠡᠯ ᠤᠨ ᠰᠡᠷᠭᠡᠶᠢᠯᠡᠨ ᠡᠵᠡᠮᠳᠡᠬᠦ ᠲᠥᠰᠦᠯ ᠢ ᠰᠠᠶᠢᠲᠤᠷ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ 3 — 59 ᠨᠠᠰᠤᠨ ᠤ ᠬᠥᠮᠦᠰ ᠤᠨ ᠪᠥᠬᠦ ᠶᠠᠪᠤᠴᠠ ᠶᠢᠨ ᠸᠠᠺᠼᠢᠨ ᠤ ᠲᠠᠷᠢᠯᠭ᠎ᠠ ᠲᠠᠷᠢᠭᠰᠠᠨ ᠨᠣᠷᠮ᠎ᠠ 90%᠎ ᠠᠴᠠ ᠳᠠᠪᠠᠵᠣ᠂ 60 ᠨᠠᠰᠤᠨ ᠠᠴᠠ ᠳᠡᠭᠡᠭᠰᠢᠬᠢ ᠬᠥᠮᠦᠰ ᠤᠨ ᠪᠥᠬᠦ ᠶᠠᠪᠤᠴᠠ ᠶᠢᠨ ᠸᠠᠺᠼᠢᠨ ᠤ ᠲᠠᠷᠢᠯᠭ᠎ᠠ ᠲᠠᠷᠢᠭᠰᠠᠨ ᠨᠣᠷᠮ᠎ᠠ 95%᠎ ᠠᠴᠠ ᠳᠠᠪᠠᠪᠠ᠃ ᠣᠯᠠᠨ ᠡᠪᠡᠳᠴᠢᠨ ᠢ ᠬᠠᠮᠲᠤ ᠳᠤᠨᠢ ᠰᠡᠷᠭᠡᠶᠢᠯᠡᠬᠦ ᠠᠵᠢᠯ ᠢ ᠪᠥᠬᠦ ᠲᠠᠯ᠎ᠠ ᠪᠠᠷ ᠴᠢᠩᠭᠠᠳᠬᠠᠵᠤ᠂ ᠰᠢᠯᠦᠬᠡᠶ ᠡᠪᠡᠳᠴᠢᠨ᠂ ᠪᠷᠦ᠋ᠼᠧᠯ ᠡᠪᠡᠳᠴᠢᠨ ᠵᠡᠷᠭᠡ ᠬᠢᠵᠢᠭ ᠡᠪᠡᠳᠴᠢᠨ ᠤ ᠳᠠᠷᠢᠯᠭ᠎ᠠ ᠲᠠᠷᠢᠭᠰᠠᠨ ᠨᠣᠷᠮ᠎ᠠ 100%᠎ ᠳᠤ ᠬᠦᠷᠴᠦ᠂ ᠪᠷᠦ᠋ᠼᠧᠯ ᠡᠪᠡᠳᠴᠢᠨ ᠡᠭᠦᠰᠬᠦ ᠨᠣᠷᠮ᠎ᠠ ᠶᠢ ᠠᠳᠠᠯᠢ ᠬᠤᠭᠤᠴᠠᠭᠠᠨ ᠤ ᠬᠢ ᠠᠴᠠ 30%᠎ ᠪᠠᠷ ᠪᠠᠭᠤᠷᠠᠭᠤᠯᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠠᠵᠢᠯ ᠢ ᠦᠷᠭᠦᠯᠵᠢᠯᠡᠨ ᠴᠢᠩᠭᠠᠳᠬᠠᠪᠠ᠃ ᠬᠦᠨᠳᠦ ᠶᠡᠭᠡ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠵᠢᠯ ᠳᠤ ᠵᠠᠰᠠᠭ ᠤᠨ ᠣᠷᠳᠣᠨ ᠤ ᠥᠷᠢ ᠥᠭᠴᠡᠭᠡ ᠶᠢ 2.51 ᠳ᠋ᠦᠩᠰᠢᠭᠤᠷ ᠲᠥᠭᠦᠷᠢᠭ ᠪᠣᠴᠠᠭᠠᠵᠣ᠂ ᠮᠠᠯᠵᠢᠬᠤ ᠣᠷᠣᠨ ᠤ ᠠᠷᠠᠳ ᠤᠨ ᠬᠤᠭᠤᠷᠣᠨᠳᠣᠬᠢ ᠵᠢᠭᠡᠯᠡᠯᠭᠡ ᠶᠢᠨ ᠡᠷᠦᠬᠡ ᠶᠢᠨ ᠲᠤᠭ᠎ᠠ ᠪᠠ ᠵᠣᠭᠤᠰᠣᠨ ᠲᠤᠭ᠎ᠠ ᠲᠣᠰ ᠲᠣᠰ 44.4% ᠪᠠ 67%᠎ ᠪᠠᠷ ᠪᠠᠭᠤᠷᠠᠪᠠ᠃ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾᠎ ᠶᠢ ᠪᠠᠷᠢᠮᠲᠠᠯᠠᠨ᠂ ᠪᠥᠬᠦ ᠬᠤᠰᠢᠭᠤᠨ ᠤ ᠵᠠᠬᠢᠳᠠᠯ ᠰᠤᠷᠪᠤᠯᠵᠢᠯᠠᠭ᠎ᠠ ᠶᠢᠨ ᠶᠡᠷᠦᠩᠬᠡᠶ ᠬᠡᠮᠵᠢᠶ᠎ᠡ᠂ ᠰᠦᠯᠵᠢᠶᠡᠨ ᠳᠡᠭᠡᠷᠡᠬᠢ ᠵᠠᠭᠠᠯᠳᠤᠯᠭ᠎ᠠ ᠶᠢᠨ ᠬᠡᠮᠵᠢᠶ᠎ᠡ ᠠᠳᠠᠯᠢ ᠬᠤᠭᠤᠴᠠᠭᠠᠨ ᠤ ᠬᠢ ᠠᠴᠠ 13%᠎ ᠪᠠᠷ ᠪᠠᠭᠤᠷᠠᠨ᠂ ᠬᠠᠨᠤᠮᠵᠢ ᠶᠢᠨ ᠨᠣᠷᠮ᠎ᠠ 97.3%᠎ ᠳᠤ ᠬᠥᠷᠪᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠲᠦᠭᠡᠮᠡᠯᠵᠢᠭᠦᠯᠬᠦ ᠠᠵᠢᠯ ᠢ ᠲᠦᠯᠬᠢᠨ ᠠᠬᠢᠭᠤᠯᠵᠤ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠡᠮᠡᠴᠡᠯ ᠢ ᠪᠠᠶᠢᠩᠭᠤ ᠶᠢᠨ ᠴᠢᠨᠡᠷᠲᠡᠢ ᠦᠷᠨᠢᠭᠦᠯᠦᠨ᠂ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠤᠷ ᠲᠣᠭᠲᠠᠭᠤᠨ ᠢ ᠬᠠᠮᠠᠭᠠᠯᠠᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠪᠠ ᠵᠥᠷᠢᠴᠡᠯ ᠵᠢᠭᠤᠷᠠᠯᠳᠤᠭᠠᠨ ᠢ ᠢᠳᠡᠪᠬᠢᠲᠡᠶ ᠪᠠᠷ ᠰᠢᠢᠳᠪᠦᠷᠢᠯᠡᠨ᠂ ︽ᠬᠠᠤᠯᠢ ᠪᠠᠷ ᠵᠠᠰᠠᠬᠤ ᠵᠡᠭᠦᠨ ᠦᠵᠦᠮᠦᠴᠢᠨ︾᠂ ︽ᠠᠮᠤᠷ ᠳᠣᠭᠳᠠᠭᠤᠨ ᠵᠡᠭᠦᠨ ᠦᠵᠦᠮᠦᠴᠢᠨ︾᠎ ᠤ ᠪᠠᠶᠢᠭᠤᠯᠤᠯᠲᠠ ᠰᠢᠨ᠎ᠡ ᠦᠷ᠎ᠡ ᠪᠦᠲᠦᠮᠵᠢ ᠤᠯᠪᠠ᠃ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠲᠣᠭᠲᠠᠭᠤᠨ ᠪᠠᠶᠢᠬᠤ ᠶᠢ ᠪᠠᠳᠣᠯᠠᠪᠠ ᠃ ᠠᠶᠤᠯᠭᠦᠶ ᠦᠢᠯᠡᠳᠪᠦᠷᠢᠯᠡᠯ ᠤᠨ ᠭᠤᠷᠪᠠᠨ ᠵᠢᠯ ᠤᠨ ᠠᠵᠢᠯᠯᠠᠭ᠎ᠠ ᠶᠢᠨ ᠰᠡᠬᠦᠯ ᠬᠤᠷᠢᠶᠠᠬᠤ ᠠᠵᠢᠯ ᠢ ᠰᠠᠶᠢᠲᠤᠷ ᠬᠢᠵᠦ᠂ ᠣᠨᠴᠠ ᠬᠦᠨᠳᠦ ᠶᠡᠭᠡ ᠠᠶᠤᠯ ᠲᠦᠭᠰᠢᠭᠦᠷᠢ᠂ ᠦᠪᠡᠷᠳᠡᠭᠡᠨ ᠪᠠᠷᠢᠭᠰᠠᠨ ᠭᠡᠷ ᠤᠨ ᠬᠦᠨᠳᠦ ᠶᠡᠭᠡ ᠭᠠᠯ ᠤᠨ ᠠᠶᠣᠯ ᠠᠴᠠ ᠰᠡᠷᠭᠡᠶᠢᠯᠡᠬᠦ ᠵᠡᠷᠭᠡ 13 ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ 3 ᠣᠳᠠᠭᠠᠨ ᠤ ᠬᠢᠯᠢ ᠶᠢᠨ ᠶᠡᠭᠡ ᠲᠦᠢᠮᠡᠷ ᠢ ᠠᠮᠵᠢᠯᠲᠠ ᠲᠠᠢ ᠪᠠᠷ ᠬᠠᠰᠢᠨ ᠣᠨᠳᠠᠷᠠᠭᠠᠵᠣ᠂ ᠪᠥᠬᠦ ᠬᠤᠰᠢᠭᠤᠨ ᠤ ᠪᠠᠴᠢᠮ ᠪᠠᠶᠢᠳᠠᠯ ᠢ ᠠᠷᠭᠠᠴᠠᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠪᠦᠲᠦᠮᠵᠢᠲᠡᠶ ᠳᠡᠭᠡᠭᠰᠢᠯᠡᠭᠦᠯᠪᠡ᠃ ᠢᠳᠡᠭᠡᠨ ᠤ ᠠᠮᠤᠷ ᠲᠦᠪᠰᠢᠨ ᠤ ︽ᠳᠥᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠤ ᠬᠤᠷᠢᠭ᠎ᠠ ᠱᠤᠭᠤᠮ ᠢ ᠪᠠᠲᠤ ᠰᠠᠬᠢᠵᠤ᠂ ᠠᠷᠠᠳ ᠣᠯᠠᠨ ᠤ ᠢᠳᠡᠭᠡᠨ ᠡᠮ ᠤᠨ ᠵᠦᠢᠯᠡᠰ ᠤᠨ ᠠᠮᠤᠷ ᠲᠦᠪᠰᠢᠨ ᠢ ᠪᠠᠳᠣᠯᠠᠪᠠ᠃      —— ᠥᠩᠭᠡᠷᠡᠭᠰᠡᠨ ᠨᠢᠭᠡ ᠵᠢᠯ ᠳᠤ᠂ ᠪᠢᠳᠡ ᠨᠠᠶᠢᠳᠠᠪᠤᠷᠢᠵᠢᠭᠤᠯᠤᠯᠲᠠ ᠂ ᠬᠡᠪ ᠰᠤᠷᠲᠠᠯ ᠢ ᠰᠢᠯᠢᠳᠡᠭᠵᠢᠬᠦᠯᠬᠦ ᠎ ᠶᠢ ᠬᠦᠴᠦᠯᠡᠨ ᠠᠳᠬᠤᠵᠣ᠂ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠴᠢᠩᠭᠠᠳᠬᠠᠪᠠ᠃ ᠤᠯᠤᠰ ᠲᠦᠷᠦ ᠶᠢᠨ ᠪᠠᠶᠢᠭᠤᠯᠤᠯᠲᠠ ᠶᠢ ᠢᠮᠠᠭᠲᠠ ᠲᠡᠷᠢᠭᠦᠨ ᠪᠠᠶᠢᠷᠢᠨ ᠳᠤ ᠲᠠᠯᠪᠢᠵᠣ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠣᠷᠣᠯᠴᠠᠵᠣ ᠲᠣᠣᠱᠯᠠᠭᠤᠯᠣᠨ᠂ ︽ᠬᠤᠶᠠᠷ ᠢ ᠲᠣᠭᠳᠠᠭᠠᠭᠰᠠᠨ︾᠎ ᠢ ᠬᠦᠷᠢᠶᠡᠯᠡᠨ ᠪᠠᠷᠢᠮᠳᠠᠯᠠᠵᠣ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠦᠨ᠂ ᠲᠤᠭ ᠳᠡᠮᠳᠡᠭ ᠲᠣᠳᠣᠷᠬᠠᠢ ᠪᠠᠷ ᠣᠯᠣᠰ ᠲᠦᠷᠦ ᠶᠢ ᠡᠷᠬᠢᠮᠯᠡᠬᠦ ᠶᠢ ᠵᠠᠰᠠᠭ ᠤᠨ ᠣᠷᠳᠣᠨ ᠤ ᠠᠵᠢᠯ ᠤᠨ ᠪᠦᠬᠦ ᠲᠠᠯ᠎ᠠ ᠳᠤ᠂ ᠪᠦᠬᠦ ᠶᠠᠪᠣᠴᠠ ᠳᠤ ᠨᠠᠶᠢᠳᠠᠪᠣᠷᠢᠵᠢᠭᠤᠯᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠢᠮᠠᠭᠲᠠ ᠪᠠᠷᠢᠮᠲᠠᠯᠠᠵᠤ᠂ ︽ᠭᠤᠷᠪᠠᠨ ᠴᠢᠬᠤᠯᠠ ᠨᠢᠭᠡ ᠲᠣᠮᠣ︾ ᠬᠡᠷᠡᠭ ᠶᠠᠪᠣᠳᠠᠯ ᠳᠤ ᠬᠠᠮᠲᠤ ᠪᠠᠷ ᠰᠢᠢᠳᠪᠦᠷᠢ ᠲᠣᠭᠲᠠᠭᠠᠬᠤ ᠳᠦᠷᠢᠮ ᠢ ᠨᠠᠷᠢᠨ ᠬᠢᠨᠠᠮᠠᠭᠠᠶ ᠭᠡᠷᠡᠭᠵᠢᠬᠦᠯᠦᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠪᠠᠶᠢᠩᠭᠤ ᠶᠢᠨ ᠬᠤᠷᠢᠶᠠᠨ ᠤ ᠬᠠᠤᠯᠢ ᠶᠣᠰᠣᠨ ᠤ ᠬᠢᠨᠠᠯᠲᠠ ᠲᠠᠯᠪᠢᠬᠤ᠂ ᠬᠤᠰᠢᠭᠤ ᠤᠯᠤᠰ ᠳᠦᠷᠦ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠣ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠰᠠᠨᠠᠯ ᠵᠦᠪᠯᠡᠯᠭᠡ ᠶᠢ 92 ᠬᠤᠪᠢ᠂ ᠤᠯᠤᠰ ᠳᠦᠷᠦ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 79 ᠬᠤᠪᠢ ᠬᠦᠢᠴᠡᠳᠭᠡᠨ᠂ ᠭᠦᠢᠴᠡᠳᠭᠡᠭᠰᠡᠨ ᠨᠤᠷᠮ᠎ᠠ 100%᠎ ᠳᠤ ᠬᠦᠷᠪᠡ᠃ ᠲᠥᠪ ᠤᠨ ᠨᠠᠢᠮᠠᠨ ᠵᠦᠢᠯ ᠤᠨ ᠲᠣᠭᠲᠠᠭᠠᠯ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠥᠰᠦᠪ ᠤᠨ ᠬᠠᠮᠢᠶᠠᠷᠤᠯᠲᠠ ᠶᠢ ᠴᠢᠩᠭᠠᠳᠬᠠᠨ᠂ ︽ᠠᠷᠪᠢᠯᠠᠨ ᠭᠠᠮᠨᠠᠬᠤ︾ ᠦᠵᠡᠯ ᠰᠠᠨᠠᠭ᠎ᠠ ᠶᠢ ᠪᠠᠲᠤ ᠪᠤᠢ ᠪᠣᠯᠭᠠᠵᠤ᠂ ︽ᠭᠤᠷᠪᠠᠨ ᠵᠦᠢᠯ ᠤᠨ ᠠᠯᠪᠠᠨ ᠵᠠᠷᠤᠳᠠᠯ︾᠎ ᠢ 11.4%᠎ ᠪᠠᠷ ᠪᠠᠭᠠᠰᠬᠠᠪᠠ᠃ ᠵᠠᠰᠠᠭ ᠤᠨ ᠡᠷᠬᠡ ᠳᠤ ᠬᠢᠨᠠᠯᠲᠠ ᠲᠠᠯᠪᠢᠬᠤ ᠶᠢ ᠴᠢᠩᠭᠠᠳᠬᠠᠵᠤ᠂ ︽ᠳᠥᠷᠪᠡᠨ ᠰᠤᠷᠲᠠᠯ︾᠎ ᠢ ᠭᠤᠶᠢᠪᠢᠰᠢ ᠥᠬᠡᠶ ᠵᠠᠯᠠᠷᠠᠭᠤᠯᠤᠨ᠂ ᠰᠢᠨ᠎ᠡ ᠬᠡᠪ ᠰᠤᠷᠲᠠᠯ ᠢ ᠪᠣᠶ ᠪᠣᠯᠭᠠᠵᠤ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠪᠠ᠃      ᠡᠭᠦᠨ ᠠᠴᠠ ᠭᠠᠳᠠᠨ᠎ᠠ᠂ ᠠᠷᠠᠳ ᠤᠨ ᠵᠡᠪᠰᠡᠭᠲᠦ ᠬᠦᠴᠦᠨ᠂ ᠠᠷᠠᠳ ᠤᠨ ᠠᠭᠠᠷ ᠤᠨ ᠰᠡᠷᠭᠡᠶᠢᠯᠡᠯᠲᠡ᠂ ᠡᠮᠡᠭᠳᠡᠶᠢᠴᠣᠳ ᠪᠠ ᠬᠡᠣᠬᠡᠳ᠂ ᠭᠠᠵᠠᠷ ᠬᠥᠳᠡᠯᠦᠯᠲᠡ ᠴᠠᠭ ᠠᠭᠤᠷ ᠵᠡᠷᠭᠡ ᠠᠵᠢᠯ ᠢ ᠦᠷᠭᠦᠯᠵᠢᠯᠡᠨ ᠴᠢᠩᠭᠠᠳᠬᠠᠵᠤ᠂ ᠤᠯᠠᠭᠠᠨ ᠵᠠᠭᠠᠯᠮᠠᠶᠢᠳᠠᠨ᠂ ᠬᠠᠩᠭᠠᠨ ᠪᠣᠷᠣᠯᠠᠭᠤᠯᠬᠤ ᠬᠤᠷᠰᠢᠶ᠎ᠠ᠂ ᠲᠠᠩᠰᠠ ᠡᠪᠬᠡᠮᠡᠯ ᠲᠡᠦᠬᠡ ᠣᠶᠢᠯᠠᠯᠭ᠎ᠠ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ ᠵᠡᠷᠭᠡ ᠠᠵᠢᠯ ᠪᠦᠬᠦ ᠲᠠᠯ᠎ᠠ ᠪᠠᠷ ᠬᠦᠭᠵᠢᠪᠡ᠃      ᠲᠦᠯᠦᠭᠡᠯᠡᠭᠴᠢᠳ ᠡ᠂ ᠡᠲᠡᠭᠡᠷ ᠠᠮᠵᠢᠯᠲᠠ ᠶᠢ ᠣᠯᠤᠭᠰᠠᠨ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠭᠰᠠᠨ ᠤ ᠦᠷ᠎ᠡ ᠳ᠋ᠦᠩ᠂ ᠬᠤᠰᠢᠭᠤ ᠨᠠᠮ ᠤᠨ ᠬᠤᠷᠢᠶ᠎ᠠ ᠶᠢᠨ ᠵᠥᠪ ᠣᠨᠣᠪᠴᠢᠲᠠᠶ ᠣᠳᠣᠷᠢᠳᠣᠯᠭ᠎ᠠ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠠᠯᠠᠮᠵᠢᠯᠠᠨ ᠳᠡᠮᠵᠢᠵᠦ᠂ ᠪᠦᠲᠦᠮᠵᠢᠲᠡᠶ ᠬᠢᠨᠠᠯᠲᠠ ᠲᠠᠯᠪᠢᠭᠰᠠᠨ ᠤ ᠦᠷ᠎ᠡ ᠳ᠋ᠦᠩ᠂ ᠬᠤᠰᠢᠭᠤ ᠳᠠᠶᠠᠭᠠᠷ ᠪᠦᠯᠬᠦᠮᠳᠡᠨ ᠲᠡᠮᠡᠴᠡᠵᠦ᠂ ᠰᠢᠷᠭᠠᠭᠤ ᠠᠵᠢᠯᠯᠠᠵᠤ ᠪᠣᠳᠠᠲᠠᠶ ᠴᠢᠷᠮᠠᠶᠢᠭᠰᠠᠨ ᠤ ᠦᠷ᠎ᠡ ᠳ᠋ᠦᠩ ᠪᠣᠯᠣᠨ᠎ᠠ᠃ ᠠᠳᠡ ᠪᠢ ᠬᠤᠰᠢᠭᠤ ᠠᠷᠠᠳ ᠤᠨ ᠵᠠᠰᠠᠭ ᠤᠨ ᠣᠷᠳᠣᠨ ᠤ ᠡᠮᠣᠨ᠎ᠡ ᠠᠴᠠ᠂ ᠪᠦᠬᠦ ᠬᠤᠰᠢᠭᠤᠨ ᠤ ᠡᠯ᠎ᠡ ᠦᠨᠳᠦᠰᠦᠲᠡᠨ ᠤ ᠠᠷᠠᠳ ᠲᠦᠮᠡᠨ᠂ ᠦᠢᠯᠡᠳᠪᠦᠷᠢ ᠬᠤᠳᠠᠯᠳᠤᠭᠠᠨ ᠤ ᠬᠤᠯᠪᠣᠭ᠎ᠠ ᠪᠣᠯᠤᠨ ᠨᠠᠮ ᠪᠦᠯᠦᠭ ᠤᠨ ᠪᠤᠰᠤ ᠬᠥᠮᠦᠰ᠂ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠬᠤᠰᠢᠭᠤᠨ ᠳᠤ ᠰᠠᠭᠤᠭ᠎ᠠ ᠴᠡᠷᠢᠭ ᠠᠩᠭᠢ ᠶᠢᠨ ᠳᠠᠷᠤᠭ᠎ᠠ ᠪᠠᠶᠢᠯᠳᠤᠭᠴᠢᠳ᠂ ᠵᠡᠭᠦᠨ ᠦᠵᠦᠮᠦᠴᠢᠨ ᠬᠤᠰᠢᠭᠤᠨ ᠤ ᠥᠭᠡᠷᠡᠴᠢᠯᠡᠯᠲᠡ ᠬᠥᠭᠵᠢᠯᠲᠡ ᠶᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠨᠡᠶᠢᠭᠡᠮ ᠤᠨ ᠡᠯ᠎ᠡ ᠡᠲᠡᠭᠡᠳ ᠤᠨ ᠬᠢᠨ ᠳᠤ ᠴᠢᠩ ᠰᠡᠳᠬᠢᠯ ᠤᠨ ᠪᠠᠶᠠᠷ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕      ᠠᠮᠵᠢᠯᠲᠠ ᠪᠠᠨ ᠨᠣᠲᠠᠯᠠᠬᠤ ᠶᠢᠨ ᠬᠠᠮᠳᠣ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠲᠣᠯᠭᠠᠷᠠᠵᠣ ᠪᠠᠶᠢᠭ᠎ᠠ ᠮᠠᠰᠢ ᠣᠯᠠᠨ ᠬᠦᠴᠢᠷᠳᠡᠯ ᠪᠠ ᠠᠰᠠᠭᠤᠳᠠᠯ ᠢ ᠪᠢᠳᠡ ᠰᠡᠷᠭᠡᠭ ᠢᠶᠠᠷ ᠣᠯᠵᠤ ᠲᠠᠨᠢᠬᠤ ᠴᠢᠬᠤᠯᠠᠳᠠᠢ᠃ ᠭᠤᠣᠯᠳᠠᠭᠤ᠄ ᠠᠵᠤ ᠠᠬᠤᠶ ᠶᠢᠨ ᠪᠠᠭᠤᠷᠠᠯᠲᠠ ᠦᠷᠭᠦᠯᠵᠢᠯᠡᠨ ᠨᠡᠮᠡᠭᠳᠡᠵᠦ᠂ ᠠᠵᠤ ᠦᠢᠯᠡᠰ ᠎ ᠢ ᠠᠭᠤᠰᠣᠯᠴᠠᠭᠤᠯᠣᠨ ᠬᠦᠭᠵᠢᠬᠦᠯᠬᠦ ᠲᠠᠯ᠎ᠠ ᠪᠠᠷ ᠬᠦᠷᠦᠯᠴᠡᠬᠦ ᠦᠭᠡᠢ᠂ ᠰᠢᠨ᠎ᠡ ᠬᠠᠭᠤᠴᠢᠨ ᠬᠥᠳᠡᠯᠭᠡᠭᠴᠢ ᠬᠦᠴᠦᠨ ᠎ ᠤ ᠰᠣᠯᠢᠭᠳᠠᠯ ᠰᠠᠶᠢᠨ ᠪᠢᠰᠢ᠂ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠢ ᠪᠣᠶᠢᠵᠢᠭᠤᠯᠬᠤ ᠲᠠᠯ᠎ᠠ ᠪᠠᠷ ᠬᠦᠷᠦᠯᠴᠡᠬᠦ ᠦᠭᠡᠢ︔ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ ᠠᠵᠤ ᠠᠬᠤᠶ ᠶᠢᠨ ᠨᠡᠮᠡᠭᠳᠡᠯ ᠢ ᠳᠠᠶᠢᠴᠢᠯᠠᠬᠤ ᠬᠦᠴᠦᠨ ᠬᠦᠷᠦᠯᠴᠡᠬᠦ ᠥᠬᠡᠶ᠂ ᠲᠥᠷᠥᠯ ᠵᠦᠢᠯ ᠪᠠ ᠪᠠᠯᠠ ᠣᠷᠣᠭᠤᠯᠤᠯᠲᠠ ᠬᠦᠷᠦᠯᠴᠡᠬᠦ ᠥᠬᠡᠶ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠰᠢᠯᠢᠳᠡᠭᠵᠢᠭᠰᠡᠨ ᠢᠶᠠᠷ ᠠᠨᠠᠢ︔ ᠠᠮᠢ ᠠᠬᠤᠶ ᠶᠢᠨ ᠣᠷᠴᠢᠨ ᠨᠥᠬᠦᠴᠡᠯ ᠬᠠᠷᠢᠴᠠᠩᠭᠤᠶ ᠬᠡᠪᠡᠷᠡᠭ ᠪᠠᠶᠢᠵᠤ᠂ ᠦᠷᠭᠦᠯᠵᠢᠯᠡᠬᠦᠶᠢᠴᠡ ᠬᠥᠭᠵᠢᠯᠲᠡ ᠶᠢᠨ ᠡᠭᠦᠷᠭᠡ ᠬᠦᠨᠳᠣ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠮᠥᠨ ᠲᠤᠪᠤᠶᠢᠮ᠎ᠠ ᠪᠠᠶᠢᠵᠤ᠂ ᠰᠠᠭᠤᠷᠢ ᠲᠥᠬᠦᠭᠡᠷᠦᠮᠵᠢ᠂ ᠠᠷᠠᠳ ᠤᠨ ᠠᠮᠢᠳᠤᠷᠠᠯ ᠤᠨ ᠪᠦᠳᠦᠭᠡᠨ ᠪᠠᠶᠢᠭᠤᠯᠤᠯᠲᠠ ᠵᠡᠷᠭᠡ ᠲᠠᠯ᠎ᠠ ᠳᠠᠬᠢ ᠪᠡᠯᠡ ᠣᠷᠣᠭᠤᠯᠤᠯᠲᠠ ᠶᠢᠨ ᠡᠷᠴᠢᠮ ᠢ ᠪᠠᠰᠠ ᠦᠷᠭᠦᠯᠵᠢᠯᠡᠨ ᠴᠢᠩᠭᠠᠳᠬᠠᠬᠤ ᠴᠢᠬᠤᠯᠠᠲᠠᠶ᠂ ᠬᠤᠳᠠ ᠪᠠᠯᠭᠠᠰᠤᠨ ᠤ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ  ᠬᠡᠷᠡᠭᠲᠡᠢ ᠪᠠᠶᠢᠨ᠎ᠠ᠃ ᠡᠭᠦᠨ ᠳᠤ ᠪᠢᠳᠡ ᠵᠥᠷᠢᠴᠡᠯ ᠪᠠ ᠠᠰᠠᠭᠤᠳᠠᠯ ᠳᠤ ᠵᠥᠪ ᠢᠶᠠᠷ ᠬᠠᠨᠳᠤᠨ᠂ ᠳᠣᠳᠠᠭᠳᠠᠯ ᠢᠶᠠᠨ ᠲᠠᠨᠢᠵᠤ᠂ ᠣᠨᠣᠪᠴᠢᠳᠠᠢ ᠰᠢᠢᠳᠪᠦᠷᠢᠯᠡᠨ᠎ᠡ      ᠬᠤᠶᠠᠷ᠂ 2023 ᠣᠨ ᠤ ᠠᠵᠢᠯ ᠤᠨ ᠪᠠᠶᠢᠷᠢᠯᠠᠭᠤᠯᠣᠯᠲᠠ      2023 ᠣᠨ ᠪᠣᠯ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠡᠬᠢᠯᠡᠯᠲᠡ ᠶᠢᠨ ᠵᠢᠯ ᠮᠥᠨ᠂ ᠪᠠᠰᠠ ᠴᠤ《 ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ》᠎ ᠶᠢ ᠬᠡᠷᠡᠭᠵᠢᠭᠦᠯᠬᠦ ᠵᠠᠩᠭᠢᠯᠠᠭ᠎ᠠ ᠶᠢᠨ ᠨᠢᠭᠡ ᠵᠢᠯ ᠪᠣᠯᠣᠨ᠎ᠠ᠃ ᠪᠦᠬᠦ ᠵᠢᠯ ᠤᠨ ᠠᠵᠢᠯ ᠢ ᠰᠠᠶᠢᠳᠣᠷ ᠬᠢᠬᠦ ᠨᠢ ᠴᠢᠬᠤᠯᠠ ᠠᠴᠢ ᠬᠤᠯᠪᠣᠭᠳᠠᠯ ᠲᠠᠢ ᠶᠣᠮ᠃      ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠷᠦᠩᠬᠡᠶ ᠰᠡᠳᠬᠢᠴᠡ ᠪᠣᠯ᠄ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠣ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠣᠣᠱᠯᠠᠭᠤᠯᠤᠨ᠂ ᠲᠣᠭᠳᠠᠭᠤᠨ ᠤ ᠳᠣᠮᠳᠠ ᠣᠷᠣᠭᠰᠢᠯᠠᠬᠤ ᠠᠵᠢᠯ ᠤᠨ ᠵᠠᠷᠴᠢᠮ ᠢ ᠪᠠᠷᠢᠮᠳᠠᠯᠠᠵᠣ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ᠂ ᠣᠨᠣᠪᠴᠢᠳᠠᠢ᠂ ᠪᠦᠬᠦ ᠲᠠᠯ᠎ᠠ ᠪᠠᠷ ᠲᠣᠣᠱᠯᠠᠭᠤᠯᠤᠨ᠂ ᠰᠢᠨ᠎ᠡ ᠭᠦᠭᠵᠢᠯᠲᠡ ᠶᠢᠨ ᠪᠠᠶᠢᠷᠢᠰᠢᠯ ᠢ ᠲᠥᠷᠭᠡᠳᠬᠡᠨ ᠪᠠᠶᠢᠭᠤᠯᠵᠣ᠂ ᠴᠢᠨᠠᠷ ᠰᠠᠶᠢᠳᠠᠢ ᠭᠦᠭᠵᠢᠯᠲᠡ ᠶᠢ ᠠᠬᠢᠭᠤᠯᠣᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠣ ᠠᠬᠤᠢ ᠨᠡᠶᠢᠭᠡᠮ ᠤᠨ ᠭᠦᠭᠵᠢᠯᠲᠡ᠂ ᠬᠦᠭᠵᠢᠯᠲᠡ ᠪᠠ ᠠᠮᠣᠷ ᠲᠦᠪᠰᠢᠨ ᠢ ᠨᠡᠩ ᠨᠢᠭᠡᠳᠣᠯᠳᠠᠢ ᠲᠦᠯᠦᠪᠵᠢᠬᠦᠯᠵᠣ᠂ ᠨᠠᠮ ᠤᠨ ᠲᠥᠪ ᠬᠤᠷᠢᠶ᠎ᠠ ᠠᠴᠠ ᠥᠪᠥᠷ ᠮᠣᠩᠭᠤᠯ ᠳᠤ ᠲᠣᠭᠲᠠᠭᠠᠭᠰᠠᠨ ︽ᠲᠠᠪᠤᠨ ᠶᠡᠭᠡ ᠡᠭᠦᠷᠭᠡ︾᠎ ᠶᠢᠨ ᠲᠣᠭᠤᠷᠢᠨ ᠳᠤ᠂ ᠵᠡᠭᠦᠨ ᠦᠵᠦᠮᠦᠴᠢᠨ ᠬᠤᠰᠢᠭᠤᠨ ᠤ ᠪᠣᠳᠠᠲᠤ ᠪᠠᠶᠢᠳᠠᠯ ᠳᠠᠭᠠᠨ ᠰᠠᠭᠤᠷᠢᠯᠠᠨ ︽ᠠᠵᠤ ᠦᠢᠯᠡᠰ ᠢ ᠠᠮᠢ ᠠᠬᠤᠶᠢᠵᠢᠭᠤᠯᠬᠤ᠂ ᠠᠮᠢ ᠠᠬᠤᠶ ᠶᠢ ᠠᠵᠤ ᠦᠢᠯᠡᠰᠵᠢᠭᠦᠯᠬᠦ︾ ᠵᠠᠷᠴᠢᠮ ᠢ ᠪᠠᠷᠢᠮᠲᠠᠯᠠᠵᠤ᠂ 3+2 ᠠᠵᠤ ᠦᠢᠯᠡᠰ ᠤᠨ ᠳᠣᠭᠳᠠᠴᠠ ᠳᠤ ᠰᠠᠭᠤᠷᠢᠯᠠᠵᠣ᠂ ᠣᠳᠣ ᠦᠶ᠎ᠡ ᠶᠢᠨ ᠮᠠᠯ ᠠᠵᠤ ᠠᠬᠤᠶ ᠶᠢ ᠬᠦᠴᠦᠷᠭᠡᠭᠵᠢᠬᠦᠯᠦᠨ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠦᠢᠯ ᠤᠨ ᠡᠬᠢ ᠪᠠᠶᠠᠯᠢᠭ ᠢ ᠠᠰᠢᠭᠯᠠᠵᠣ᠂ ᠠᠭᠤᠷᠬᠠᠶ ᠶᠢᠨ ᠭᠠᠷᠤᠯᠲᠠ᠂ ᠡᠨᠧᠷᠭᠢ ᠶᠢᠨ ᠰᠣᠷᠪᠣᠯᠵᠢ ᠶᠢᠨ ᠦᠢᠯᠡᠰ ᠢ ᠰᠢᠯᠢᠳᠡᠭᠵᠢᠬᠦᠯᠦᠨ᠂ ᠪᠠᠶᠢᠭᠠᠯᠢᠯᠢᠭ ᠲᠠᠯ᠎ᠠ ᠨᠤᠲᠤᠭ᠂ ᠠᠷᠠᠳ ᠤᠨ ᠵᠠᠩ ᠦᠢᠯᠡ᠂ ᠬᠢᠯᠢ ᠬᠢᠵᠠᠭᠠᠷ ᠤᠨ ᠡᠬᠢ ᠪᠠᠶᠠᠯᠢᠭ ᠢ ᠠᠰᠢᠭᠯᠠᠵᠣ᠂ ᠠᠮᠢ ᠠᠬᠤᠶ ᠶᠢᠨ ᠵᠤᠭᠠᠴᠠᠯ ᠢ ᠬᠦᠭᠵᠢᠬᠦᠯᠦᠨ᠂ ᠳᠤᠮᠳᠠᠳᠤ ᠮᠣᠩᠭᠤᠯ ᠬᠤᠶᠠᠷ ᠣᠯᠣᠰ ᠤᠨ ᠣᠯᠠᠨ ᠤᠯᠤᠰ ᠤᠨ ᠵᠠᠰᠠᠮᠠᠯ ᠵᠠᠮ ᠤᠨ ᠪᠣᠭᠤᠮᠲᠠ ᠶᠢᠨ ᠲᠣᠭᠤᠷᠢᠨ ᠳᠤ ᠠᠷᠠᠯᠵᠢᠶ᠎ᠠ ᠬᠤᠳᠠᠯᠳᠤᠭ᠎ᠠ᠂ ᠪᠣᠳᠠᠰ ᠤᠨ ᠭᠦᠢᠯᠭᠡᠭᠡᠨ ᠤ ᠦᠢᠯᠡᠰ ᠢ ᠬᠦᠭᠵᠢᠬᠦᠯᠵᠣ᠂ ᠪᠠᠶᠢᠭᠠᠯᠢᠯᠢᠭ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠢ ᠡᠳ᠋ᠰᠢᠬᠦᠯᠦᠨ ᠪᠣᠯᠪᠠᠰᠣᠷᠠᠭᠤᠯᠵᠣ ᠭᠠᠳᠠᠭᠰᠢ ᠭᠠᠷᠭᠠᠬᠤ ᠰᠠᠭᠤᠷᠢᠨ ᠭᠠᠵᠠᠷ᠂ ᠵᠡᠭᠦᠨ ᠬᠤᠶᠢᠲᠤ ᠣᠷᠣᠨ ᠳᠤ ᠬᠠᠨᠳᠣᠭᠤᠯᠣᠭᠰᠠᠨ ᠡᠨᠧᠷᠭᠢ ᠶᠢᠨ ᠪᠠᠳᠣᠯᠠᠭ᠎ᠠ ᠶᠢᠨ ᠰᠠᠭᠤᠷᠢᠨ ᠭᠠᠵᠠᠷ᠂ ᠤᠮᠠᠷᠠᠲᠤ ᠶᠢᠨ ᠪᠠᠶᠢᠭᠠᠯᠢᠯᠢᠭ ᠲᠠᠯ᠎ᠠ ᠨᠤᠲᠤᠭ ᠤᠨ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠤᠮᠠᠷᠠᠲᠤ ᠬᠢᠯᠢ ᠶᠢᠨ ᠨᠠᠮ ᠵᠠᠰᠠᠭ ᠴᠡᠷᠢᠭ ᠴᠠᠭᠳᠠᠭ᠎ᠠ ᠠᠷᠠᠳ ᠠᠭᠤᠰᠣᠯᠴᠠᠨ ᠬᠦᠭᠵᠢᠬᠦ ᠠᠮᠤᠷ ᠲᠦᠪᠰᠢᠨ ᠲᠣᠭᠲᠠᠭᠤᠨ ᠤ ᠬᠠᠯᠬᠠᠪᠴᠢ᠂ ᠮᠣᠩᠭᠤᠯ ᠣᠷᠣᠰ ᠬᠤᠶᠠᠷ ᠣᠯᠣᠰ ᠲᠤ ᠨᠡᠪᠲᠡᠷᠡᠭᠰᠡᠨ ᠭᠠᠳᠠᠭᠰᠢ ᠨᠡᠭᠡᠭᠡᠯᠲᠡ ᠬᠢᠬᠦ ᠣᠷᠤᠨ ᠢ ᠪᠠᠶᠢᠭᠤᠯᠣᠨ᠂ ᠣᠳᠣᠬᠢᠴᠢᠯᠠᠭᠰᠠᠨ ᠵᠡᠭᠦᠨ ᠦᠵᠦᠮᠦᠴᠢᠨ ᠬᠤᠰᠢᠭᠤᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃      ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 6% ᠣᠷᠴᠢᠮ᠂ ᠡᠩ ᠤᠨ ᠴᠢᠨᠠᠷᠳᠠᠢ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 7% ᠣᠷᠴᠢᠮ᠂ ᠪᠥᠬᠦ ᠨᠡᠶᠢᠭᠡᠮ ᠤᠨ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 10.5% ᠣᠷᠴᠢᠮ᠂ ᠨᠡᠶᠢᠭᠡᠮ ᠤᠨ ᠬᠡᠷᠡᠭᠯᠡᠭᠡᠨ ᠤ ᠵᠦᠢᠯᠡᠰ ᠢ ᠵᠢᠵᠢᠭᠯᠡᠨ ᠪᠣᠷᠣᠯᠠᠭᠤᠯᠬᠤ ᠶᠡᠷᠦᠩᠬᠡᠶ ᠬᠡᠮᠵᠢᠶ᠎ᠡ ᠶᠢ 3% ᠣᠷᠴᠢᠮ ᠨᠡᠮᠡᠭᠳᠡᠭᠦᠯᠵᠦ᠂ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠵᠤ ᠠᠬᠤᠶ ᠶᠢᠨ ᠨᠡᠮᠡᠭᠳᠡᠯ ᠲᠠᠢ ᠦᠨᠳᠦᠰᠦᠨ ᠳᠡᠭᠡᠨ ᠲᠡᠩᠴᠡᠬᠦᠷᠢᠲᠠᠢ ᠪᠠᠶᠢᠯᠭᠠᠨ᠎ᠠ᠃ ᠳᠡᠭᠡᠷ᠎ᠡ ᠳᠤᠷᠠᠳᠤᠭᠰᠠᠨ ᠬᠠᠷᠠᠯᠲᠠ ᠨᠢ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠤ ᠳᠣᠮᠳᠠ ᠣᠷᠣᠭᠰᠢᠯᠠᠬᠤ ᠱᠠᠭᠠᠷᠳᠠᠯᠭ᠎ᠠ ᠶᠢ ᠲᠤᠤᠱᠯᠠᠭᠤᠯᠵᠤ᠂ ᠥᠩᠭᠡᠷᠡᠭᠰᠡᠨ ᠬᠤᠶᠠᠷ ᠵᠢᠯ ᠤᠨ ᠠᠵᠤ ᠠᠬᠤᠶ ᠶᠢᠨ ᠨᠡᠮᠡᠭᠳᠡᠯ ᠤᠨ ᠳᠤᠮᠳᠠᠴᠢ ᠬᠤᠷᠳᠤᠴᠠ ᠪᠠ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠲᠠᠢ ᠵᠣᠯᠭᠠᠭᠤᠯᠤᠨ᠂ ᠰᠠᠨᠠᠭᠠᠴᠢᠯᠠᠭᠠᠲᠤ ᠢᠳᠡᠪᠬᠢᠲᠡᠶ ᠣᠪᠣᠷ ᠢ ᠢᠯᠡᠷᠡᠭᠦᠯᠵᠦ᠂ ᠡᠯ᠎ᠡ ᠲᠠᠯ᠎ᠠ ᠶᠢᠨ ᠢᠳᠡᠪᠬᠢᠵᠢᠯ ᠢ ᠳᠠᠶᠢᠴᠢᠯᠠᠬᠤ ᠳᠤ ᠠᠰᠢᠭᠲᠠᠶ ᠶᠤᠮ᠂  ᠪᠢᠳᠡ ᠪᠣᠳᠠᠲᠠᠶ ᠠᠵᠢᠯ ᠤᠨ ᠳᠤᠮᠳᠠ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ᠂ ᠨᠡᠩ ᠰᠠᠶᠢᠨ ᠦᠷ᠎ᠡ ᠳ᠋ᠦᠩ ᠤᠯᠬᠤ ᠪᠠᠷ ᠴᠢᠷᠮᠠᠶᠢᠨ᠎ᠠ᠃      ᠪᠤᠳᠤᠯᠢᠶᠠᠨᠲᠠᠶ ᠪᠠᠶᠢᠳᠠᠯ ᠪᠠ ᠬᠦᠨᠳᠦ ᠡᠭᠦᠷᠭᠡ ᠶᠢᠨ ᠡᠮᠦᠨ᠎ᠡ᠂ ᠪᠢᠳᠡ ᠢᠲᠡᠭᠡᠯ ᠵᠣᠷᠢᠭ ᠢᠶᠠᠨ ᠪᠠᠲᠤᠳᠬᠠᠨ᠂ ᠢᠳᠡᠪᠬᠢᠲᠡᠢ ᠠᠵᠢᠯᠯᠠᠵᠤ᠂ ᠳᠠᠷᠠᠭᠠᠬᠢ ᠬᠡᠳᠦᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠬᠢᠨ᠎ᠡ᠃      ︵ᠨᠢᠭᠡ︶ ᠠᠮᠢ ᠠᠬᠤᠶ ᠶᠢᠨ ᠣᠷᠴᠢᠨ ᠲᠣᠭᠤᠷᠢᠨ ᠢ ᠬᠠᠮᠠᠭᠠᠯᠠᠬᠤ ᠳᠤ ᠬᠦᠴᠦᠨ ᠢᠶᠠᠨ ᠲᠦᠪᠯᠡᠷᠡᠬᠦᠯᠵᠣ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠬᠦᠴᠦᠯᠡᠨ ᠪᠠᠬᠢᠵᠢᠭᠦᠯᠦᠨ᠎ᠡ᠃      ᠨᠢᠭᠡ ᠂ ᠠᠮᠢ ᠠᠬᠤᠶ ᠶᠢᠨ ᠬᠠᠮᠠᠭᠠᠯᠠᠯᠲᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠤᠨ᠎ᠠ᠃ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠦᠬᠦᠪᠦᠷᠢ ᠱᠠᠩᠨᠠᠯ ᠤᠨ ᠲᠥᠷᠥ ᠶᠢᠨ ᠪᠣᠳᠣᠯᠭ᠎ᠠ ᠪᠠ ᠮᠠᠯ ᠪᠡᠯᠴᠢᠭᠡᠷ ᠤᠨ ᠲᠡᠩᠴᠡᠭᠦᠷᠢ ᠶᠢ ᠪᠠᠳᠣᠯᠠᠬᠤ᠂ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠬᠦᠨ ᠮᠠᠯᠵᠢᠬᠤ ᠪᠠ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠣᠶ ᠰᠢᠭᠤᠶ ᠨᠣᠳᠤᠭ ᠪᠡᠯᠴᠢᠭᠡᠷ ᠤᠨ ᠲᠠᠷᠤᠭ᠎ᠠ ᠶᠢᠨ ᠲᠦᠷᠢᠮ︾ ︽ᠭᠤᠤᠯ ᠮᠥᠷᠡᠨ ᠨᠠᠭᠤᠷ ᠴᠥᠭᠦᠷᠥᠮ ᠤᠨ ᠳᠠᠷᠤᠭ᠎ᠠ ᠶᠢᠨ ᠲᠦᠷᠢᠮ︾᠎ ᠢ ᠡᠷᠡᠰ ᠲᠤᠤᠱᠯᠠᠭᠤᠯᠤᠨ᠂ ᠰᠢᠨ᠎ᠡ ᠨᠢᠭᠡ ᠡᠭᠡᠯᠵᠢ ᠶᠢᠨ ︽ᠵᠡᠭᠦᠨ ᠦᠵᠦᠮᠦᠴᠢᠨ ᠬᠤᠰᠢᠭᠤᠨ ᠤ ᠪᠠᠶᠢᠭᠠᠯᠢᠯᠢᠭ ᠬᠠᠳᠤᠯᠠᠩ ᠤᠨ ᠬᠠᠮᠢᠶᠠᠷᠤᠯᠲᠠ ᠶᠢᠨ ᠠᠷᠭ᠎ᠠ︾᠎ ᠶᠢ ᠰᠤᠳᠤᠯᠤᠨ ᠲᠣᠭᠲᠠᠭᠠᠵᠤ᠂ ᠨᠤᠲᠤᠭ ᠪᠡᠯᠴᠢᠭᠡᠷ ᠤᠨ ᠬᠢᠨᠠᠨ ᠬᠠᠮᠢᠶᠠᠷᠤᠯᠲᠠ ᠶᠢᠨ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ ᠨᠤᠲᠤᠭ ᠪᠡᠯᠴᠢᠭᠡᠷ ᠤᠨ ᠠᠮᠢ ᠠᠬᠤᠢ ᠶᠢᠨ ᠰᠡᠷᠬᠦᠭᠡᠯᠲᠡ ᠶᠢ ᠠᠬᠢᠭᠤᠯᠤᠨ᠎ᠠ᠃ ᠬᠤᠰᠢᠭᠤ᠂ ᠰᠤᠮᠤ ᠪᠠᠯᠭᠠᠰᠤ ᠬᠤᠶᠠᠷ ᠱᠠᠲᠤᠨ ᠤ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠪᠠ ᠢᠵᠢ ᠪᠦᠷᠢᠳᠦᠭᠰᠡᠨ ᠲᠥᠯᠥᠪᠵᠢᠭᠦᠯᠭᠡ ᠶᠢ ᠨᠠᠶᠢᠷᠠᠭᠤᠯᠬᠤ ᠠᠵᠢᠯ ᠢ ᠦᠨᠳᠣᠷ ᠬᠢᠷᠢ ᠬᠡᠮᠵᠢᠶ᠎ᠡ ᠲᠠᠢ ᠪᠡᠶᠡᠯᠡᠭᠦᠯᠵᠦ᠂ ︽ᠭᠤᠷᠪᠠᠨ ᠣᠷᠣᠨ ᠵᠠᠢ ᠭᠤᠷᠪᠠᠨ ᠬᠤᠷᠢᠭ᠎ᠠ ᠱᠤᠭᠤᠮ︾᠎ ᠢ ᠴᠢᠩᠭ᠎ᠠ ᠰᠠᠬᠢᠵᠤ᠂ ︽ᠭᠤᠷᠪᠠᠨ ᠱᠤᠭᠤᠮ ᠨᠢᠭᠡ ᠬᠠᠭᠤᠳᠠᠰᠤ︾᠎ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠣᠷᠣᠨ ᠬᠡᠪᠴᠢᠶ᠎ᠡ ᠬᠤᠪᠢᠶᠠᠵᠣ ᠬᠠᠮᠢᠶᠠᠷᠤᠨ ᠡᠵᠡᠮᠳᠡᠬᠦ ᠶᠢ ᠨᠠᠶᠢᠳᠠᠪᠤᠷᠢᠵᠢᠭᠤᠯᠤᠨ ᠂ ᠦᠨᠳᠦᠰᠦᠨ ᠨᠤᠲᠤᠭ ᠪᠡᠯᠴᠢᠭᠡᠷ ᠢ ᠰᠢᠯᠢᠳᠡᠭᠵᠢᠭᠦᠯᠦᠨ ᠳᠣᠭᠢᠷᠠᠭᠤᠯᠤᠭᠰᠠᠨ ᠦᠷ᠎ᠡ ᠪᠦᠲᠦᠭᠡᠯ ᠤᠨ ᠬᠡᠷᠡᠭᠯᠡᠯᠲᠡ ᠶᠢ ᠴᠢᠩᠭᠠᠷᠠᠭᠤᠯᠵᠤ᠂ ᠤᠯᠤᠰ ᠤᠨ ᠨᠤᠲᠤᠭ ᠪᠡᠯᠴᠢᠭᠡᠷ ᠤᠨ ᠪᠠᠶᠢᠭᠠᠯᠢ ᠶᠢᠨ ᠴᠡᠴᠡᠷᠯᠢᠭ᠂ ᠤᠯᠤᠰ ᠤᠨ ᠣᠶ ᠰᠢᠭᠤᠶ ᠶᠢᠨ ᠴᠡᠴᠡᠷᠯᠢᠭ᠂ ᠨᠣᠭᠤ ᠭᠠᠵᠠᠷ ᠤᠨ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠶᠡᠷᠦᠩᠬᠡᠶ ᠲᠥᠯᠥᠪᠵᠢᠭᠦᠯᠭᠡ ᠶᠢ ᠮᠡᠳᠡᠭᠦᠯᠦᠨ ᠵᠥᠪᠰᠢᠶᠡᠷᠡᠭᠦᠯᠦᠨ᠎ᠡ᠃      ᠬᠤᠶᠠᠷ᠂ ᠠᠮᠢ ᠠᠬᠤᠶ ᠶᠢᠨ ᠰᠢᠰᠲ᠋ᠧᠮ ᠢ ᠬᠠᠮᠠᠭᠠᠯᠠᠨ ᠰᠡᠷᠭᠦᠭᠡᠬᠦ ᠠᠵᠢᠯ ᠢ ᠴᠢᠩᠭᠠᠳᠬᠠᠨ᠎ᠠ᠃ ᠠᠭᠤᠯᠠ ᠤᠰᠤ᠂ ᠤᠢ ᠮᠣᠳᠣ᠂ ᠭᠠᠵᠠᠷ ᠲᠠᠷᠢᠶ᠎ᠠ᠂ ᠨᠠᠭᠤᠷ ᠪᠦᠷᠢᠳᠦ᠂ ᠨᠤᠲᠤᠭ ᠪᠡᠯᠴᠢᠭᠡᠷ᠂ ᠡᠯᠡᠰᠦ ᠮᠠᠩᠬ᠎ᠠ ᠶᠢ ᠶᠡᠷᠦᠩᠬᠡᠶᠢᠯᠡᠨ ᠵᠠᠰᠠᠬᠤ᠂ ᠰᠢᠰᠲ᠋ᠧᠮ ᠲᠠᠢ ᠵᠠᠰᠠᠬᠤ᠂ ᠡᠬᠢ ᠰᠣᠷᠪᠣᠯᠵᠢ ᠠᠴᠠ ᠨᠢ ᠵᠠᠰᠠᠬᠤ ᠶᠢ ᠭᠦᠨᠵᠡᠭᠡᠶ ᠳᠥᠯᠭᠢᠨ ᠠᠬᠢᠭᠤᠯᠵᠤ᠂ ᠣᠷᠣᠨ ᠪᠦᠰᠡ ᠶᠢᠨ ᠠᠮᠢ ᠠᠬᠤᠶ ᠶᠢ ᠬᠠᠮᠠᠭᠠᠯᠠᠬᠤ ᠪᠠ ᠰᠡᠷᠭᠦᠭᠡᠬᠦ ᠢᠨᠵᠧᠨᠧᠷᠢᠩ ᠢ ᠬᠡᠷᠡᠭᠵᠢᠭᠦᠯᠦᠨ᠂ 5.5 ᠲᠦᠮᠡᠨ ᠮᠥ ᠲᠠᠴᠢᠷᠳᠠᠭᠰᠠᠨ ᠨᠤᠲᠤᠭ ᠪᠡᠯᠴᠢᠭᠡᠷ ᠪᠠ ᠬᠤᠵᠢᠷᠯᠢᠬ ᠭᠠᠵᠠᠷ ᠢ ᠵᠠᠰᠠᠵᠤ᠂ 1000 ᠮᠥ ᠡᠯᠡᠰᠦ ᠶᠢ ᠲᠣᠭᠲᠠᠪᠤᠷᠢᠵᠢᠭᠤᠯᠦᠨ᠂ 2 ᠲᠦᠮᠡᠨ ᠮᠥ ᠣᠶᠢᠵᠢᠭᠤᠯᠵᠤ᠂ ᠣᠶ ᠰᠢᠭᠤᠶ ᠶᠢᠨ ᠠᠮᠢ ᠠᠬᠤᠶ ᠶᠢ 1500 ᠮᠦ ᠶᠡᠷᠦᠩᠭᠡᠶᠢᠯᠡᠨ ᠵᠠᠰᠠᠨ᠎ᠠ᠃ ︽ᠠᠮᠢ ᠠᠬᠤᠶ ᠶᠢᠨ ᠬᠠᠮᠠᠭᠠᠯᠠᠯᠲᠠ ᠶᠢᠨ ᠬᠠᠮᠢᠶᠠᠷᠤᠭᠴᠢ︾᠎ ᠶᠢᠨ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠭᠤᠣᠯ ᠮᠥᠷᠡᠨ ᠨᠠᠭᠤᠷ ᠴᠥᠭᠦᠷᠥᠮ ᠤᠨ ︽ᠲᠥᠷᠪᠡ ᠶᠢ ᠴᠡᠭᠴᠡᠯᠡᠬᠦ︾ ᠲᠤᠰᠬᠠᠶ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠭᠤᠣᠯ ᠮᠥᠷᠡᠨ ᠳᠤ ᠬᠤᠯᠪᠣᠭᠳᠠᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ 8403 ᠲᠦᠮᠡᠨ ᠲᠥᠭᠦᠷᠢᠭ ᠤᠨ ᠪᠠᠯᠠ ᠣᠷᠣᠭᠤᠯᠵᠦ᠂ ᠤᠯᠠᠭᠠᠶ ᠭᠤᠤᠯ ᠤᠨ ᠵᠡᠭᠦᠨ ᠦᠵᠦᠮᠦᠴᠢᠨ ᠬᠤᠰᠢᠭᠤᠨ ᠎ ᠳᠠᠬᠢ ᠬᠡᠰᠡᠭ ᠢ ᠵᠠᠰᠠᠬᠤ ᠢᠨᠵᠧᠨᠧᠷᠢᠩ ᠢ ᠬᠡᠷᠡᠭᠵᠢᠭᠦᠯᠵᠦ᠂ ᠣᠷᠣᠨ ᠪᠦᠰᠡ ᠶᠢᠨ ᠤᠰᠤᠨ ᠤ ᠠᠮᠢ ᠠᠬᠤᠶ ᠶᠢᠨ ᠣᠷᠴᠢᠨ ᠲᠣᠭᠤᠷᠢᠨ ᠢ ᠲᠠᠰᠤᠷᠠᠯᠲᠠ ᠥᠬᠡᠶ ᠰᠠᠶᠢᠵᠢᠷᠠᠭᠤᠯᠤᠨ᠎ᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠎ ᠶᠢᠨ ᠱᠠᠭᠠᠷᠳᠠᠨ ᠪᠠᠶᠢᠴᠠᠭᠠᠯᠲᠠ ᠳᠤ ᠬᠠᠷᠢᠭᠤ ᠲᠣᠰᠬᠠᠭᠰᠠᠨ ᠠᠰᠠᠭᠤᠳᠠᠯ ᠵᠢᠴᠢ ᠡᠯ᠎ᠡ ᠲᠥᠷᠥᠯ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠱᠠᠭᠠᠷᠳᠠᠨ ᠪᠠᠶᠢᠴᠠᠭᠠᠯᠲᠠ ᠳᠤ ᠢᠯᠡᠷᠡᠬᠦᠯᠦᠭᠰᠡᠨ ᠠᠰᠠᠭᠤᠳᠠᠯ ᠢ ᠰᠠᠶᠢᠲᠤᠷ ᠴᠡᠭᠴᠡᠯᠡᠨ᠂ ᠠᠭᠤᠷᠬᠠᠶ ᠶᠢᠨ ᠣᠷᠣᠨ ᠤ ᠠᠮᠢ ᠠᠬᠤᠶ ᠶᠢ ᠰᠡᠷᠬᠦᠭᠡᠬᠦ ᠪᠠ ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠬᠤ ᠡᠷᠴᠢᠮ ᠢ ᠦᠷᠭᠦᠯᠵᠢᠯᠡᠨ ᠴᠢᠩᠭᠠᠳᠬᠠᠵᠣ᠂ ᠠᠮᠣᠭᠤᠯᠠᠩ ᠨᠡᠭᠦᠷᠡᠰᠦᠨ ᠠᠭᠤᠷᠬᠠᠶ᠂ ᠲᠢᠶᠠᠨ ᠳ᠋ᠢ ᠰᠢᠯᠢᠨ ᠨᠡᠭᠦᠷᠡᠰᠦᠨ ᠠᠭᠤᠷᠬᠠᠶ ᠪᠠ ᠰᠢᠯᠢᠨ ᠠᠭᠤᠷᠬᠠᠶ ᠶᠢᠨ ᠦᠢᠯᠡᠰ ᠵᠡᠷᠭᠡ 3 ᠪᠣᠬᠢᠷᠲᠤᠯ ᠥᠬᠡᠶ ᠠᠭᠤᠷᠬᠠᠶ ᠶᠢ ᠡᠭᠦᠳᠦᠨ ᠪᠠᠶᠢᠭᠤᠯᠣᠨ᠎ᠠ᠃      ᠭᠤᠷᠪᠠ᠂ ᠪᠣᠬᠢᠷᠲᠤᠯ ᠦᠭᠡᠢ ᠲᠣᠣᠷ᠎ᠠ ᠨᠡᠬᠦᠷᠡᠰᠣᠳᠦ᠋ᠷᠦᠭᠴᠢᠳᠣ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠤᠨ᠎ᠠ᠃ ᠭᠤᠣᠯᠳᠠᠯᠭᠠᠳᠣ ᠡᠨᠧᠷᠭᠢ ᠬᠡᠷᠡᠭᠯᠡᠬᠦ ᠠᠵᠤ ᠠᠬᠤᠶᠢᠯᠠᠯ ᠤᠨ ᠡᠨᠧᠷᠭᠢ ᠠᠷᠪᠢᠯᠠᠵᠤ ᠮᠡᠷᠭᠡᠵᠢᠯ ᠤᠨ ᠰᠢᠨᠡᠴᠢᠯᠡᠯᠲᠡ ᠬᠢᠬᠦ ᠶᠢ ᠵᠣᠷᠢᠭᠵᠢᠭᠤᠯᠤᠨ ᠳᠡᠮᠵᠢᠵᠦ᠂ ᠷᠦᠩ ᠭᠤᠸᠠᠨ᠂ ᠰᠢᠯᠢᠨ᠂ ᠪᠠᠶᠠᠠᠬᠦ᠋ᠭᠡᠪᠦᠷ᠂ ᠠᠷᠣᠬᠠᠳᠠ ᠠᠭᠤᠷᠬᠠᠶ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠰᠢᠨᠡᠴᠢᠯᠡᠯᠲᠡ ᠬᠢᠬᠦ ᠭᠤᠷᠪᠠᠨ ᠵᠢᠯ ᠤᠨ ᠠᠵᠢᠯᠯᠠᠭ᠎ᠠ ᠶᠢᠨ ᠰᠡᠬᠦᠯ ᠬᠤᠷᠢᠶᠠᠬᠤ ᠠᠵᠢᠯ ᠢ ᠰᠠᠶᠢᠲᠤᠷ ᠬᠢᠵᠦ᠂ ᠬᠤᠴᠣᠷᠤᠩᠭᠤᠶ ᠦᠢᠯᠡᠳᠪᠦᠷᠢᠯᠡᠯ ᠤᠨ ᠬᠦᠴᠦᠨ ᠎ ᠢ ᠲᠠᠶᠠᠭᠳᠠᠭᠤᠯᠵᠤ᠂ ᠲᠣᠣᠷ᠎ᠠ ᠨᠡᠬᠦᠷᠡᠰᠣᠳᠦ᠋ᠷᠦᠭᠴᠢᠳᠣ ᠬᠥᠭᠵᠢᠯᠲᠡ ᠪᠠᠷ ᠠᠵᠤ ᠦᠢᠯᠡᠰ ᠤᠨ ᠶᠠᠰᠤ ᠴᠢᠨᠠᠷ ᠢᠶᠠᠨ ᠳᠡᠭᠡᠭᠰᠢᠯᠡᠬᠦᠯᠦᠨ᠂ ︽ᠨᠤᠲᠤᠭ ᠪᠡᠯᠴᠢᠭᠡᠷ ᠤᠨ ᠨᠡᠭᠦᠷᠡᠰᠦᠲᠥ᠋ᠷᠥᠭᠴᠢ ᠰᠢᠩᠭᠡᠭᠡᠬᠦ ᠲᠤᠷᠰᠢᠯᠲᠠ ᠶᠢᠨ ᠴᠡᠭ ᠤᠨ ᠢᠨᠵᠧᠨᠧᠷᠢᠩ︾ ︽ᠵᠣᠬᠢᠶᠠᠮᠠᠯ ᠨᠣᠭᠤ ᠭᠠᠵᠠᠷ︾ ᠵᠡᠷᠭᠡ ᠲᠥᠷᠥᠯ ᠵᠦᠢᠯ ᠢ ᠢᠳᠡᠪᠬᠢᠲᠡᠶ ᠪᠠᠷ ᠭᠤᠶᠤᠴᠢᠯᠠᠨ ᠮᠡᠳᠡᠭᠦᠯᠵᠦ᠂ ︽ᠨᠡᠭᠦᠷᠡᠰᠣᠳᠦ᠋ᠷᠦᠭᠴᠢ ᠶᠢ ᠣᠷᠭᠢᠯ ᠬᠡᠮᠵᠢᠭᠳᠡᠯ ᠳᠤ ᠬᠦᠷᠭᠡᠬᠦ᠂ ᠨᠠᠭᠦᠷᠡᠰᠣᠳᠦ᠋ᠷᠦᠭᠴᠢ ᠶᠢ ᠰᠠᠭᠠᠷᠮᠠᠭᠵᠢᠭᠤᠯᠬᠤ︾ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠤᠨ᠎ᠠ᠃ ᠪᠣᠬᠢᠷᠲᠤᠯ ᠢ ᠰᠡᠷᠭᠡᠶᠢᠯᠡᠨ ᠵᠠᠰᠠᠬᠤ ᠡᠷᠴᠢᠮ ᠢ ᠴᠢᠩᠭᠠᠷᠠᠭᠤᠯᠵᠤ᠂ ᠭᠤᠣᠯᠳᠠᠯᠭᠠᠳᠣ ᠪᠣᠬᠢᠷᠲᠤᠯ ᠪᠣᠳᠠᠰ ᠭᠠᠳᠠᠭᠰᠢᠯᠠᠭᠤᠯᠬᠤ ᠠᠵᠤ ᠠᠬᠤᠶᠢᠯᠠᠯ ᠢ ᠰᠦᠯᠵᠢᠶᠡᠨ ᠤ ᠬᠢᠨᠠᠯᠲᠠ ᠳᠤ ᠣᠷᠣᠭᠤᠯᠵᠤ᠂ ᠪᠣᠬᠢᠷᠲᠤᠯ ᠤᠨ ᠡᠬᠢ ᠰᠤᠷᠪᠤᠯᠵᠢ ᠶᠢᠨ ᠬᠢᠨᠠᠯᠲᠠ ᠶᠢ ᠨᠡᠶᠢᠳᠡᠮ ᠪᠦᠷᠬᠦᠭᠦᠯᠦᠨ᠎ᠡ᠃ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠢ ᠳᠤᠨᠢ ᠵᠠᠰᠠᠬᠤ ᠪᠠ ᠣᠷᠣᠨ ᠪᠦᠰᠡ ᠶᠢᠨ ᠬᠤᠯᠪᠣᠭᠠᠯᠠᠨ ᠰᠡᠷᠭᠡᠶᠢᠯᠡᠵᠦ ᠬᠤᠯᠪᠣᠭᠠᠯᠠᠨ ᠡᠵᠡᠮᠳᠡᠬᠦ ᠶᠢ ᠦᠷᠭᠦᠯᠵᠢᠯᠡᠨ ᠰᠠᠶᠢᠲᠤᠷ ᠠᠳᠬᠤᠵᠤ᠂ ᠠᠭᠠᠷ ᠤᠨ ᠴᠡᠪᠡᠷᠴᠡ ᠶᠢ ᠦᠷᠬᠦᠯᠵᠢᠯᠡᠨ ᠪᠥᠬᠦ ᠣᠷᠣᠨ ᠤ ᠡᠮᠦᠨ᠎ᠡ ᠡᠩᠨᠡᠭᠡᠨ ᠳᠤ  ᠪᠠᠶᠢᠬᠤ ᠶᠢ ᠪᠠᠲᠤᠯᠠᠨ᠎ᠠ᠃      ︵ᠬᠤᠶᠠᠷ︶ ᠲᠤᠭ᠎ᠠ ᠬᠡᠮᠵᠢᠶ᠎ᠡ ᠪᠠ ᠶᠠᠰᠤ ᠴᠢᠨᠠᠷ ᠢ ᠵᠡᠷᠭᠡᠪᠡᠷ ᠳᠡᠭᠡᠭᠰᠢᠯᠡᠬᠦᠯᠬᠦ ᠳᠤ ᠬᠦᠴᠦᠨ ᠢᠶᠠᠨ ᠲᠦᠪᠯᠡᠷᠡᠬᠦᠯᠵᠣ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠲᠣᠭᠳᠠᠯᠴᠠᠭ᠎ᠠ ᠶᠢ ᠴᠢᠷᠮᠠᠶᠢᠨ ᠪᠠᠶᠢᠭᠤᠯᠤᠨ᠎ᠠ᠃      ᠨᠢᠭᠡ᠂ ᠮᠠᠯ ᠠᠵᠤ ᠠᠬᠤᠢ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠠᠬᠢᠭᠤᠯᠤᠨ᠎ᠠ᠃ ︽3+2︾ ᠠᠵᠤ ᠦᠢᠯᠡᠰ ᠤᠨ ᠬᠥᠭᠵᠢᠯᠲᠡ ᠶᠢᠨ ᠵᠠᠭᠪᠤᠷ ᠢ ᠪᠠᠬᠢᠵᠢᠭᠦᠯᠵᠦ᠂ ︽ᠪᠤᠵᠠᠭᠠᠶᠢᠷᠠᠭᠤᠯᠬᠤ᠂ ᠳᠡᠭᠡᠭᠰᠢᠯᠡᠭᠦᠯᠬᠦ᠂ ᠬᠦᠴᠦᠷᠭᠡᠭᠵᠢᠬᠦᠯᠬᠦ︾ ᠰᠡᠳᠬᠢᠴᠡ ᠪᠠᠷ᠂ ᠴᠢᠨᠠᠷ ᠰᠠᠶᠢᠲᠠᠶ ᠪᠣᠬᠢᠷᠲᠤᠯ ᠥᠬᠡᠶ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠭᠦᠯᠦᠨ᠎ᠡ᠃ ᠡᠬᠦᠯᠳᠡᠷ ᠤᠨ ᠡᠬᠢ ᠪᠠᠶᠠᠯᠢᠭ ᠤᠨ ᠠᠵᠤ ᠦᠢᠯᠡᠰ ᠢ ᠪᠤᠵᠠᠭᠠᠶᠢᠷᠠᠭᠤᠯᠵᠤ᠂ ︽ᠬᠤᠴᠠ ᠶᠢᠨ ᠲᠠᠯᠠᠪᠠᠶ + ᠲᠡᠵᠢᠭᠡᠨ ᠦᠷᠡᠵᠢᠭᠦᠯᠬᠦ ᠲᠠᠯᠠᠪᠠᠶ + ᠭᠤᠣᠯᠳᠠᠯᠭᠠᠳᠣ ᠰᠦᠷᠦᠭ + ᠪᠠᠷᠢᠮᠵᠢᠶᠠᠵᠢᠭᠤᠯᠤᠭᠰᠠᠨ ᠰᠦᠷᠦᠭ︾᠎ ᠤᠨ ᠰᠠᠶᠢᠨ ᠡᠭᠦᠯᠳᠡᠷ ᠤᠨ ᠮᠢᠬᠠᠨ ᠤ ᠬᠤᠨᠢᠨ ᠤ ᠳᠦᠷᠪᠡᠨ ᠳᠡᠰ ᠤᠨ ᠲᠡᠵᠢᠭᠡᠨ ᠦᠷᠡᠵᠢᠬᠦᠯᠬᠦ ᠲᠣᠭᠳᠠᠯᠴᠠᠭ᠎ᠠ ᠶᠢᠨ ᠪᠠᠶᠢᠭᠤᠯᠤᠯᠲᠠ ᠶᠢ ᠤᠯᠠᠮ ᠰᠠᠶᠢᠲᠤᠷ ᠠᠳᠬᠤᠵᠤ᠂ 4 ᠲᠡᠵᠢᠭᠡᠨ ᠦᠷᠡᠵᠢᠭᠦᠯᠬᠦ ᠲᠠᠯᠠᠪᠠᠶ ᠶᠢ ᠰᠢᠨ᠎ᠡ ᠪᠠᠷ ᠪᠠᠶᠢᠭᠤᠯᠵᠦ᠂ 4500 ᠭᠠᠷᠤᠢ ᠰᠢᠯᠢᠳᠡᠭ ᠡᠬᠦᠯᠳᠡᠷ ᠤᠨ ᠬᠤᠴᠠ ᠶᠢ ᠪᠣᠶᠢᠵᠢᠭᠤᠯᠣᠨ᠎ᠠ᠃ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠠᠵᠤ ᠦᠢᠯᠡᠰ ᠤᠨ ᠬᠥᠭᠵᠢᠯᠲᠡ ᠶᠢ ᠲᠡᠮᠵᠢᠬᠦ ᠠᠷᠭ᠎ᠠ ᠶᠢ ᠰᠠᠶᠢᠳᠣᠷ ᠠᠰᠢᠭᠯᠠᠵᠣ᠂ ᠮᠢᠬᠠᠨ ᠤ ᠦᠬᠡᠷ ᠤᠨ ᠰᠢᠯᠢᠳᠡᠭ ᠡᠭᠦᠯᠳᠡᠷ ᠢ ᠲᠡᠵᠢᠭᠡᠨ ᠦᠷᠡᠵᠢᠬᠦᠯᠬᠦ ᠶᠢ ᠠᠬᠢᠭᠤᠯᠬᠤ ᠠᠵᠢᠯ ᠤᠨ ᠲᠥᠰᠦᠯ ᠲᠣᠭᠲᠠᠭᠠᠨ᠂ 2 ᠰᠢᠯᠢᠳᠡᠭ ᠡᠭᠦᠯᠳᠡᠷ ᠤᠨ ᠮᠢᠬᠠᠨ ᠤ ᠦᠬᠡᠷ ᠢ ᠬᠡᠪᠴᠢᠶᠡᠵᠢᠭᠦᠯᠦᠨ ᠪᠣᠷᠳᠣᠬᠤ ᠲᠠᠯᠠᠪᠠᠶ ᠪᠠᠶᠢᠭᠤᠯᠵᠤ᠂ ᠵᠢᠯ ᠳᠤ ᠠᠶᠢᠮᠠᠭ ᠤᠨ ᠳᠡᠰ ᠤᠨ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠭᠤᠣᠯᠳᠠᠯᠭᠠᠳᠣ ᠰᠦᠷᠦᠭ ᠢ 32 ᠪᠣᠯᠭᠠᠵᠤ᠂ ᠰᠠᠭᠤᠷᠢ ᠡᠬᠡ ᠮᠠᠯ ᠢ 5000 ᠲᠣᠯᠣᠭᠠᠶ ᠠᠴᠠ ᠲᠠᠪᠠᠭᠤᠯᠣᠨ᠎ᠠ᠃ ᠣᠳᠣᠬᠢ ᠪᠠᠶᠢᠭ᠎ᠠ ᠮᠣᠩᠭᠤᠯ ᠠᠳᠤᠭᠤᠨ ᠤ ᠡᠭᠦᠯᠳᠡᠷ ᠬᠠᠮᠠᠭᠠᠯᠠᠬᠤ ᠲᠠᠯᠠᠪᠠᠶ᠂ ᠭᠤᠣᠯᠳᠠᠯᠭᠠᠳᠣ ᠰᠦᠷᠦᠭ ᠵᠢᠴᠢ ᠡᠬᠦᠯᠳᠡᠷ ᠬᠠᠮᠠᠭᠠᠯᠠᠬᠤ ᠰᠦᠷᠦᠭ ᠤᠨ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠢ ᠲᠡᠭᠦᠯᠳᠡᠷᠵᠢᠭᠦᠯᠵᠦ᠂ ᠭᠠᠷ ᠬᠡᠬᠡᠯᠳᠣᠬᠦᠯᠭᠡ ᠶᠢᠨ ᠠᠵᠢᠯ ᠢ ᠡᠮᠬᠢ ᠵᠢᠷᠤᠮ ᠲᠠᠢ ᠥᠷᠨᠢᠭᠦᠯᠦᠨ᠂ ᠰᠢᠯᠢᠳᠡᠭ ᠡᠭᠦᠯᠳᠡᠷ ᠤᠨ ᠦᠷ᠎ᠡ ᠶᠢᠨ ᠮᠠᠯ ᠤᠨ ᠦᠷ᠎ᠡ ᠬᠠᠩᠭᠠᠬᠤ ᠴᠢᠳᠠᠪᠤᠷᠢ ᠶᠢ ᠳᠡᠭᠡᠭᠰᠢᠯᠡᠭᠦᠯᠵᠦ᠂ ᠮᠣᠩᠭᠤᠯ ᠠᠳᠤᠭᠤᠨ ᠤ ᠲᠤᠭ᠎ᠠ ᠶᠢ 7 ᠲᠦᠮᠡ ᠣᠷᠴᠢᠮ ᠬᠦᠷᠭᠡᠨ᠎ᠡ᠃ ᠭᠤᠷᠪᠠᠨ ᠱᠠᠲᠤᠨ ᠤ ᠲᠤᠰᠬᠠᠶᠢᠵᠢᠭᠰᠠᠨ ᠬᠢᠵᠢᠭ ᠰᠡᠷᠭᠡᠶᠢᠯᠡᠬᠦ ᠡᠩᠨᠡᠭᠡᠨ ᠤ ᠲᠣᠭᠳᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠵᠢᠯ ᠳᠤ ᠮᠠᠯ ᠡᠮᠨᠡᠯᠭᠡ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠢ ᠪᠠᠶᠢᠭᠤᠯᠤᠨ᠂ ᠠᠮᠢᠲᠠᠨ ᠤ ᠭᠠᠷᠤᠯᠲᠠ ᠶᠢᠨ ᠣᠷᠣᠨ ᠤ ᠬᠢᠵᠢᠭ ᠪᠠᠶᠢᠴᠠᠭᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠮᠠᠯ ᠡᠮᠨᠡᠯᠭᠡ ᠶᠢᠨ ᠨᠡᠶᠢᠭᠡᠮᠴᠢᠯᠡᠭᠰᠡᠨ ᠦᠢᠯᠡᠴᠢᠯᠡᠭᠡ ᠶᠢ ᠪᠦᠬᠦᠨ ᠎ ᠢ ᠬᠠᠮᠣᠷᠠᠭᠤᠯᠦᠨ᠎ᠡ᠃ ᠰᠦ ᠶᠢᠨ ᠠᠵᠤ ᠦᠢᠯᠡᠰ ᠪᠣᠯᠤᠨ ᠲᠡᠵᠢᠭᠡᠯ ᠡᠪᠡᠰᠦᠨ ᠤ ᠠᠵᠤ ᠦᠢᠯᠡᠰ ᠤᠨ ᠲᠤᠰᠬᠠᠶᠢᠵᠢᠯᠲᠠ ᠶᠢ ᠳᠡᠭᠡᠭᠰᠢᠯᠡᠭᠦᠯᠵᠦ᠂ ᠰᠦ ᠶᠢᠨ ᠦᠢᠯᠡᠰ ᠢ ᠬᠥᠭᠵᠢᠭᠦᠯᠬᠦ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠠᠷᠭ᠎ᠠ ᠬᠡᠮᠵᠢᠶ᠎ᠡ ᠰᠠᠨᠠᠯ ᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠦ ᠶᠢᠨ ᠦᠢᠯᠡᠰ ᠤᠨ ᠬᠥᠭᠵᠢᠯᠲᠡ ᠶᠢᠨ ᠲᠥᠷᠥᠯ ᠵᠦᠢᠯ ᠢ ᠢᠳᠡᠪᠬᠢᠳᠠᠢ ᠡᠷᠡᠮᠡᠯᠵᠡᠯᠡᠨ᠂ ᠴᠡᠭᠡ ᠪᠣᠯᠪᠠᠰᠣᠷᠠᠭᠤᠯᠬᠤ᠂ ᠴᠡᠭᠡ ᠵᠠᠰᠠᠯ ᠵᠡᠷᠭᠡ ᠠᠵᠤ ᠦᠢᠯᠡᠰ ᠢ ᠰᠦᠪᠡᠭᠴᠢᠯᠡᠨ ᠬᠥᠭᠵᠢᠭᠦᠯᠵᠦ᠂ ᠳᠤᠮᠳᠠ᠂ ᠵᠢᠵᠢᠭ ᠲᠡᠵᠢᠭᠡᠨ ᠦᠷᠡᠵᠢᠭᠦᠯᠬᠦ ᠲᠠᠯᠠᠪᠠᠶ ᠪᠠ ᠴᠠᠭᠠᠨ ᠢᠳᠡᠭᠡ ᠡᠳ᠋ᠰᠢᠬᠦᠯᠦᠨ ᠪᠣᠯᠪᠠᠰᠣᠷᠠᠭᠤᠯᠬᠤ ᠵᠢᠵᠢᠭ ᠦᠢᠯᠡᠳᠬᠡᠯ ᠢ ᠦᠭᠡᠷᠡᠴᠢᠯᠡᠨ ᠰᠠᠶᠢᠵᠢᠷᠠᠭᠤᠯᠬᠤ ᠶᠢ ᠠᠬᠢᠭᠤᠯᠣᠨ᠂ ᠵᠢᠯ ᠳᠤ ︽ᠰᠢᠮ᠎ᠡ︾ ᠰᠦ ᠰᠠᠭᠠᠯᠢ ᠶᠢᠨ ᠦᠢᠯᠡᠰ ᠪᠠ ︽ᠣᠭᠤᠷᠠᠭ︾ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ ᠶᠢᠨ ᠴᠠᠭᠠᠨ ᠢᠳᠡᠭᠡᠨ ᠤ SC ᠭᠡᠷᠡᠴᠢᠯᠡᠯ ᠤᠨ ᠳᠡᠮᠳᠡᠭ ᠢ ᠡᠷᠡᠮᠡᠯᠵᠡᠯᠡᠨ ᠣᠯᠵᠤ᠂ ᠴᠠᠭᠠᠨ ᠢᠳᠡᠭᠡᠨ ᠤ ᠦᠢᠯᠡᠳᠪᠦᠷᠢᠯᠡᠯ ᠤᠨ ᠦᠷᠳᠡᠭ ᠢ ᠮᠢᠩᠭᠠᠨ ᠲᠦᠮᠡᠨ ᠲᠦᠭᠦᠷᠢᠭ ᠢ ᠳᠠᠪᠠᠭᠤᠯᠣᠨ᠂ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠠᠯᠬᠤᠴᠠ ᠶᠢ ᠲᠦᠷᠭᠡᠳᠭᠡᠨ᠎ᠡ᠃ ᠵᠠᠰᠠᠭ ᠤᠨ ᠣᠷᠳᠣᠨ ᠠᠴᠠ ᠬᠥᠲᠥᠯᠥᠨ ᠵᠢᠯᠣᠭᠤᠳᠬᠤ᠂ ᠵᠠᠬ᠎ᠠ ᠳᠡᠯᠭᠡᠭᠦᠷᠴᠢᠯᠡᠨ ᠡᠵᠡᠩᠨᠡᠬᠦ ᠵᠠᠷᠴᠢᠮ ᠶᠣᠰᠣᠭᠠᠷ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠭᠤᠷᠪᠠᠨ ᠱᠠᠲᠤᠨ ᠤ ᠡᠪᠡᠰᠦ ᠨᠦᠬᠡᠴᠡᠯᠡᠬᠦ ᠲᠤᠭᠲᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠣᠳᠤᠬᠢ ᠰᠤᠯᠠ  ᠪᠠᠶᠢᠭ᠎ᠠ ᠡᠬᠢ ᠪᠠᠶᠠᠯᠢᠭ ᠢ ᠠᠰᠢᠭᠯᠠᠵᠤ᠂ ᠬᠤᠰᠢᠭᠤ ᠱᠠᠳᠣᠨ ᠤ ᠡᠪᠡᠰᠦ ᠪᠣᠷᠳᠤᠭ᠎ᠠ ᠲᠥᠪᠯᠡᠷᠡᠭᠦᠯᠦᠨ ᠲᠠᠷᠬᠠᠭᠠᠬᠤ ᠲᠥᠪ ᠤᠨ ᠲᠥᠷᠥᠯ ᠵᠦᠢᠯ ᠪᠠ ᠮᠠᠨᠳᠣᠬᠤᠪᠣᠯᠠᠭ ᠭᠠᠴᠠᠭᠠᠨ ᠤ ᠪᠠᠴᠢᠮ ᠪᠠᠶᠢᠳᠠᠯ ᠢ ᠠᠷᠭᠠᠴᠠᠬᠤ ᠡᠪᠡᠰᠦ ᠨᠥᠭᠡᠴᠡᠯᠡᠬᠦ ᠰᠠᠭᠤᠷᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠦᠢᠯ ᠢ ᠠᠬᠢᠭᠤᠯᠤᠨ᠂ ᠡᠪᠡᠰᠦᠨ ᠤ ᠣᠨᠠᠯᠲᠠ ᠶᠢ 40 ᠲᠦᠮᠡᠨ ᠲᠣᠨ ᠳᠤ ᠬᠦᠷᠭᠡᠵᠣ᠂ ᠪᠦᠬᠦ ᠬᠤᠰᠢᠭᠤᠨ ᠤ ᠮᠠᠯᠵᠢᠬᠤ ᠦᠢᠯᠡᠳᠪᠦᠷᠢᠯᠡᠯ ᠤᠨ ᠬᠡᠷᠡᠭᠴᠡᠭᠡ ᠶᠢ ᠬᠠᠩᠭᠠᠨ᠎ᠠ᠃ ᠪᠣᠭᠤᠵᠢ ᠲᠠᠢ ᠡᠪᠡᠰᠦ᠂ ᠬᠡᠰᠡᠭ ᠲᠠᠢ ᠡᠪᠡᠰᠦ᠂ ᠮᠥᠬᠦᠯᠢᠭ ᠡᠪᠡᠰᠣ ᠵᠡᠷᠭᠡ ᠴᠢᠨᠠᠷ ᠰᠠᠶᠢᠲᠠᠶ ᠡᠪᠡᠰᠦᠨ ᠤ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠶᠢ ᠵᠣᠷᠢᠭᠵᠢᠭᠤᠯᠵᠤ᠂ ᠡᠪᠡᠰᠦ ᠪᠣᠷᠳᠤᠭ᠎ᠠ ᠶᠢ ᠰᠢᠨᠵᠢᠯᠡᠬᠦ ᠣᠬᠠᠭᠠᠨᠴᠢ᠂ ᠪᠣᠬᠢᠷᠲᠤᠯ ᠥᠬᠡᠶ ᠬᠦᠭᠵᠢᠯᠲᠡ ᠶᠢ ᠪᠦᠲᠦᠮᠵᠢᠲᠡᠶ ᠠᠬᠢᠭᠤᠯᠤᠨ᠎ᠠ᠃ ︽ᠦᠵᠦᠮᠦᠴᠢᠨ ᠬᠤᠨᠢ︾᠎ ᠶᠢᠨ ᠨᠡᠷᠡᠲᠦ ᠲᠡᠮᠳᠡᠭ ᠢ ᠬᠦᠴᠦᠷᠭᠡᠭᠵᠢᠬᠦᠯᠵᠣ᠂ ︽ᠦᠵᠦᠮᠦᠴᠢᠨ ᠬᠤᠨᠢ︾᠎ ᠶᠢᠨ ᠨᠡᠷᠡᠲᠦ ᠲᠡᠮᠳᠡᠭ ᠤᠨ ᠪᠦᠲᠦᠭᠡᠨ ᠪᠠᠶᠢᠭᠤᠯᠤᠯᠲᠠ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠪᠡᠯᠡ ᠣᠷᠣᠭᠤᠯᠤᠯᠲᠠ ᠶᠢ ᠨᠡᠮᠡᠭᠳᠡᠬᠦᠯᠦᠨ᠂ 11 ᠨᠢᠲᠤᠯᠵᠤ ᠡᠳ᠋ᠰᠢᠬᠦᠯᠬᠦ ᠠᠵᠤ ᠠᠬᠤᠶᠢᠯᠠᠯ ᠤᠨ ᠦᠵᠦᠮᠦᠴᠢᠨ ᠬᠤᠨᠢᠨ ᠤ ᠤᠤᠯ ᠭᠠᠷᠤᠯᠲᠠ ᠶᠢᠨ ᠣᠷᠣᠨ ᠤ ᠭᠠᠵᠠᠷ ᠵᠦᠢ ᠶᠢᠨ ᠢᠯᠡᠷᠬᠡᠶᠢᠯᠡᠯᠲᠦ ᠲᠡᠮᠳᠡᠭ ᠤᠨ ᠬᠡᠷᠡᠭᠯᠡᠯᠲᠡ ᠶᠢ ᠵᠢᠷᠤᠮᠵᠢᠭᠤᠯᠵᠤ᠂ ᠳᠠᠭᠠᠭᠤᠯᠣᠭᠴᠢ ᠠᠵᠤ ᠠᠬᠤᠶᠢᠯᠠᠯ ᠪᠣᠯᠣᠨ ᠶᠡᠭᠡ ᠳᠡᠭᠡᠳᠦ ᠰᠤᠷᠭᠠᠭᠤᠯᠢ᠂ ᠲᠢᠺ ᠲᠣᠺ᠂ ᠬᠤᠷᠳᠣᠨ ᠭᠠᠷ᠂ ᠲᠢᠶᠠᠨ ᠮᠤᠤ ᠵᠡᠷᠭᠡ ᠰᠦᠯᠵᠢᠶᠡᠨ ᠤ ᠲᠠᠪᠴᠠᠩ ᠯᠤᠭ᠎ᠠ ᠶᠢᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ᠂ ︽ᠢᠨᠲ᠋ᠧᠷ ᠰᠦᠯᠵᠢᠶ᠎ᠡ +︾ ᠪᠣᠷᠣᠯᠠᠭᠤᠯᠭ᠎ᠠ ᠶᠢᠨ ᠵᠠᠭᠪᠤᠷ ᠢ ᠶᠡᠬᠡᠪᠡᠷ ᠬᠥᠭᠵᠢᠭᠦᠯᠦᠨ᠂ ᠰᠦᠯᠵᠢᠶᠡᠨ ᠳᠡᠭᠡᠷᠡᠬᠢ ︽ᠦᠵᠦᠮᠦᠴᠢᠨ ᠬᠤᠨᠢᠨ ᠤ ᠨᠠᠶᠢᠷ︾᠂ ︽ᠬᠤᠨᠢᠨ ᠮᠢᠬᠠᠨ ᠤ ᠨᠠᠶᠢᠷ︾᠎ ᠢ ᠵᠣᠬᠢᠶᠠᠨ ᠪᠠᠶᠢᠭᠤᠯᠣᠨ᠂ ᠭᠠᠳᠠᠭᠰᠢ ᠭᠠᠷᠴᠤ ᠠᠬᠤᠢ ᠲᠠᠯᠠᠪᠠᠢ ᠶᠢᠨ ᠲᠠᠨᠢᠯᠴᠠᠭᠤᠯᠭ᠎ᠠ ᠶᠢᠨ ᠬᠤᠷᠠᠯ ᠡᠷᠭᠢᠯᠡᠵᠦ᠂ ︽ᠦᠵᠦᠮᠦᠴᠢᠨ ᠬᠤᠨᠢ︾᠎ ᠶᠢᠨ ᠨᠠᠷᠠᠲᠤ ᠲᠡᠮᠳᠡᠭ ᠤᠨ ᠠᠯᠳᠠᠷᠰᠢᠯ ᠪᠠ ᠵᠠᠬ᠎ᠠ ᠳᠡᠯᠭᠡᠭᠦᠷ ᠤᠨ ᠥᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃      ᠬᠤᠶᠠᠷ᠂ ᠠᠵᠤ ᠦᠢᠯᠡᠳᠪᠦᠷᠢ ᠶᠢᠨ ᠲᠠᠯᠳᠠ ᠬᠦᠴᠦᠨ ᠢ ᠠᠭᠤᠳᠠᠯᠵᠤ ᠦᠷ᠎ᠡ ᠠᠰᠢᠭ ᠢ ᠨᠡᠮᠡᠭᠳᠡᠭᠦᠯᠬᠦ ᠶᠢ ᠲᠦᠯᠬᠢᠨ ᠠᠬᠢᠭᠤᠯᠤᠨ᠎ᠠ᠃ ᠣᠳᠣᠬᠢ ᠪᠠᠶᠢᠭ᠎ᠠ ᠠᠵᠤ ᠠᠬᠤᠶᠢᠯᠠᠯ ᠪᠠ ᠠᠭᠤᠷᠬᠠᠶ ᠶᠢᠨ ᠡᠬᠢ ᠪᠠᠶᠠᠯᠢᠭ ᠲᠤ ᠰᠠᠭᠤᠷᠢᠯᠠᠨ᠂ ᠨᠡᠮᠡᠭᠳᠡᠯ ᠤᠨ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ ᠬᠠᠳᠠᠭᠠᠯᠠᠯᠲᠠ ᠶᠢᠨ ᠬᠡᠮᠵᠢᠶ᠎ᠡ ᠶᠢ ᠲᠣᠭᠲᠠᠪᠤᠷᠢᠵᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠯᠡᠨ ᠠᠬᠢᠭᠤᠯᠵᠤ᠂ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 20 ᠳ᠋ᠦᠩᠰᠢᠭᠤᠷ ᠲᠦᠬᠦᠷᠢᠭ ᠲᠤ ᠬᠦᠷᠭᠡᠨ᠎ᠡ᠃ ᠣᠮᠠᠷᠠᠳᠣ ᠶᠢᠨ ᠴᠢᠯᠠᠭᠤᠨ ᠲᠣᠰᠣ᠂ ᠵᠥᠩ ᠺᠠᠩ᠂ ᠬᠤᠩ ᠪᠥᠸᠧ ᠴᠢᠯᠠᠭᠤᠨ ᠲᠣᠰᠣᠨ ᠤ ᠠᠵᠤ ᠠᠬᠤᠶᠢᠯᠠᠯ ᠤᠨ ᠦᠷᠭᠦᠯᠵᠢᠯᠡᠨ ᠬᠥᠭᠵᠢᠬᠦ ᠶᠢ ᠬᠦᠴᠦᠯᠡᠨ ᠠᠬᠢᠭᠤᠯᠵᠤ᠂ ᠦᠢᠯᠡᠳᠪᠦᠷᠢᠯᠡᠯ ᠤᠨ ᠴᠢᠳᠠᠪᠤᠷᠢ ᠶᠢ 40 ᠲᠦᠮᠡᠨ ᠲᠣᠨ ᠣᠷᠴᠢᠮ ᠳᠤ ᠬᠦᠷᠭᠡᠨ᠎ᠡ᠃ ᠠᠷᠣᠬᠠᠳᠠ᠂ ᠪᠠᠶᠠᠨᠬᠦ᠋ᠭᠡᠪᠦᠷ ᠠᠭᠤᠷᠬᠠᠶ ᠶᠢᠨ ᠦᠢᠯᠡᠰ ᠵᠡᠷᠭᠡ ᠥᠩᠭᠡᠲᠦ ᠲᠡᠮᠦᠷᠯᠢᠭ ᠤᠨ ᠠᠵᠤ ᠠᠬᠤᠶᠢᠯᠠᠯ ᠤᠨ ᠮᠡᠷᠭᠡᠵᠢᠯ ᠤᠨ ᠰᠢᠨᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠪᠡᠶᠡᠯᠡᠭᠦᠯᠵᠦ᠂ ᠵᠢᠯ ᠤᠨ ᠭᠠᠷᠤᠯᠲᠠ ᠶᠢ 360 ᠲᠦᠮᠡᠨ ᠲᠣᠨ ᠳᠤ ᠬᠦᠷᠭᠡᠵᠣ᠂ ᠦᠢᠯᠡᠳᠬᠦᠨ ᠤ ᠦᠷᠳᠡᠭ ᠢ 17 ᠳ᠋ᠦᠩᠰᠢᠭᠤᠷ ᠲᠥᠭᠦᠷᠢᠭ ᠢ ᠳᠠᠪᠠᠭᠤᠯᠣᠨ᠎ᠠ᠃ ᠠᠮᠣᠭᠤᠯᠠᠩ ᠨᠡᠭᠦᠷᠡᠰᠦᠨ ᠠᠭᠤᠷᠬᠠᠶ ᠂ ᠲᠢᠶᠠᠨ ᠳ᠋ᠢ ᠨᠡᠭᠦᠷᠡᠰᠦᠨ ᠠᠭᠤᠷᠬᠠᠶ ᠶᠢᠨ ᠮᠡᠷᠭᠡᠵᠢᠯ ᠤᠨ ᠰᠢᠨᠡᠴᠢᠯᠡᠯᠲᠡ ᠬᠢᠬᠦ ᠪᠠ ᠦᠢᠯᠡᠳᠪᠦᠷᠢᠯᠡᠯ ᠤᠨ ᠴᠢᠳᠠᠪᠣᠷᠢ ᠎ ᠶᠢ ᠳᠡᠭᠡᠭᠰᠢᠯᠡᠬᠦᠯᠬᠦ ᠢᠨᠵᠧᠨᠧᠷᠢᠩ ᠢ ᠠᠰᠢᠭᠯᠠᠯᠲᠠ ᠳᠤ ᠣᠷᠣᠭᠤᠯᠬᠤ ᠶᠢ ᠲᠦᠷᠭᠡᠳᠭᠡᠨ ᠠᠬᠢᠭᠤᠯᠤᠨ᠎ᠠ᠃ ᠬᠠᠩᠵᠧᠦ ᠶᠢᠨ ᠶᠢᠨ ᠵᠢᠶᠠᠩ ᠪᠦᠯᠦᠭᠯᠡᠯ ᠬᠢᠭᠡᠳ ᠮᠧᠩ ᠨᠧᠩ ᠪᠦᠯᠦᠭᠯᠡᠯ ᠤᠨ ᠪᠠᠶᠢᠯᠳᠤᠬᠤ ᠪᠣᠳᠣᠯᠭ᠎ᠠ ᠶᠢᠨ ᠬᠠᠮᠲᠤᠷᠠᠯᠴᠠᠭ᠎ᠠ ᠶᠢ ᠶᠡᠬᠡᠪᠡᠷ ᠠᠬᠢᠭᠤᠯᠵᠤ᠂ ᠴᠠᠭᠠᠨᠲᠣᠯᠣᠭᠠᠶ ᠨᠡᠭᠦᠷᠡᠰᠦᠨ ᠠᠭᠤᠷᠬᠠᠶ ᠶᠢᠨ ᠲᠥᠷᠥᠯ ᠵᠦᠢᠯ ᠤᠨ ᠶᠡᠷᠦᠩᠬᠡᠶ ᠲᠦᠯᠦᠪᠵᠢᠬᠦᠯᠬᠡ ᠶᠢ ᠵᠥᠪᠰᠢᠶᠡᠷᠡᠭᠦᠯᠵᠦ᠂ ᠠᠵᠢᠯ ᠡᠬᠢᠯᠡᠭᠦᠯᠦᠨ᠎ᠡ᠃ ᠦᠩᠳᠦ ᠨᠡᠭᠦᠷᠡᠰᠦᠨ ᠠᠭᠤᠷᠬᠠᠶ ᠶᠢᠨ ᠶᠡᠷᠦᠩᠬᠡᠶ ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠪᠠ ᠶᠡᠷᠦᠩᠬᠡᠶ ᠲᠥᠯᠥᠪᠵᠢᠭᠦᠯᠭᠡ ᠶᠢᠨ ᠣᠷᠴᠢᠨ ᠲᠣᠭᠤᠷᠢᠨ ᠤ ᠦᠨᠡᠯᠡᠯᠲᠡ ᠶᠢ ᠮᠡᠳᠡᠬᠦᠯᠵᠣ ᠵᠥᠪᠰᠢᠶᠡᠷᠡᠭᠦᠯᠬᠦ ᠶᠢ ᠲᠦᠷᠭᠡᠳᠬᠡᠵᠤ᠂ ᠠᠭᠤᠷᠬᠠᠶ ᠶᠢᠨ ᠵᠠᠬ᠎ᠠ ᠬᠢᠵᠠᠭᠠᠷ ᠤᠨ ᠡᠬᠢ ᠪᠠᠶᠠᠯᠢᠭ ᠢ ᠨᠢᠭᠡᠳᠣᠬᠦᠯᠬᠦ ᠲᠥᠷᠥᠯ ᠵᠦᠢᠯ ᠪᠠ 300 ᠲᠦᠮᠡᠨ ᠲᠣᠨ ᠦᠢᠯᠡᠳᠪᠦᠷᠢᠯᠡᠬᠦ ᠴᠢᠳᠠᠪᠤᠷᠢ ᠶᠢ ᠨᠡᠮᠡᠭᠳᠡᠭᠦᠯᠬᠦ ᠶᠢ ᠪᠣᠳᠠᠳᠣ ᠠᠬᠢᠴᠠ ᠲᠠᠢ ᠪᠣᠯᠭᠠᠨ᠂ ᠦᠩᠳᠦ ᠨᠡᠭᠦᠷᠡᠰᠦᠨ ᠠᠭᠤᠷᠬᠠᠶ ᠬᠢᠭᠡᠳ ᠮᠧᠩ ᠨᠧᠩ ᠪᠦᠯᠦᠭᠯᠡᠯ ᠤᠨ ᠬᠠᠮᠲᠤᠷᠠᠯᠴᠠᠭ᠎ᠠ ᠶᠢ ᠲᠡᠮᠵᠢᠵᠦ᠂ ᠨᠡᠭᠦᠷᠡᠰᠦᠨ ᠤ ᠦᠢᠯᠡᠳᠪᠦᠷᠢᠯᠡᠯ ᠤᠨ ᠠᠵᠤ ᠠᠬᠤᠶᠢᠯᠠᠯ ᠤᠨ ᠳᠠᠭᠠᠭᠠᠴᠠ ᠳᠤᠨᠢ ᠬᠦᠷᠳᠡᠯ᠎ᠡ ᠦᠢᠯᠡᠳᠪᠦᠷᠢᠯᠡᠬᠦ ᠶᠢ ᠦᠨᠡᠨᠬᠦ ᠪᠠᠲᠤᠯᠠᠨ᠎ᠡ᠃ ᠳᠠᠯᠳᠠ ᠡᠬᠢ ᠪᠠᠶᠠᠯᠢᠭ ᠢ ᠭᠦᠨᠵᠡᠭᠡᠶ ᠠᠭᠤᠳᠠᠯᠵᠤ᠂ ᠤᠯᠤᠰ ᠤᠨ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠡᠨᠧᠷᠭᠢ ᠶᠢᠨ ᠬᠠᠩᠭᠠᠯᠭ᠎ᠠ ᠶᠢ ᠪᠠᠲᠤᠯᠠᠬᠤ ᠲᠥᠷᠥ ᠶᠢᠨ ᠪᠣᠳᠣᠯᠭ᠎ᠠ ᠶᠢ ᠨᠠᠷᠢᠯᠢᠭ ᠣᠨᠣᠪᠴᠢᠳᠠᠢ ᠪᠠᠷ ᠡᠵᠡᠮᠳᠡᠨ᠂ ᠲᠢᠶᠠᠨ ᠾᠧ ᠮᠥᠩᠭᠦᠨ ᠤ ᠠᠭᠤᠷᠬᠠᠶ ᠬᠢᠭᠡᠳ ᠡᠷᠬᠢᠨ ᠲᠣᠭᠤᠷᠢᠨ ᠤ ᠠᠭᠤᠷᠬᠠᠶ ᠶᠢᠨ ᠡᠷᠬᠡ ᠶᠢ ᠨᠢᠭᠡᠳᠣᠬᠦᠯᠦᠨ ᠨᠡᠭᠡᠭᠡᠨ ᠬᠦᠭᠵᠢᠬᠦᠯᠵᠣ᠂ ᠷᠦᠩ ᠭᠤᠸᠠᠨ ᠠᠭᠤᠷᠬᠠᠶ ᠶᠢᠨ ᠦᠢᠯᠡᠰ᠂ ᠰᠠᠨ ᠾᠧ ᠾᠦᠢ ᠶᠤᠸᠠᠨ ᠤ ᠡᠬᠢ ᠪᠠᠶᠠᠯᠢᠭ ᠢ ᠬᠠᠶᠢᠨ ᠰᠢᠨᠵᠢᠬᠦ ᠶᠢ ᠠᠬᠢᠭᠤᠯᠵᠤ᠂ ᠳ᠋ᠠ ᠰᠠᠢ ᠲᠦᠸᠧ ᠦᠩᠭᠡᠳᠣ ᠲᠡᠮᠦᠷᠯᠢᠭ ᠤᠨ ᠠᠭᠤᠷᠬᠠᠢ ᠶᠢ ᠬᠠᠶᠢᠨ ᠰᠢᠨᠵᠢᠬᠦ ᠠᠴᠠ ᠨᠡᠭᠡᠭᠡᠨ ᠠᠰᠢᠭᠯᠠᠬᠤ ᠳᠡᠰᠢ ᠬᠤᠪᠢᠷᠠᠭᠤᠯᠬᠤ ᠵᠢᠴᠢ ᠳ᠋ᠢᠶᠠᠨᠴᠢ ᠶᠢᠨ ᠠᠮᠠ ᠶᠢᠨ ᠮᠤᠯᠢᠪᠳᠧᠨ ᠤ ᠦᠩᠭᠡᠳᠣ ᠲᠡᠮᠦᠷᠯᠢᠭ ᠤᠨ ᠠᠭᠤᠷᠬᠠᠶ ᠶᠢᠨ ᠲᠥᠷᠥᠯ ᠵᠦᠢᠯ ᠢ ᠬᠢᠨᠠᠨ ᠵᠥᠪᠰᠢᠶᠡᠷᠡᠬᠦ ᠶᠢ ᠪᠣᠳᠠᠳᠤ ᠠᠬᠢᠴᠠ ᠲᠠᠢ ᠪᠣᠯᠭᠠᠨ᠎ᠠ᠃      ᠭᠤᠷᠪᠠ᠂ ᠦᠢᠯᠡᠴᠢᠯᠡᠭᠡᠨ ᠤ ᠦᠢᠯᠡᠰ ᠤᠨ ᠬᠥᠭᠵᠢᠯᠲᠡ ᠶᠢᠨ ᠬᠤᠷᠳᠤᠴᠠ ᠶᠢ ᠲᠦᠷᠭᠡᠳᠬᠡᠨ᠎ᠡ᠃ ᠳᠤᠮᠳᠠ ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢ ᠳᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ᠠᠮᠠᠷᠠᠯᠲᠠ ᠶᠢᠨ ᠡᠳᠦᠷ ᠤᠨ ᠬᠡᠷᠡᠭᠯᠡᠭᠡ᠂ ᠵᠡᠭᠡᠯᠢ ᠭᠤᠲᠤᠮᠵᠢ ᠶᠢᠨ ᠵᠠᠬ᠎ᠠ ᠳᠡᠯᠭᠡᠭᠦᠷ ᠂ ᠵᠢᠵᠢᠭ ᠳᠡᠯᠭᠡᠭᠦᠷ ᠬᠤᠳᠠᠯᠳᠤᠭ᠎ᠠ᠂ ᠰᠥᠨᠢ ᠶᠢᠨ ᠵᠠᠬ᠎ᠠ ᠵᠡᠷᠭᠡ ᠶᠢ ᠪᠥᠬᠦ ᠲᠠᠯ᠎ᠠ ᠪᠠᠷ ᠬᠥᠭᠵᠢᠶᠡᠨᠲᠡᠶ ᠪᠣᠯᠭᠠᠬᠤ ᠶᠢ ᠠᠬᠢᠭᠤᠯᠤᠨ᠎ᠠ᠃ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠠᠵᠤ ᠦᠢᠯᠡᠰ ᠤᠨ ᠬᠦᠷᠢᠶᠡᠯᠡᠩ ᠤᠨ ᠲᠥᠪᠯᠡᠷᠡᠭᠰᠡᠨ ᠳᠠᠪᠠᠭᠤᠯᠢᠭ ᠢ ᠭᠦᠢᠴᠡᠳ ᠪᠠᠳᠠᠷᠠᠭᠤᠯᠵᠤ᠂ ᠡᠯᠧᠺᠲᠷᠣᠨ ᠬᠤᠳᠠᠯᠳᠤᠭᠠᠨ ᠤ ᠰᠢᠭᠤᠳ ᠨᠡᠪᠲᠡᠷᠡᠭᠦᠯᠭᠡ᠂ ᠰᠦᠯᠵᠢᠶᠡᠨ ᠣᠳᠣᠨ ᠤ ᠠᠵᠤ ᠠᠬᠤᠶ ᠵᠡᠷᠭᠡ ᠰᠢᠨ᠎ᠡ ᠡᠵᠡᠩᠨᠡᠯᠲᠡ ᠶᠢᠨ ᠬᠡᠯᠪᠡᠷᠢ ᠶᠢᠨ ᠬᠥᠭᠵᠢᠯᠲᠡ ᠶᠢ ᠠᠬᠢᠭᠤᠯᠵᠤ᠂ ᠮᠠᠯᠵᠢᠬᠤ ᠣᠷᠣᠨ ᠤ ᠡᠯᠧᠺᠲᠷᠣᠨ ᠬᠤᠳᠠᠯᠳᠤᠭᠠᠨ ᠤ ᠳᠠᠭᠠᠭᠤᠯᠤᠭᠴᠢ 100 ᠬᠥᠮᠦᠨ᠂ ᠣᠷᠣᠨ ᠨᠤᠲᠤᠭ ᠤᠨ ᠰᠦᠯᠵᠢᠶᠡᠨ ᠣᠳᠣᠨ 20 ᠨᠡᠷᠡᠰ ᠢ ᠬᠦᠮᠦᠵᠢᠭᠦᠯᠵᠦ᠂ ᠰᠦᠯᠵᠢᠶᠡᠨ ᠳᠡᠭᠡᠷᠡᠬᠢ ᠪᠠ ᠪᠣᠳᠠᠳᠣ ᠬᠡᠷᠡᠭᠯᠡᠭᠡ ᠶᠢᠨ ᠬᠡᠪᠴᠢᠶ᠎ᠡ ᠶᠢ ᠦᠷᠭᠡᠳᠬᠡᠨ᠂ ᠰᠦᠯᠵᠢᠶᠡᠨ ᠤ ᠲᠣᠪᠴᠢᠳᠠᠬᠤ ᠨᠣᠷᠮ᠎ᠠ ᠶᠢ ᠳ᠋ᠦᠩᠰᠢᠭᠤᠷ ᠳᠠᠪᠠᠭᠤᠯᠵᠤ᠂ ᠪᠣᠷᠣᠯᠠᠭᠤᠯᠭ᠎ᠠ ᠶᠢᠨ ᠦᠷᠳᠡᠭ ᠢ 4000 ᠲᠦᠮᠡ ᠠᠴᠠ ᠳᠠᠪᠠᠭᠤᠯᠬᠤ ᠪᠠᠷ ᠴᠢᠷᠮᠠᠶᠢᠨ᠎ᠠ᠃ ︽ᠳᠥᠷᠪᠡᠨ ᠴᠠᠭ ᠤᠨ ᠦᠵᠦᠮᠦᠴᠢᠨ︾ ᠰᠣᠶᠣᠯ ᠵᠢᠭᠤᠯᠴᠢᠯᠠᠯ ᠤᠨ ᠨᠡᠷᠡᠲᠦ ᠲᠡᠮᠳᠡᠭ ᠢ ᠦᠷᠭᠦᠯᠵᠢᠯᠡᠨ ᠡᠭᠦᠳᠴᠦ᠂ ᠪᠦᠬᠦ ᠬᠤᠰᠢᠭᠤᠨ ᠤ ᠵᠤᠭᠠᠴᠠᠯ ᠤᠨ ᠶᠡᠷᠦᠩᠬᠡᠶ ᠲᠥᠯᠥᠪᠵᠢᠭᠦᠯᠭᠡ ᠶᠢ ᠲᠣᠭᠲᠠᠭᠠᠵᠤ᠂ 331᠂ 306 ᠨᠣᠮᠧᠷᠲᠦ ᠣᠯᠣᠰ ᠤᠨ ᠳᠡᠰ ᠤᠨ ᠵᠠᠰᠠᠮᠠᠯ ᠵᠠᠮ ᠢ ᠠᠰᠢᠭᠯᠠᠨ᠂ ᠡᠵᠢ ᠨᠠᠭᠤᠷ ︵ᠳᠠᠪᠣᠰᠣᠨ ᠲᠠᠯᠠᠪᠠᠢ︶ — ᠵᠡᠭᠦᠨ ᠬᠠᠲᠠᠪᠴᠢ ᠪᠣᠭᠤᠮᠲᠠ — ᠨᠠᠷᠢᠨ ᠭᠤᠤᠯ — ᠪᠣᠭᠳ᠋ᠬᠠᠭᠤᠯᠠ ᠬᠦᠷᠳᠡᠯᠡᠬᠢ《 ᠮᠢᠩᠭᠠᠨ ᠭᠠᠵᠠᠷ ᠤᠨ ᠬᠢᠯᠢ ᠬᠢᠵᠠᠭᠠᠷ ᠤᠨ ᠪᠠᠶᠢᠭᠠᠯᠢᠯᠢᠭ ᠠᠮᠢ ᠠᠬᠤᠶ ᠶᠢᠨ ᠵᠢᠭᠤᠯᠴᠢᠯᠠᠯ ᠤᠨ ᠵᠠᠮ ᠱᠤᠭᠤᠮ》᠎ ᠢ ᠨᠠᠷᠢᠨ ᠬᠢᠨᠠᠮᠠᠭᠠᠶ ᠰᠦᠪᠡᠭᠴᠢᠯᠡᠵᠦ᠂ ᠪᠣᠭᠳ᠋ᠬᠠᠭᠤᠯᠠ ᠶᠢᠨ ᠠᠮᠢ ᠠᠬᠤᠶ ᠶᠢᠨ ᠵᠢᠭᠤᠯᠴᠢᠯᠠᠯ ᠤᠨ ᠰᠠᠭᠤᠷᠢ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠤᠯᠢᠶᠠᠰᠤᠲᠠᠶ ᠠᠭᠤᠯᠠ ᠶᠢᠨ 3A ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠬᠤ ᠠᠵᠢᠯ ᠢ ᠰᠠᠶᠢᠲᠤᠷ ᠠᠳᠬᠤᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠬᠤᠰᠢᠭᠤ᠂ ᠰᠣᠮᠣ ᠪᠠᠯᠭᠠᠰᠣ᠂ ᠭᠠᠴᠠᠭ᠎ᠠ ᠭᠤᠷᠪᠠᠨ ᠱᠠᠲᠤᠨ ᠤ ᠪᠣᠳᠡᠰ ᠤᠨ ᠭᠦᠢᠯᠭᠡᠭᠡᠨ ᠤ ᠳᠣᠭᠢᠷᠠᠭᠤᠯᠤᠨ ᠬᠦᠷᠭᠡᠬᠦ ᠲᠣᠭᠳᠠᠯᠴᠠᠭ᠎ᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ︽ᠡᠬᠢ ᠪᠠᠶᠠᠯᠢᠭ ᠢ ᠬᠠᠮᠲᠤᠪᠠᠷ ᠡᠳ᠋ᠯᠡᠬᠦ᠂ ᠨᠢᠭᠡ ᠰᠦᠯᠵᠢᠶ᠎ᠡ ᠪᠠᠷ ᠦᠢᠯᠡᠴᠢᠯᠡᠭᠡ ᠬᠠᠩᠭᠠᠬᠤ᠂ ᠮᠡᠳᠡᠭᠡ ᠵᠠᠩᠭᠢ ᠶᠢ ᠬᠠᠷᠢᠯᠴᠠᠨ ᠨᠡᠪᠳᠡᠷᠡᠬᠦᠯᠬᠦ᠂ ᠲᠥᠬᠦᠮ ᠳᠦᠲᠡ ᠥᠨᠳᠥᠷ ᠪᠦᠲᠦᠮᠵᠢᠲᠡᠶ︾ ᠪᠣᠳᠡᠰ ᠤᠨ ᠭᠦᠢᠯᠭᠡᠭᠡᠨ ᠤ ᠬᠥᠭᠵᠢᠯᠲᠡ ᠶᠢᠨ ᠪᠠᠶᠢᠷᠢᠰᠢᠯ ᠢ ᠪᠦᠲᠦᠮᠵᠢᠲᠡᠶ ᠪᠠᠬᠢᠵᠢᠭᠦᠯᠦᠨ᠎ᠡ᠃ ᠵᠡᠭᠦᠨ ᠬᠠᠲᠠᠪᠴᠢ ᠪᠣᠭᠤᠮᠲᠠ ᠶᠢᠨ ᠳᠠᠪᠴᠠᠩ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠮᠣᠩᠭᠤᠯ ᠤᠯᠤᠰ ᠤᠨ ᠬᠥᠷᠰᠢ ᠵᠡᠷᠭᠡᠯᠡᠳᠡᠭᠡ ᠠᠶᠢᠮᠠᠭ ᠬᠤᠲᠠ ᠲᠠᠢ ᠠᠷᠠᠯᠵᠢᠶ᠎ᠠ ᠬᠤᠳᠠᠯᠳᠤᠭ᠎ᠠ᠂ ᠬᠢᠯᠢ ᠶᠢᠨ ᠵᠢᠭᠤᠯᠴᠢᠯᠠᠯ ᠵᠡᠷᠭᠡ ᠣᠯᠠᠨ ᠲᠠᠯ᠎ᠠ ᠳᠠᠬᠢ ᠬᠠᠮᠳᠣᠷᠠᠯᠴᠠᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠤᠶᠠᠷ ᠣᠯᠣᠰ ᠤᠨ ᠶᠠᠪᠤᠯᠴᠠᠭ᠎ᠠ ᠶᠢ ᠨᠠᠩ ᠥᠨᠳᠥᠷ ᠲᠦᠪᠰᠢᠨ ᠳᠤ ᠬᠦᠷᠭᠡᠨ᠎ᠡ᠃ ᠡᠭᠦᠨ ᠤ ᠬᠠᠮᠲᠤ᠂ ᠬᠡᠷ ᠭᠠᠵᠠᠷ ᠬᠦᠷᠦᠩᠭᠡ᠂ ᠢᠳᠡᠭᠡᠨ ᠣᠮᠳᠠᠭᠠᠨ ᠪᠠᠭᠤᠳᠠᠯ ᠵᠡᠷᠭᠡ ᠤᠯᠠᠮᠵᠢᠯᠠᠯᠲᠤ ᠦᠢᠯᠡᠴᠢᠯᠡᠭᠡᠨ ᠤ ᠦᠢᠯᠡᠰ ᠢ ᠠᠬᠢᠭᠤᠯᠣᠨ᠂ ᠠᠭᠤᠷᠬᠠᠶ ᠶᠢᠨ ᠠᠵᠤ ᠠᠬᠤᠶᠢᠯᠠᠯ ᠤᠨ ᠦᠢᠯᠡᠳᠪᠦᠷᠢᠯᠡᠯ ᠤᠨ ᠴᠢᠨᠠᠷᠲᠠᠶ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠦᠨ ᠰᠢᠯᠢᠳᠡᠭᠵᠢᠭᠦᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ᠂ ᠰᠢᠨ᠎ᠡ ᠭᠠᠶᠢᠯᠢ ᠶᠢᠨ ᠢᠷᠡᠯᠲᠡ ᠶᠢ ᠪᠤᠶᠢᠵᠢᠭᠤᠯᠬᠤ ᠳᠡᠭᠡᠷ᠎ᠡ ᠬᠦᠴᠦ ᠲᠠᠯᠪᠢᠵᠤ ᠰᠢᠪᠲᠤᠯᠤᠯᠲᠠ ᠭᠠᠷᠭᠠᠵᠤ᠂ ᠡᠯ᠎ᠡ ᠲᠥᠷᠥᠯ ᠤᠨ ᠦᠢᠯᠡᠴᠢᠯᠡᠭᠡᠨ ᠤ ᠦᠢᠯᠡᠰ ᠢ ᠲᠦᠷᠭᠡᠨ ᠮᠦᠷᠳᠡᠭᠡᠨ ᠡᠷᠡᠭᠦᠯ ᠢᠶᠠᠷ ᠬᠥᠭᠵᠢᠭᠦᠯᠦᠨ᠎ᠡ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠭᠠᠶᠢᠯᠢ ᠶᠢ ᠪᠤᠴᠠᠭᠠᠬᠤ ᠵᠡᠷᠭᠡ ᠠᠵᠤ ᠠᠬᠤᠶᠢᠯᠠᠯ ᠳᠤ ᠠᠰᠢᠭ ᠬᠦᠷᠲᠡᠭᠡᠬᠦ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠮᠥᠩᠭᠦᠨ ᠭᠦᠢᠯᠭᠡᠭᠡᠨ ᠤ ᠦᠢᠯᠡᠴᠢᠯᠡᠭᠡ ᠶᠢ ᠴᠢᠩᠭᠠᠳᠬᠠᠨ᠂ ᠵᠠᠬ᠎ᠠ ᠳᠡᠯᠭᠡᠭᠦᠷ ᠤᠨ ᠪᠡᠶᠡᠴᠢ ᠴᠣᠭᠴᠠ ᠶᠢᠨ ᠢᠳᠡᠪᠬᠢᠵᠢᠯ ᠢ ᠳᠡᠭᠡᠭᠰᠢᠯᠡᠬᠦᠯᠦᠨ᠎ᠡ᠃      ︵ᠭᠤᠷᠪᠠ︶ ᠲᠥᠷᠥᠯ ᠵᠦᠢᠯ ᠤᠨ ᠪᠠᠶᠢᠭᠤᠯᠣᠯᠲᠠ ᠳᠤ ᠰᠢᠪᠲᠤᠯᠤᠯᠲᠠ ᠬᠢᠬᠦ ᠳᠤ ᠬᠦᠴᠦᠨ ᠢᠶᠠᠨ ᠲᠦᠪᠯᠡᠷᠡᠬᠦᠯᠵᠣ᠂ ᠠᠵᠤ ᠠᠬᠤᠶ ᠶᠢᠨ ᠬᠥᠭᠵᠢᠯᠲᠡ ᠶᠢᠨ ᠰᠢᠨ᠎ᠡ ᠬᠥᠳᠡᠯᠭᠡᠬᠦ ᠬᠦᠴᠦᠨ ᠢ ᠴᠢᠩᠭᠠᠷᠠᠭᠤᠯᠤᠨ᠎ᠠ᠃        ᠨᠢᠭᠡ᠂ ᠴᠢᠬᠤᠯᠠ ᠶᠡᠭᠡ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠵᠤ ᠦᠢᠯᠡᠰ ᠤᠨ ᠬᠦᠭᠵᠢᠯᠲᠡ ᠶᠢᠨ ᠬᠡᠯᠪᠡᠷᠢ ᠶᠢ ᠬᠤᠪᠢᠷᠠᠭᠤᠯᠬᠤ᠂ ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ ᠵᠡᠷᠭᠡ ᠭᠤᠣᠯᠳᠠᠯᠭᠠᠳᠣ ᠬᠦᠷᠢᠶᠡᠨ ᠤ ᠲᠣᠭᠤᠷᠢᠨ ᠳᠤ ᠳᠦᠷᠦ ᠶᠢᠨ ᠪᠤᠳᠤᠯᠭ᠎ᠠ᠂ ᠳᠦᠷᠦᠯ ᠵᠦᠢᠯ᠂ ᠬᠠᠷᠢᠭᠤᠴᠠᠯᠭ᠎ᠠ ᠶᠢᠨ ︽ᠭᠤᠷᠪᠠᠨ ᠬᠠᠭᠤᠳᠠᠰᠤ︾᠎ ᠶᠢ ᠲᠣᠭᠲᠠᠭᠠᠵᠤ᠂ ᠳᠦᠷᠦᠯ ᠵᠦᠢᠯ ᠢ ᠨᠠᠶᠢᠳᠠᠪᠣᠷᠢᠵᠢᠭᠤᠯᠤᠨ᠎ᠠ᠃ 2023 ᠣᠨ ᠳᠤ ᠪᠡᠯᠡ ᠣᠷᠣᠭᠤᠯᠣᠯᠲᠠ ᠨᠢ 500 ᠲᠦᠮᠡᠨ ᠲᠦᠭᠦᠷᠢᠭ ᠠᠴᠠ ᠳᠡᠭᠡᠭᠰᠢᠬᠢ ᠭᠤᠣᠯᠳᠠᠯᠭᠠᠲᠤ ᠲᠦᠷᠦᠯ ᠵᠦᠢᠯ ᠢ 43 ᠲᠣᠬᠢᠷᠠᠭᠤᠯᠵᠤ᠂ ᠶᠡᠷᠦᠩᠬᠡᠢ ᠪᠡᠯᠡ ᠣᠷᠤᠭᠤᠯᠤᠯᠲᠠ ᠶᠢ 20.22 ᠳ᠋ᠦᠩᠰᠢᠭᠤᠷ ᠲᠦᠭᠦᠷᠢᠭ ᠲᠤ ᠬᠦᠷᠭᠡᠵᠦ᠂ ᠡᠭᠦᠨ ᠳᠤ 10 ᠲᠥᠷᠥᠯ ᠵᠦᠢᠯ ᠢ ᠠᠶᠢᠮᠠᠭ ᠤᠨ ᠲᠠᠰ ᠤᠨ ᠭᠤᠣᠯᠳᠠᠯᠭᠠᠳᠣ ᠳᠦᠷᠦᠯ ᠵᠦᠢᠯ ᠳᠤ ᠣᠷᠣᠭᠤᠯᠤᠨ᠂ ᠶᠡᠷᠦᠩᠬᠡᠢ ᠪᠡᠯᠡ ᠣᠷᠤᠭᠤᠯᠤᠯᠲᠠ ᠶᠢ 10.7 ᠳ᠋ᠦᠩᠰᠢᠭᠤᠷ ᠲᠥᠭᠦᠷᠢᠭ ᠲᠤ ᠬᠦᠷᠭᠡᠵᠦ᠂ ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠵᠤ᠂ 4 ᠰᠠᠷ᠎ᠠ ᠶᠢᠨ 15᠎ ᠤ ᠡᠳᠦᠷ ᠲᠥᠪᠯᠡᠷᠡᠭᠦᠯᠦᠨ ᠠᠵᠢᠯ ᠡᠬᠢᠯᠡᠭᠦᠯᠦᠨ᠎ᠡ᠃ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠪᠡᠯᠡ ᠣᠷᠣᠭᠤᠯᠤᠯᠲᠠ ᠶᠢᠨ ᠰᠢᠨ᠎ᠡ ᠤᠳᠤᠷᠢᠳᠤᠮᠵᠢ ᠶᠢ ᠨᠢᠭᠳᠠ ᠠᠩᠬᠠᠷᠴᠤ᠂ ᠠᠵᠤ ᠦᠢᠯᠡᠰ ᠤᠨ ᠬᠥᠭᠵᠢᠯᠲᠡ᠂ ᠨᠡᠶᠢᠭᠡᠮ ᠠᠷᠠᠳ ᠤᠨ ᠠᠮᠢᠳᠤᠷᠠᠯ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠭᠤᠣᠯᠳᠠᠯᠭ᠎ᠠ ᠲᠠᠢ ᠣᠷᠤᠨ ᠬᠦᠷᠢᠶᠡᠨ ᠳᠤ ᠨᠢᠭᠡ ᠪᠦᠯᠦᠭ ᠳᠡᠭᠡᠷ᠎ᠡ ᠱᠠᠲᠤᠨ ᠤ ᠲᠥᠰᠥᠪ ᠤᠨ ᠪᠡᠯᠡ ᠣᠷᠣᠭᠤᠯᠤᠯᠲᠠ ᠪᠠ ᠠᠵᠢᠯ ᠲᠥᠷᠥᠯ ᠤᠨ ᠲᠤᠰᠬᠠᠢ ᠪᠡᠯᠡ ᠣᠷᠣᠭᠤᠯᠤᠯᠲᠠ ᠶᠢᠨ ᠲᠥᠷᠥᠯ ᠵᠦᠢᠯ ᠢ ᠰᠦᠪᠡᠭᠴᠢᠯᠡᠨ ᠡᠷᠡᠮᠡᠯᠵᠡᠯᠡᠵᠣ᠂ ᠪᠥᠬᠦ ᠲᠠᠯ᠎ᠠ ᠶᠢ ᠬᠠᠮᠤᠷᠤᠭᠰᠠᠨ᠂ ᠪᠦᠲᠦᠴᠡ ᠨᠢ ᠵᠦᠢ ᠵᠣᠬᠢᠰᠲᠠᠢ᠂ ᠳᠡᠰ ᠳᠠᠪᠬᠤᠷᠭ᠎ᠠ ᠨᠢ ᠲᠣᠳᠣᠷᠬᠠᠢ᠂ ᠶᠠᠰᠤ ᠴᠢᠨᠠᠷ ᠨᠢ ᠰᠠᠶᠢᠨ ᠲᠥᠷᠥᠯ ᠵᠦᠢᠯ ᠤᠨ ᠨᠥᠬᠡᠴᠡ ᠬᠥᠮᠥᠷᠭᠡ ᠶᠢ ᠪᠠᠶᠢᠭᠤᠯᠤᠨ᠎ᠠ      ᠬᠤᠶᠠᠷ ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠶᠢ ᠪᠥᠬᠦ ᠬᠦᠴᠦᠨ ᠢᠶᠠᠷ ᠢᠶᠠᠨ ᠥᠷᠨᠢᠭᠦᠯᠦᠨ᠎ᠡ᠃ ᠬᠥᠭᠵᠢᠯᠲᠡ ᠶᠢᠨ ᠠᠵᠠ ᠲᠣᠬᠢᠶᠠᠯ ᠢ ᠡᠵᠡᠮᠳᠡᠵᠦ᠂ ᠪᠦᠬᠦ ᠬᠤᠰᠢᠭᠤᠨ ᠤ ᠪᠡᠯᠡ ᠣᠷᠣᠭᠤᠯᠵᠤ ᠠᠵᠣ ᠦᠢᠯᠡᠰ ᠢ ᠬᠥᠭᠵᠢᠭᠦᠯᠬᠦ ᠳᠠᠪᠠᠭᠤᠯᠢᠭ ᠢᠶᠠᠨ ᠪᠠᠳᠠᠷᠠᠭᠤᠯᠵᠤ᠂ ᠪᠡᠭᠡᠵᠢᠩ᠂ ᠱᠠᠩᠬᠠᠶ᠂ ᠬᠠᠩᠵᠧᠦ ᠵᠡᠷᠭᠡ ᠭᠠᠵᠠᠷ ᠣᠷᠣᠨ ᠲᠠᠢ ᠢᠳᠡᠪᠬᠢᠲᠡᠶ ᠪᠠᠷ ᠬᠠᠷᠢᠯᠴᠠᠵᠤ᠂ ︽ᠲᠣᠷᠭ᠎ᠠ ᠳᠤᠷᠳᠤᠩ ᠤᠨ ᠦᠵᠡᠰᠬᠦᠯᠡᠩ︾ ︽ᠭᠠᠳᠠᠭᠠᠲᠤ ᠣᠷᠤᠭᠤᠯᠤᠯᠲᠠ ᠶᠢᠨ ᠦᠵᠡᠰᠬᠦᠯᠡᠩ ︾ ᠵᠡᠷᠭᠡ ᠲᠠᠪᠴᠠᠩ ᠢ ᠠᠰᠢᠭᠯᠠᠨ᠂ 4 ᠳᠤᠭᠤᠶᠢᠯᠠᠩ᠂ 10 ᠠᠷᠠᠯᠵᠢᠶᠠᠴᠢᠨ ᠤᠷᠢᠬᠤ ᠬᠡᠯᠬᠢᠶ᠎ᠡ ᠪᠠᠷ ᠠᠴᠢᠶᠠᠯᠠᠪᠤᠷᠢ ᠪᠣᠯᠭᠠᠵᠤ᠂ ᠲᠠᠪᠴᠠᠩ᠂ ᠰᠦᠯᠵᠢᠶ᠎ᠡ᠂ ᠠᠵᠤ ᠠᠬᠤᠶᠢᠯᠠᠯᠲᠠᠨ ᠢᠶᠠᠷ ᠠᠷᠠᠯᠵᠢᠶᠠᠴᠢᠨ ᠤᠷᠢᠬᠤ ᠶᠢ ᠴᠢᠩᠭᠠᠷᠠᠭᠤᠯᠵᠤ᠂ ᠪᠣᠬᠢᠷᠲᠤᠯ ᠥᠬᠡᠶ ᠮᠠᠯ ᠠᠵᠤ ᠠᠬᠤᠶ᠂ ᠨᠠᠷᠢᠯᠢᠭ ᠡᠳ᠋ᠰᠢᠭᠦᠯᠬᠦ᠂ ᠨᠠᠷᠠᠲᠤ ᠲᠡᠮᠳᠡᠭᠲᠦ ᠶᠢ ᠡᠬᠦᠳᠬᠦ᠂ ᠢᠳᠡᠭᠡᠨ ᠤᠮᠳᠠᠭᠠᠨ ᠤ ᠬᠡᠯᠬᠢᠶᠡᠰᠣ ᠶᠢᠨ ᠬᠠᠩᠭᠠᠯᠭ᠎ᠠ ᠵᠡᠷᠭᠡ ᠪᠥᠬᠦ ᠭᠤᠭᠴᠤᠭ᠎ᠠ ᠶᠢᠨ ᠲᠣᠭᠤᠷᠢᠨ ᠳᠤ ᠠᠷᠠᠯᠵᠢᠶᠠᠴᠢᠨ ᠤᠷᠢᠬᠤ ᠲᠥᠷᠥᠯ ᠵᠦᠢᠯ ᠢ ᠲᠦᠰᠦᠪᠯᠡᠵᠣ᠂ ᠳᠠᠭᠠᠭᠤᠯᠣᠭᠴᠢ ᠠᠵᠤ ᠠᠬᠤᠶᠢᠯᠠᠯ ᠢ ᠳᠠᠳᠠᠨ ᠣᠷᠣᠭᠤᠯᠵᠣ᠂ ᠡᠯᠪᠡᠭ ᠪᠠᠶᠠᠯᠢᠭ ᠮᠠᠯ ᠤᠨ ᠠᠰᠢᠭ ᠰᠢᠮ᠎ᠡ ᠶᠢᠨ ᠳᠠᠭᠠᠯᠲᠠ ᠪᠦᠲᠦᠭᠡᠭᠳᠡᠬᠦᠨ ᠤ ᠡᠬᠢ ᠪᠠᠶᠠᠯᠢᠭ ᠲᠤ ᠰᠠᠭᠤᠷᠢᠯᠠᠨ᠂ ᠵᠢᠯ ᠳᠤ 300 ᠲᠣᠨ ᠬᠤᠨᠢᠨ ᠠᠷᠠᠰᠤᠨ ᠤ ᠴᠠᠪᠠᠤᠯᠢᠭ ᠤᠭᠤᠷᠠᠭ ᠤᠨ ᠫᠧᠫᠲ᠋ᠢᠳ᠋ ᠪᠠ 1000 ᠲᠣᠨ ᠲᠤᠩᠭᠠᠯᠠᠭ ᠴᠠᠪᠠᠤ ᠦᠢᠯᠡᠳᠪᠦᠷᠢᠯᠡᠬᠦ ᠲᠥᠷᠥᠯ ᠵᠦᠢᠯ ᠵᠡᠷᠭᠡ ᠨᠢᠭᠡ ᠪᠦᠯᠦᠭ ᠭᠡᠷ᠎ᠡ ᠲᠣᠭᠲᠠᠭᠰᠠᠨ ᠲᠥᠷᠥᠯ ᠵᠦᠢᠯ ᠢ ᠠᠰᠢᠭᠯᠠᠯᠲᠠ ᠳᠤ ᠣᠷᠣᠭᠤᠯᠤᠨ᠎ᠠ᠃ ᠪᠣᠭᠤᠮᠲᠠ ᠶᠢᠨ ᠪᠣᠳᠠᠰ ᠤᠨ ᠭᠦᠢᠯᠭᠡᠭᠡᠨ ᠤ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠲᠦᠰᠢᠭᠯᠡᠨ᠂ ᠭᠠᠳᠠᠭᠠᠳᠤ ᠠᠷᠠᠯᠵᠢᠶᠠᠨ ᠤ ᠠᠵᠤ ᠦᠢᠯᠡᠰ ᠤᠨ ᠬᠡᠯᠬᠢᠶᠡᠰᠦ ᠶᠢ ᠪᠦᠲᠦᠭᠡᠨ ᠪᠠᠶᠢᠭᠤᠯᠬᠤ ᠲᠤᠭᠤᠷᠢᠨ ᠳᠤ ᠭᠤᠤᠯᠳᠠᠯᠭ᠎ᠠ ᠲᠠᠢ ᠲᠥᠷᠥᠯ ᠵᠦᠢᠯ ᠢ  ᠳᠠᠳᠠᠨ ᠣᠷᠣᠭᠤᠯᠤᠨ᠎ᠠ᠃ ᠭᠤᠣᠯᠳᠠᠯᠭᠠᠲᠤ ᠠᠵᠤ ᠠᠬᠤᠶᠢᠯᠠᠯ ᠳᠤ ᠢᠳᠡᠪᠬᠢᠲᠡᠢ ᠦᠢᠯᠡᠴᠢᠯᠡᠵᠦ᠂ ᠲᠥᠷᠥᠯ ᠵᠦᠢᠯ ᠤᠨ ᠦᠷ᠎ᠡ ᠪᠦᠲᠦᠮᠵᠢ ᠶᠢ ᠪᠠᠲᠤᠯᠠᠵᠤ᠂ ᠠᠮᠠᠯᠠᠭᠰᠠᠨ ᠵᠦᠢᠯᠡᠰ ᠢᠶᠠᠨ ᠪᠡᠶᠡᠯᠡᠭᠦᠯᠦᠨ᠎ᠡ᠃ ᠳᠤᠮᠳᠠᠳᠤ ᠤᠯᠤᠰ ᠤᠨ ᠰᠧᠨ ᠲᠢᠶᠠᠨ ᠠᠵᠤ ᠠᠬᠤᠶᠢᠯᠠᠯ ᠤᠨ ᠪᠦᠯᠦᠭᠯᠡᠯ ᠤᠨ ᠬᠢᠵᠠᠭᠠᠷᠲᠤ ᠺᠣᠮᠫᠠᠨᠢ ᠲᠠᠢ ᠪᠣᠳᠠᠳᠣ ᠬᠠᠮᠲᠤᠷᠠᠯᠴᠠᠭ᠎ᠠ ᠪᠠᠨ ᠦᠷᠭᠦᠯᠵᠢᠯᠡᠨ ᠴᠢᠩᠭᠠᠳᠬᠠᠵᠤ᠂ ᠬᠢᠯᠢ ᠠᠯᠤᠰᠯᠠᠭᠰᠠᠨ ᠲᠡᠮᠦᠷ ᠵᠠᠮ ᠤᠨ ᠪᠥᠲᠥᠭᠡᠨ ᠪᠠᠶᠢᠭᠤᠯᠤᠯᠲᠠ ᠶᠢᠨ ᠪᠣᠳᠠᠲᠤ ᠠᠬᠢᠴᠠ ᠲᠠᠢ ᠪᠣᠯᠬᠤ ᠶᠢ ᠲᠦᠷᠭᠡᠳᠭᠡᠨ᠂ ᠢ ᠳ᠋ᠠ ᠽᠦᠩ ᠬᠢᠵᠠᠭᠠᠷᠲᠤ ᠺᠣᠮᠫᠠᠨᠢ ᠶᠢᠨ ᠵᠢᠯᠣᠭᠤᠴᠢ ᠥᠬᠡᠶ ᠣᠶᠤᠨᠴᠢ ᠪᠣᠳᠠᠰ ᠤᠨ ᠭᠦᠢᠯᠭᠡᠭᠡᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠪᠣᠭᠤᠮᠲᠠ ᠶᠢᠨ ᠤᠶᠤᠨᠴᠢᠯᠠᠭᠰᠠᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠡᠵᠢᠨᠠᠭᠤᠷ ᠳᠠᠪᠤᠰᠤᠨ ᠨᠠᠭᠤᠷ᠂ ᠤᠯᠤᠰ ᠤᠨ ᠡᠭᠦᠳᠡ᠂ ᠪᠣᠭᠳ᠋ᠬᠠᠭᠤᠯᠠ ᠤᠯᠤᠰ ᠤᠨ ᠳᠡᠰ ᠤᠨ ᠣᠶ ᠰᠢᠭᠤᠶ ᠶᠢᠨ ᠴᠡᠴᠡᠷᠯᠢᠭ᠂ ᠤᠯᠢᠶᠠᠰᠤᠲᠠᠶ ᠠᠭᠤᠯᠠ ᠵᠡᠷᠭᠡ ᠶᠢ ᠨᠡᠭᠡᠭᠡᠨ ᠬᠥᠭᠵᠢᠭᠦᠯᠬᠦ ᠳᠤ ᠲᠦᠰᠢᠭᠯᠡᠨ ᠂ ᠵᠢᠭᠤᠯᠴᠢᠯᠠᠯ ᠤᠨ ᠡᠬᠢ ᠪᠠᠶᠠᠯᠢᠭ ᠢ ᠨᠡᠭᠡᠭᠡᠨ ᠬᠥᠭᠵᠢᠭᠦᠯᠬᠦ᠂ ᠦᠵᠡᠮᠵᠢ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠂ ᠨᠠᠷᠠᠲᠤ ᠲᠡᠮᠳᠡᠭᠲᠦ ᠶᠢ ᠤᠬᠠᠭᠤᠯᠬᠤ᠂ ᠰᠠᠭᠤᠷᠢ ᠲᠦᠭᠦᠭᠡᠷᠣᠮᠵᠢ ᠶᠢ ᠢᠵᠢ ᠪᠥᠷᠢᠳᠦᠭᠦᠯᠬᠦ᠂ ᠰᠣᠶᠣᠯ ᠴᠡᠩᠭᠡᠯ ᠤᠨ ᠦᠢᠯᠡᠰ ᠢ ᠪᠤᠶᠢᠵᠢᠭᠤᠯᠬᠤ ᠵᠡᠷᠭᠡ ᠰᠠᠭᠤᠷᠢ ᠴᠢᠨᠠᠷᠲᠠᠢ᠂ ᠳᠣᠳᠠᠭᠳᠠᠯ ᠢ ᠨᠥᠬᠦᠪᠥᠷᠢᠯᠡᠬᠦ᠂ ᠪᠠᠭᠤᠷᠠᠶ ᠲᠠᠯ᠎ᠠ ᠶᠢ ᠬᠦᠴᠦᠷᠭᠡᠭᠵᠢᠬᠦᠯᠬᠦ ᠲᠥᠷᠥᠯ ᠵᠦᠢᠯ ᠤᠨ ᠲᠣᠭᠤᠷᠢᠨ ᠳᠤ᠂ ᠨᠠᠷᠢᠯᠢᠭ ᠣᠨᠣᠪᠴᠢᠳᠠᠢ ᠪᠠᠷ ᠠᠷᠠᠯᠵᠢᠶᠠᠴᠢᠨ ᠤᠷᠢᠵᠦ᠂ ᠵᠢᠭᠤᠯᠴᠢᠯᠠᠯ ᠤᠨ ᠦᠢᠯᠡᠰ ᠢ ᠠᠵᠤ ᠠᠬᠤᠶ ᠶᠢᠨ ᠰᠢᠨ᠎ᠡ ᠨᠡᠮᠡᠭᠳᠡᠯ ᠤᠨ ᠴᠡᠭ ᠪᠣᠯᠭᠠᠬᠤ ᠶᠢ ᠠᠬᠢᠭᠤᠯᠤᠨ᠎ᠠ᠃      ︵ᠳᠥᠷᠪᠡ︶ ᠥᠭᠡᠷᠡᠴᠢᠯᠡᠯᠲᠡ ᠬᠢᠵᠦ ᠰᠢᠨ᠎ᠡ ᠶᠢ ᠡᠬᠦᠳᠬᠦ ᠳᠤ ᠬᠦᠴᠦᠨ ᠢᠶᠠᠨ ᠲᠦᠪᠯᠡᠷᠡᠬᠦᠯᠵᠣ᠂ ᠣᠷᠣᠨ ᠪᠦᠰᠡ ᠶᠢᠨ ᠥᠷᠢᠰᠥᠯᠳᠦᠭᠡᠨ ᠤ ᠰᠢᠨ᠎ᠡ ᠳᠠᠪᠠᠭᠤᠯᠢᠭ ᠢ ᠴᠢᠷᠮᠠᠶᠢᠨ ᠡᠬᠦᠳᠦᠨ᠎ᠡ᠃      ᠨᠢᠭᠡ᠂ ᠥᠭᠡᠷᠡᠴᠢᠯᠡᠯᠲᠡ ᠶᠢ ᠦᠷᠭᠦᠯᠵᠢᠯᠡᠨ ᠪᠦᠬᠦ ᠲᠠᠯ᠎ᠠ ᠪᠠᠷ ᠭᠦᠨᠵᠡᠭᠡᠶᠢᠷᠡᠭᠦᠯᠦᠨ᠎ᠡ᠃ ︽ᠪᠠᠭᠤᠯᠭᠠᠬᠤ᠂ ᠬᠠᠮᠢᠶᠠᠷᠬᠤ᠂ ᠦᠢᠯᠡᠴᠢᠯᠡᠬᠦ︾ ᠥᠭᠡᠷᠡᠴᠢᠯᠡᠯᠲᠡ ᠪᠠᠷ ᠭᠤᠤᠯ ᠰᠢᠵᠢᠮ ᠪᠣᠯᠭᠠᠬᠤ ᠶᠢ ᠪᠠᠷᠢᠮᠲᠠᠯᠠᠵᠤ᠂ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾᠂ ︽ᠨᠢᠭᠡ ᠰᠦᠯᠵᠢᠶ᠎ᠡ ᠪᠠᠷ ᠨᠢᠭᠡᠳᠦᠯᠲᠡᠶ ᠬᠠᠮᠢᠶᠠᠷᠬᠤ︾᠎ ᠶᠢ ᠰᠢᠯᠢᠳᠡᠭᠵᠢᠭᠦᠯᠦᠨ᠂ ︽ᠮᠦᠩᠭᠡ ᠰᠣᠪᠠᠭ ᠢᠶᠠᠷ ᠭᠦᠢᠴᠡᠳᠬᠡᠬᠦ · ᠳᠥᠷᠪᠡ ᠶᠢ ᠭᠦᠢᠴᠡᠳᠬᠡᠬᠦ︾ ᠦᠢᠯᠡᠴᠢᠯᠡᠭᠡ ᠶᠢ ᠭᠦᠨᠵᠡᠭᠡᠶᠢᠷᠡᠭᠦᠯᠵᠦ᠂ ᠰᠤᠷᠭᠠᠨ ᠬᠥᠮᠦᠵᠢᠯ᠂ ᠨᠡᠶᠢᠭᠡᠮ ᠤᠨ ᠪᠠᠲᠤᠯᠠᠭ᠎ᠠ᠂ ᠡᠮ ᠡᠮᠨᠡᠯᠭᠡ ᠪᠠ ᠠᠵᠤ ᠠᠬᠤᠶᠢᠯᠠᠯ ᠡᠷᠭᠢᠯᠡᠬᠦ᠂ ᠡᠵᠡᠩᠨᠡᠯᠲᠡ ᠬᠢᠬᠦ ᠵᠥᠪᠰᠢᠶᠡᠷᠡᠯ ᠵᠡᠷᠭᠡ ᠶᠢ ︽ᠨᠢᠭᠡ ᠯᠡ ᠤᠳᠠᠭ᠎ᠠ ᠳᠤ ᠭᠦᠢᠴᠡᠳᠬᠡᠬᠦ︾᠂ ︽ᠠᠯᠠᠭᠠᠨ ᠳᠡᠭᠡᠷ᠎ᠡ ᠪᠠᠨ ᠭᠦᠢᠴᠡᠳᠬᠡᠬᠦ︾᠂ ︽ᠮᠤᠵᠢ ᠠᠯᠤᠰᠯᠠᠨ ᠨᠡᠶᠢᠳᠡᠮ ᠭᠦᠢᠴᠡᠳᠬᠡᠬᠦ︾᠎ ᠶᠢ ᠪᠡᠶᠡᠯᠡᠭᠦᠯᠵᠦ᠂ ᠨᠠᠩ ᠣᠯᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠠᠮᠠᠯᠠᠯᠲᠠ ᠬᠢᠬᠦ︾ ᠪᠠᠶᠢᠭᠰᠠᠨ ᠠᠴᠠ ︽ᠳᠠᠷᠣᠢ ᠳᠤᠨᠢ ᠭᠦᠢᠴᠡᠳᠬᠡᠬᠦ︾ ᠳᠠᠰᠢ ᠬᠤᠪᠢᠷᠠᠭᠤᠯᠤᠨ᠎ᠠ᠃ 12345 ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠤᠲᠠᠰᠤ ᠶᠢ ᠨᠡᠪᠳᠡᠷᠡᠬᠦᠯᠵᠣ᠂ ︽ᠬᠤᠶᠠᠷ ᠢ ᠲᠠᠰᠢᠷᠠᠮ ᠢᠶᠠᠷ ᠪᠠᠶᠢᠴᠠᠭᠠᠵᠣ᠂ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠦᠨᠡᠯᠡᠯᠲᠡ ᠬᠢᠬᠦ︾ ᠵᠡᠷᠭᠡ ᠮᠡᠳᠡᠭᠡ ᠵᠠᠩᠬᠢ ᠶᠢ ᠨᠡᠪᠳᠡᠷᠡᠬᠦᠯᠵᠣ᠂ ᠤᠯᠠᠨ ᠲᠦᠮᠡᠨ ᠤ ᠲᠤᠰᠬᠠᠭᠰᠠᠨ ᠵᠦᠢᠯ ᠢ ᠬᠠᠷᠢᠭᠤᠴᠠᠬᠤ ᠬᠥᠮᠦᠨ ᠲᠠᠢ᠂ ᠰᠢᠢᠳᠪᠦᠷᠢᠯᠡᠬᠦ ᠬᠥᠮᠦᠨ ᠲᠠᠢ ᠪᠣᠯᠭᠠᠨ᠎ᠠ᠃ ᠵᠠᠰᠠᠭ ᠵᠠᠬᠢᠷᠭᠠᠨ ᠤ ᠵᠥᠪᠰᠢᠶᠡᠷᠡᠯ ᠤᠨ ᠨᠠᠷᠢᠨ ᠬᠠᠭᠤᠳᠠᠰᠤ ᠶᠢᠨ ᠬᠠᠮᠢᠶᠠᠷᠤᠯᠲᠠ ᠶᠢ ᠬᠡᠷᠡᠭᠵᠢᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠲᠦᠯᠬᠢᠨ ᠠᠬᠢᠭᠤᠯᠤᠨ᠎ᠠ᠃ ᠳᠤᠮᠳᠠ ᠵᠢᠵᠢᠭ ᠠᠵᠤ ᠠᠬᠤᠶᠢᠯᠠᠯ᠂ ᠨᠡᠶᠢᠲᠡ ᠶᠢᠨ ᠥᠮᠴᠢᠯᠡᠯ ᠤᠨ ᠪᠤᠰᠤ ᠠᠵᠤ ᠠᠬᠤᠶ ᠶᠢᠨ ᠬᠥᠭᠵᠢᠯᠲᠡ ᠶᠢᠨ ᠡᠯ᠎ᠡ ᠵᠦᠢᠯ ᠤᠨ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠎ ᠳᠤ ᠵᠣᠬᠢᠴᠠᠭᠤᠯᠤᠨ ᠲᠥᠷᠥ ᠶᠢᠨ ᠪᠣᠳᠣᠯᠭ᠎ᠠ ᠳᠣᠭᠳᠠᠭᠠᠬᠤ᠂ ᠨᠢᠭᠡ ᠠᠵᠤ ᠠᠬᠤᠶᠢᠯᠠᠯ ᠳᠤ ᠨᠢᠭᠡ ᠲᠥᠷᠥ ᠶᠢᠨ ᠪᠣᠳᠣᠯᠭ᠎ᠠ ᠲᠣᠭᠳᠠᠭᠠᠬᠤ ᠶᠢ ᠪᠠᠷᠢᠮᠲᠠᠯᠠᠨ᠂ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠲᠦᠭᠡᠮᠡᠯ ᠬᠠᠷᠠᠭᠠᠯᠵᠠᠯᠲᠤ ᠮᠥᠩᠭᠦᠨ ᠭᠦᠢᠯᠭᠡᠭᠡ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠭᠵᠢᠭᠤᠯᠵᠣ᠂ ᠪᠠᠯᠠ ᠮᠦᠩᠭᠦ ᠴᠣᠭᠯᠠᠭᠤᠯᠬᠤ ᠳᠤ ᠳᠠᠭᠠᠭᠠᠯᠲᠠ ᠬᠢᠬᠦ ᠳᠣᠭᠲᠠᠯᠴᠠᠭ᠎ᠠ ᠶᠢ ᠢᠳᠡᠪᠬᠢᠲᠡᠶ ᠪᠠᠶᠢᠭᠤᠯᠤᠨ᠂ ᠮᠥᠩᠭᠦᠨ ᠭᠦᠢᠯᠭᠡᠭᠡᠨ ᠤ ᠦᠢᠯᠡᠴᠢᠯᠡᠭᠡᠨ ᠤ ᠦᠷ᠎ᠡ ᠪᠦᠲᠦᠮᠵᠢ ᠶᠢ ᠳᠡᠭᠡᠭᠰᠢᠯᠡᠭᠦᠯᠵᠦ᠂ ᠦᠢᠯᠡᠳᠪᠦᠷᠢᠯᠡᠯ ᠡᠵᠡᠩᠨᠡᠯᠲᠡ ᠶᠢᠨ ᠥᠪᠡᠷ ᠤᠨ ᠥᠷᠲᠡᠭ ᠢ ᠦᠨᠡᠨᠬᠦ ᠪᠠᠭᠤᠷᠠᠭᠤᠯᠤᠨ᠎ᠠ᠃      ᠬᠤᠶᠠᠷ᠂ ᠨᠡᠬᠡᠬᠡᠯᠳᠡ ᠬᠢᠵᠦ ᠬᠠᠮᠲᠤᠷᠠᠯᠴᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠤᠯᠤᠰ ᠤᠨ ︽ᠨᠢᠭᠡ ᠪᠦᠰᠡ ᠨᠢᠭᠡ ᠵᠠᠮ︾᠎ ᠤᠨ ᠪᠣᠳᠣᠯᠭ᠎ᠠ ᠪᠠ ᠮᠠᠨ ᠤ ᠣᠷᠣᠨ ᠤ ᠤᠮᠠᠷᠠᠰᠢ ᠨᠡᠭᠡᠭᠡᠯᠲᠡ ᠬᠢᠬᠦ ᠴᠢᠬᠤᠯᠠ ᠶᠡᠭᠡ ᠪᠠᠶᠢᠷᠢᠯᠠᠭᠤᠯᠤᠯᠲᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠵᠡᠭᠦᠨ ᠬᠤᠶᠢᠲᠤ ᠣᠷᠣᠨ ᠤ ᠡᠬᠡ ᠬᠠᠭᠤᠷᠠᠢ ᠲᠠᠯᠠᠢ ᠶᠢᠨ ᠰᠢᠨ᠎ᠡ ᠵᠠᠮ︾ ᠳᠠᠭᠠᠤ ᠭᠠᠵᠠᠷ ᠣᠷᠤᠨ ᠤ ᠬᠠᠮᠳᠣᠷᠠᠯᠴᠠᠭᠠᠨ ᠤ ᠬᠤᠯᠪᠣᠭᠠᠨ ᠳᠤ ᠢᠳᠡᠪᠬᠢᠲᠡᠢ ᠣᠷᠣᠯᠴᠠᠵᠤ᠂ ᠬᠥᠭᠵᠢᠭᠰᠡᠨ ᠭᠠᠵᠠᠷ ᠣᠷᠣᠨ᠂ ᠲᠠᠯᠠᠢ ᠶᠢᠨ ᠭᠠᠷᠠᠮ ᠤᠨ ᠭᠠᠵᠠᠷ ᠣᠷᠣᠨ᠂ ᠬᠥᠷᠰᠢ ᠵᠡᠷᠭᠡᠯᠡᠳᠡᠭᠡ ᠭᠠᠵᠠᠷ ᠣᠷᠣᠨ ᠲᠠᠢ ᠬᠠᠮᠲᠤᠷᠠᠯᠴᠠᠭ᠎ᠠ ᠪᠠᠨ ᠴᠢᠩᠭᠠᠳᠬᠠᠵᠤ᠂ ᠲᠠᠯᠠᠢ ᠳᠠᠭᠠᠤ ᠳᠤ ᠨᠡᠪᠲᠡᠷᠡᠬᠦ ᠰᠢᠨ᠎ᠡ ᠪᠠᠶᠢᠷᠢᠰᠢᠯ ᠢ ᠪᠤᠢ ᠪᠣᠯᠭᠠᠨ᠎ᠠ᠃ ᠬᠢᠯᠢ ᠶᠢᠨ ᠪᠣᠭᠤᠮᠲᠠ ᠶᠢᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠡᠭ ᠤᠷᠤᠨ ᠤ ᠦᠢᠯᠡᠳᠦᠯ ᠢ ᠭᠦᠢᠴᠡᠳ ᠪᠠᠳᠠᠷᠠᠭᠤᠯᠵᠤ᠂ ᠵᠡᠬᠦᠨ ᠬᠠᠳᠠᠪᠴᠢ ᠲᠡᠮᠦᠷ ᠵᠠᠮ ᠤᠨ ᠪᠣᠭᠤᠮᠲᠠ ᠶᠢ ᠨᠡᠬᠡᠭᠡᠬᠦ ᠡᠮᠦᠨᠡᠬᠢ ᠬᠤᠭᠤᠴᠠᠭᠠᠨ ᠤ ᠠᠵᠢᠯ ᠢ  ᠠᠬᠢᠭᠤᠯᠤᠨ᠂ ᠵᠠᠰᠠᠮᠠᠯ ᠵᠠᠮ ᠤᠨ ᠪᠣᠭᠤᠮᠲᠠ ᠶᠢᠨ ᠰᠠᠭᠤᠷᠢ ᠲᠦᠬᠦᠭᠡᠷᠦᠮᠵᠢ ᠶᠢ ᠪᠦᠬᠦ ᠲᠠᠯ᠎ᠠ ᠰᠠᠶᠢᠵᠢᠷᠠᠭᠤᠯᠵᠤ᠂ ᠤᠶᠤᠨᠴᠢ ᠪᠠᠷ ᠪᠣᠭᠤᠮᠲᠠ ᠨᠡᠪᠲᠡᠷᠡᠬᠦ᠂ ᠪᠠᠷᠠᠭᠠᠨ ᠤ ᠲᠡᠭᠡᠭᠡᠪᠦᠷᠢ ᠶᠢᠨ ᠵᠠᠮ᠂ ᠪᠠᠷᠠᠭᠠᠨ ᠤ ᠲᠡᠷᠭᠡ ᠶᠢ ᠪᠠᠶᠢᠴᠠᠭᠠᠨ ᠰᠢᠯᠭᠠᠬᠤ ᠰᠢᠰᠲ᠋ᠧᠮ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠠᠶᠠᠨᠴᠢᠳ ᠪᠠ ᠪᠠᠷᠠᠭ᠎ᠠ ᠶᠢ ᠰᠠᠯᠭᠠᠵᠤ  ᠨᠡᠪᠲᠡᠷᠡᠭᠦᠯᠦᠨ᠂ ᠪᠥᠬᠦ ᠲᠠᠯ᠎ᠠ ᠪᠠᠷ ᠣᠶᠤᠨᠴᠢ ᠪᠠᠷ ᠨᠡᠪᠲᠡᠷᠡᠬᠦ ᠶᠢ ᠪᠡᠶᠡᠯᠡᠭᠦᠯᠦᠨ᠎ᠡ᠃ ᠣᠯᠠᠨ ᠣᠯᠣᠰ ᠤᠨ ᠪᠠ ᠤᠯᠤᠰ ᠤᠨ ᠳᠣᠲᠣᠭᠠᠳᠤ ᠶᠢᠨ ᠬᠤᠶᠠᠷ ᠵᠠᠬ᠎ᠠ ᠳᠡᠯᠭᠡᠭᠦᠷ ᠲᠤ ᠰᠠᠭᠤᠷᠢᠯᠠᠵᠤ᠂ ᠨᠡᠭᠦᠷᠡᠰᠦ ᠬᠦᠮᠦᠷᠭᠡᠯᠡᠨ ᠬᠠᠳᠠᠭᠠᠯᠬᠠᠣ᠂ ᠵᠠᠭᠤᠨ ᠲᠦᠮᠡᠨ ᠲᠣᠨ ᠤ ᠨᠡᠭᠦᠷᠡᠰᠦ ᠨᠥᠭᠡᠴᠡᠯᠡᠬᠦ ᠰᠠᠭᠤᠷᠢᠨ ᠭᠠᠵᠠᠷ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠡᠬᠢᠯᠡᠭᠦᠯᠵᠦ᠂ ᠡᠨᠧᠷᠭᠢ᠂ ᠠᠭᠤᠷᠬᠠᠢ ᠶᠢᠨ ᠭᠠᠷᠤᠯᠲᠠ᠂ ᠠᠮᠤ ᠪᠤᠳᠠᠭ᠎ᠠ ᠵᠡᠷᠭᠡ ᠲᠠᠸᠠᠷ ᠢ ᠪᠣᠭᠤᠮᠲᠠ ᠪᠠᠷ ᠣᠷᠣᠭᠤᠯᠬᠤ ᠶᠢ ᠥᠷᠭᠡᠳᠬᠡᠵᠦ᠂ ᠡᠳ᠋ᠰᠢᠭᠦᠯᠦᠨ ᠪᠣᠯᠪᠠᠰᠤᠷᠠᠭᠤᠯᠬᠤ᠂ ᠭᠠᠶᠢᠯᠢ ᠪᠠᠲᠤᠯᠠᠬᠤ ᠪᠣᠳᠠᠰ ᠤᠨ ᠭᠦᠢᠯᠭᠡᠭᠡ᠂ ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭ᠎ᠠ ᠵᠡᠷᠭᠡ ᠭᠠᠳᠠᠭᠠᠲᠤ ᠠᠷᠠᠯᠵᠢᠶᠠᠨ ᠤ ᠠᠵᠤ ᠠᠬᠤᠶᠢᠯᠠᠯ ᠢ ᠭᠤᠣᠯᠳᠠᠯᠭ᠎ᠠ ᠲᠠᠢ ᠪᠣᠶᠢᠵᠢᠭᠤᠯᠵᠤ᠂ ᠪᠣᠭᠤᠮᠲᠠ ᠪᠠᠷ ᠥᠩᠭᠡᠷᠡᠬᠦ ᠬᠡᠮᠵᠢᠶ᠎ᠡ ᠪᠠ ᠪᠦᠲᠦᠭᠡᠭᠳᠡᠬᠦᠨ ᠤ ᠨᠡᠮᠡᠯᠲᠡ ᠥᠷᠲᠡᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ ᠂ ᠪᠥᠬᠦ ᠵᠢᠯ ᠤᠨ ᠭᠠᠳᠠᠭᠠᠳᠤ ᠠᠴᠠ ᠣᠷᠣᠭᠤᠯᠵᠤ ᠭᠠᠷᠭᠠᠬᠤ ᠪᠠᠷᠠᠭᠠᠨ ᠤ ᠬᠡᠮᠵᠢᠶ᠎ᠡ ᠪᠠ ᠠᠷᠠᠯᠵᠢᠶᠠᠨ ᠤ ᠦᠷᠳᠡᠭ ᠢ ᠲᠡᠤᠬᠡ ᠶᠢᠨ ᠰᠢᠨ᠎ᠡ ᠦᠨᠳᠦᠷ ᠲᠤ ᠬᠦᠷᠭᠡᠵᠦ᠂ ︽ᠠᠵᠤ ᠠᠬᠤᠢ ᠳᠤ ᠦᠢᠯᠡᠴᠢᠯᠡᠬᠦ ᠵᠠᠮ︾᠎ ᠎ ᠠᠴᠠ ︽ᠵᠠᠮ ᠠᠴᠠ ᠡᠭᠦᠰᠦᠭᠰᠡᠨ ᠠᠵᠤ ᠠᠬᠤᠢ︾ ᠪᠣᠯᠭᠠᠨ ᠬᠦᠭᠵᠢᠭᠦᠯᠬᠦ ᠶᠢ ᠠᠬᠢᠭᠤᠯᠵᠤ᠂ ︽ᠪᠣᠭᠤᠮᠳᠠ ᠪᠠᠷ ᠥᠩᠭᠡᠷᠡᠬᠦ ᠠᠵᠤ ᠠᠬᠤᠢ︾᠎ ᠠᠴᠠ ︽ᠭᠠᠵᠠᠷ ᠣᠷᠣᠨ ᠳᠤ ᠰᠠᠭᠤᠷᠢᠰᠢᠭᠰᠠᠨ ᠠᠵᠤ ᠠᠬᠤᠢ︾ ᠳᠠᠰᠢ ᠬᠤᠪᠢᠷᠠᠭᠤᠯᠬᠤ ᠶᠢ ᠪᠡᠶᠡᠯᠡᠭᠦᠯᠵᠦ ᠂ ᠵᠡᠭᠦᠨ ᠬᠠᠲᠠᠪᠴᠢ ᠪᠣᠭᠤᠮᠲᠠ ᠶᠢ ᠪᠣᠵᠠᠭᠠᠶᠢᠷᠠᠭᠤᠯᠣᠨ ᠬᠦᠴᠦᠷᠬᠡᠭᠵᠢᠭᠦᠯᠬᠦ ᠶᠢ ᠠᠬᠢᠭᠤᠯᠤᠨ᠎ᠠ᠃      ︵ᠲᠠᠪᠤ︶ ᠡᠶ᠎ᠡ ᠵᠣᠬᠢᠴᠠᠩᠭᠤᠢ ᠭᠦᠭᠵᠢᠯᠲᠡ ᠳᠤ ᠬᠦᠴᠦᠨ ᠢᠶᠠᠨ ᠲᠦᠪᠯᠡᠷᠡᠬᠦᠯᠵᠣ᠂ ᠣᠷᠣᠰᠢᠨ ᠰᠠᠭᠤᠬᠤ ᠳᠤ ᠲᠣᠬᠢᠯᠢᠭ ᠣᠷᠴᠢᠨ ᠲᠣᠭᠤᠷᠢᠨ ᠢ ᠴᠢᠷᠮᠠᠶᠢᠨ ᠪᠠᠶᠢᠭᠤᠯᠣᠨ᠎ᠠ᠃      ᠨᠢᠭᠡ᠂ ᠶᠠᠳᠠᠭᠤ ᠠᠴᠠ ᠠᠩᠭᠢᠵᠢᠷᠠᠭᠤᠯᠵᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠬᠦ ᠶᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠠᠢ ᠪᠦᠲᠦᠮᠵᠢᠲᠡᠢ ᠵᠣᠯᠭᠠᠭᠤᠯᠬᠤ ᠶᠢ ᠠᠬᠢᠭᠤᠯᠤᠨ᠎ᠠ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠪᠠ ᠤᠤᠭᠤᠬᠤ ᠤᠰᠤᠨ ᠤ ᠠᠮᠤᠷ ᠲᠦᠪᠰᠢᠨ ᠤ ᠠᠵᠢᠯ ᠎ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ ︽ᠦᠯᠢᠭᠡᠷ ᠳᠠᠭᠤᠷᠢᠶᠠᠯ ᠪᠠᠶᠢᠭᠤᠯᠬᠤ᠂ ᠳᠠᠶᠢᠴᠢᠯᠠᠨ ᠳᠠᠭᠠᠭᠤᠯᠬᠤ᠂ ᠪᠦᠬᠦᠨ ᠢ ᠪᠦᠷᠬᠦᠭᠦᠯᠬᠦ︾ ᠰᠡᠳᠭᠢᠴᠡ ᠶᠢ ᠪᠠᠷᠢᠮᠲᠠᠯᠠᠨ᠂ ᠤᠯᠢᠶᠠᠰᠤᠲᠠᠶ ᠪᠠᠯᠭᠠᠰᠤ ᠶᠢ ᠤᠯᠤᠰ ᠤᠨ ᠲᠠᠰ ᠤᠨ ᠵᠢᠱᠢᠶ᠎ᠡ ᠦᠵᠡᠭᠦᠯᠬᠦ ᠰᠤᠮᠤ ᠪᠠᠯᠭᠠᠰᠤ ᠪᠠᠷ᠂ ᠠᠮᠤᠭᠤᠯᠠᠩᠪᠤᠯᠠᠭ᠂ ᠰᠠᠶᠢᠬᠤᠰᠤ᠂ ᠪᠠᠶᠠᠨᠳᠤᠯᠠᠭᠠᠨ ᠵᠡᠷᠭᠡ 3 ᠠᠶᠢᠮᠠᠭ ᠤᠨ ᠲᠠᠰ ᠤᠨ ᠵᠢᠱᠢᠶ᠎ᠡ ᠦᠵᠡᠭᠦᠯᠬᠦ ᠭᠠᠴᠠᠭ᠎ᠠ ᠪᠠᠷ ᠭᠤᠤᠯᠳᠠᠯᠭ᠎ᠠ ᠲᠠᠢ ᠪᠠᠶᠢᠭᠤᠯᠤᠨ᠎ᠠ᠃ ᠭᠤᠤᠯᠯᠠᠬᠤ ᠠᠵᠤ ᠦᠢᠯᠡᠰ᠂ ᠣᠷᠴᠢᠨ ᠲᠣᠭᠤᠷᠢᠨ ᠢ ᠴᠡᠭᠴᠡᠯᠡᠨ ᠵᠠᠰᠠᠬᠤ᠂ ᠰᠠᠭᠤᠷᠢ ᠪᠦᠲᠦᠭᠡᠨ ᠪᠠᠶᠢᠭᠤᠯᠤᠯᠲᠠ ᠵᠡᠷᠭᠡ ᠠᠷᠠᠳ ᠤᠨ ᠠᠮᠢᠳᠤᠷᠠᠯ ᠤᠨ ᠬᠦᠷᠢᠶᠡᠨ ᠳᠤ 4000 ᠲᠦᠮᠡᠨ ᠲᠥᠭᠦᠷᠢᠭ ᠤᠨ ᠪᠠᠯᠠ ᠣᠷᠣᠭᠤᠯᠵᠦ᠂ 9 ᠰᠤᠮᠤ ᠪᠠᠯᠭᠠᠰᠤ ᠳᠤ 18 ᠭᠤᠤᠯᠳᠠᠯᠭᠠᠲᠤ ᠲᠥᠷᠥᠯ ᠵᠦᠢᠯ ᠢ ᠡᠬᠢᠯᠡᠭᠦᠯᠦᠨ ᠬᠡᠷᠡᠭᠵᠢᠭᠦᠯᠦᠨ᠎ᠡ᠃ ᠰᠢᠨ᠎ᠡ ᠬᠡᠯᠪᠡᠷᠢ ᠶᠢᠨ ᠡᠵᠡᠩᠨᠡᠯᠲᠡ ᠶᠢᠨ ᠭᠤᠤᠯ ᠴᠣᠭᠴᠠ ᠶᠢ ᠢᠳᠡᠪᠬᠢᠲᠡᠶ ᠪᠠᠷ ᠪᠤᠶᠢᠵᠢᠭᠤᠯᠵᠤ᠂ ᠤᠶᠤᠨᠲᠤ ᠬᠡᠷ ᠪᠦᠯᠢ ᠶᠢᠨ ᠮᠠᠯᠵᠢᠯ ᠤᠨ ᠲᠠᠯᠠᠪᠠᠶ ᠶᠢ 10 ᠪᠠᠶᠢᠭᠤᠯᠤᠨ᠎ᠠ᠃ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ᠂ ᠶᠣᠰᠣ ᠮᠣᠷᠠᠯ ᠢᠶᠠᠷ ᠵᠠᠰᠠᠬᠤ ︽ᠭᠤᠷᠪᠠᠨ ᠵᠠᠰᠠᠯᠲᠠ ᠶᠢ ᠠᠭᠤᠰᠤᠯᠴᠠᠭᠤᠯᠬᠤ︾ ᠬᠥᠭᠵᠢᠯᠲᠡ ᠶᠢᠨ ᠦᠷ᠎ᠡ ᠪᠦᠲᠦᠭᠡᠯ ᠢ ᠲᠠᠰᠤᠷᠠᠯᠲᠠ ᠥᠬᠡᠶ ᠭᠦᠨᠵᠡᠭᠡᠶᠢᠷᠡᠭᠦᠯᠵᠦ᠂ ᠨᠠᠮ ᠤᠨ ᠭᠡᠰᠢᠭᠦᠨ ᠪᠠ ᠣᠯᠠᠨ ᠲᠦᠮᠡᠨ ᠳᠤ ᠦᠢᠯᠡᠴᠢᠯᠡᠬᠦ ᠲᠥᠪ᠂ ᠵᠥᠷᠢᠴᠡᠯ ᠵᠢᠭᠤᠷᠠᠯᠳᠤᠭᠠᠨ ᠢ ᠡᠶᠡᠳᠡᠭᠦᠯᠦᠨ ᠰᠢᠢᠳᠪᠦᠷᠢᠯᠡᠬᠦ ᠲᠥᠪ᠂ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠦᠢᠯᠡᠴᠢᠯᠡᠭᠡᠨ ᠤ ᠲᠥᠪ ᠭᠤᠷᠪᠠᠨ ᠱᠠᠲᠤ ᠪᠠᠷ ᠬᠤᠯᠪᠣᠭᠠᠯᠠᠨ ᠬᠥᠳᠡᠯᠦᠯᠴᠡᠵᠦ᠂ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠠᠮᠢᠵᠢᠷᠠᠯ ᠤᠨ ᠬᠦᠴᠦᠨ ᠢᠶᠠᠷ ᠪᠢᠯᠬᠠᠮ᠎ᠠ᠂ ᠡᠶ᠎ᠡ ᠵᠣᠬᠢᠴᠠᠯ ᠲᠠᠢ᠂ ᠡᠮᠬᠢ ᠵᠢᠷᠤᠮ ᠲᠠᠢ ᠰᠢᠨ᠎ᠡ ᠮᠠᠯᠵᠢᠬᠤ ᠣᠷᠣᠨ ᠢ ᠴᠣᠭᠴᠠᠯᠠᠨ ᠪᠠᠶᠢᠭᠤᠯᠤᠨ᠎ᠠ᠃      ᠬᠤᠶᠠᠷ᠂ ᠬᠤᠳᠠ ᠪᠠᠯᠭᠠᠰᠤᠨ ᠤ ᠪᠦᠳᠦᠭᠡᠨ ᠪᠠᠶᠢᠭᠤᠯᠤᠯᠲᠠ ᠬᠠᠮᠢᠶᠠᠷᠤᠯᠲᠠ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠬᠤᠲᠠ ᠪᠠᠯᠭᠠᠰᠣᠨ ᠤ ᠰᠢᠨ᠎ᠡ ᠬᠢᠯᠠᠰ ᠴᠡᠭ᠂ ᠰᠢᠨ᠎ᠡ ᠦᠵᠡᠮᠵᠢ ᠶᠢᠨ ᠴᠡᠭ ᠢ ᠦᠷᠭᠦᠯᠵᠢᠯᠡᠨ ᠪᠠᠶᠢᠭᠤᠯᠵᠤ᠂ ᠬᠤᠲᠠ ᠪᠠᠯᠭᠠᠰᠣᠨ ᠤ ᠪᠥᠲᠥᠭᠡᠨ ᠪᠠᠶᠢᠭᠤᠯᠤᠯᠲᠠ ᠶᠢᠨ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ 8600 ᠲᠦᠮᠡᠨ ᠲᠥᠭᠦᠷᠢᠭ ᠤᠨ ᠪᠠᠯᠠ ᠣᠷᠣᠭᠤᠯᠵᠤ᠂ 2.1 ᠺᠢᠯᠣᠮᠧᠲᠷ ᠵᠠᠮ ᠢ ᠵᠠᠰᠠᠵᠣ ᠰᠢᠨᠡᠳᠭᠡᠨ᠂ 8.75 ᠲᠦᠮᠡᠨ ᠲᠡᠭᠰᠢ ᠳᠥᠷᠪᠡᠯᠵᠢᠨ ᠮᠧᠲᠷ ᠰᠠᠭᠤᠭᠠᠯᠢ ᠲᠤᠭᠤᠷᠢᠭ ᠵᠢᠴᠢ ᠭᠤᠤᠯ ᠵᠠᠮ ᠤᠨ ᠬᠤᠶᠠᠷ ᠬᠥᠪᠡᠭᠡ ᠶᠢ ᠬᠠᠲᠠᠭᠤᠷᠠᠭᠤᠯᠵᠤ᠂ 36 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠤᠷ ᠢ ᠨᠣᠭᠤᠭᠠᠷᠠᠭᠤᠯᠤᠨ ᠭᠡᠷᠡᠯᠲᠦᠭᠦᠯᠤᠨ᠎ᠠ᠃ ᠪᠠᠯᠭᠠᠰᠤᠨ ᠲᠤᠭᠤᠷᠢᠭ ᠤᠨ ᠪᠠᠶᠢᠰᠢᠩ ᠬᠡᠷ ᠤᠨ ᠭᠠᠳᠠᠷ ᠬᠡᠷᠡᠮ ᠢ ᠰᠡᠯᠪᠢᠨ ᠵᠠᠰᠠᠬᠤ᠂ ᠵᠠᠰᠠᠮᠠᠯ ᠵᠠᠮ ᠳᠡᠪᠢᠰᠬᠦ᠂ ᠵᠠᠮ ᠤᠨ ᠳ᠋ᠧᠩ ᠨᠡᠮᠡᠨ ᠣᠭᠰᠠᠷᠠᠬᠤ ᠵᠡᠷᠭᠡ ᠠᠵᠢᠯ ᠢ ᠢᠳᠡᠪᠬᠢᠲᠡᠶ ᠪᠠᠷ ᠠᠬᠢᠭᠤᠯᠵᠤ᠂ ᠰᠠᠭᠤᠭᠠᠯᠢ ᠠᠷᠠᠳ ᠤᠨ ᠣᠷᠤᠨ ᠰᠠᠭᠤᠴᠠ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ 1000 ᠲᠦᠮᠡᠨ ᠲᠥᠭᠦᠷᠢᠭ ᠤᠨ ᠪᠠᠯᠠ ᠣᠷᠣᠭᠤᠯᠵᠦ᠂ ︽ᠴᠠᠬᠢᠯᠭᠠᠨ ᠢᠶᠠᠷ ᠨᠡᠭᠦᠷᠡᠰᠦ ᠶᠢ ᠣᠷᠤᠯᠠᠭᠤᠯᠬᠤ︾ ᠲᠥᠷᠥᠯ ᠵᠦᠢᠯ ᠢ ᠡᠬᠢᠯᠡᠵᠣ ᠬᠡᠷᠡᠭᠵᠢᠬᠦᠯᠦᠨ᠂ ᠣᠯᠠᠨ ᠲᠦᠮᠡᠨ ᠤ ᠣᠯᠠᠨ ᠶᠠᠩᠵᠤ ᠶᠢᠨ ᠳᠤᠯᠠᠭᠠᠯᠠᠭ᠎ᠠ ᠬᠠᠩᠭᠠᠬᠤ ᠬᠡᠷᠡᠭᠴᠡᠭᠡ ᠶᠢ ᠪᠦᠲᠦᠮᠵᠢᠲᠡᠶ ᠬᠠᠩᠭᠠᠨ᠎ᠠ᠃ ︽ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠬᠠᠮᠢᠶᠠᠷᠤᠯᠲᠠ ᠶᠢᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ︾ ᠠᠵᠢᠯᠯᠠᠭ᠎ᠠ ᠶᠢ ᠥᠷᠨᠢᠭᠦᠯᠵᠦ᠂ ᠨᠡᠶᠢᠭᠡᠮ ᠲᠣᠭᠤᠷᠢᠭ ᠢᠶᠠᠷ ᠭᠤᠤᠯ ᠪᠣᠯᠭᠠᠭᠰᠠᠨ᠂ ᠦᠮᠴᠢᠲᠡᠨ ᠤ ᠵᠥᠪᠯᠡᠯ᠂ ᠠᠳᠠᠯ ᠠᠬᠤᠶ ᠶᠢᠨ ᠠᠵᠤ ᠠᠬᠤᠶᠢᠯᠠᠯ᠂ ᠳᠠᠭᠠᠭᠠᠴᠢᠯᠠᠨ ᠬᠤᠯᠪᠣᠭᠠᠯᠠᠬᠤ ᠨᠢᠭᠡᠴᠡ ᠬᠠᠮᠲᠤᠪᠠᠷ ᠣᠷᠣᠯᠴᠠᠭᠰᠠᠨ ︽ᠳᠥᠷᠪᠡ ᠶᠢ ᠨᠢᠭᠡ ᠴᠤᠭᠴᠠᠵᠢᠭᠤᠯᠬᠤ︾ ᠦᠢᠯᠡᠴᠢᠯᠡᠭᠡᠨ ᠤ ᠲᠤᠭᠲᠠᠯᠴᠠᠭ᠎ᠠ ᠶᠢ ᠪᠠᠶᠢᠭᠤᠯᠤᠨ ᠪᠦᠷᠢᠨᠰᠢᠬᠦᠯᠵᠦ᠂ ᠵᠢᠯ ᠎ ᠳᠤ ᠣᠷᠣᠨ ᠰᠠᠭᠤᠴᠠ ᠶᠢᠨ ᠰᠠᠭᠤᠭᠠᠯᠢ ᠲᠣᠭᠤᠷᠢᠭ ᠤᠨ ᠠᠳᠠᠯ ᠠᠬᠤᠶ ᠶᠢᠨ ᠦᠢᠯᠡᠴᠢᠯᠡᠭᠡᠨ ᠢ ᠪᠦᠬᠦᠨ ᠢ ᠬᠠᠮᠤᠷᠤᠭᠤᠯᠬᠤ ᠪᠠᠷ ᠴᠢᠷᠮᠠᠶᠢᠨ᠎ᠠ᠃ ᠬᠤᠲᠠ ᠪᠠᠯᠭᠠᠰᠤ ᠶᠢᠨ ᠳᠦᠷᠢ ᠳᠥᠷᠬᠦ ᠶᠢ ᠰᠢᠨᠡᠳᠭᠡᠨ ᠰᠠᠶᠢᠵᠢᠷᠠᠭᠤᠯᠬᠤ᠂ ᠬᠤᠲᠠ ᠪᠠᠯᠭᠠᠰᠣᠨ ᠤ ᠦᠵᠡᠮᠵᠢ ᠶᠢᠨ ᠭᠡᠷᠡᠯᠲᠦᠭᠦᠯᠭᠡ ᠶᠢᠨ ᠬᠠᠮᠢᠶᠠᠷᠤᠯᠲᠠ ᠶᠢ ᠴᠢᠩᠭᠠᠳᠬᠠᠬᠤ᠂ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ᠂ ᠪᠠᠷᠢᠯᠭ᠎ᠠ ᠶᠢᠨ ᠲᠠᠯᠠᠪᠤᠷ ᠤᠨ ᠲᠣᠭᠤᠰᠣᠨ ᠤ ᠪᠣᠬᠢᠷᠳᠣᠯ ᠢ ᠵᠠᠰᠠᠬᠤ᠂ ᠵᠠᠮ ᠬᠠᠷᠢᠯᠴᠠᠭᠠᠨ ᠤ ᠡᠮᠬᠢ ᠳᠢᠭᠯᠢᠮ ᠢ ᠴᠡᠭᠴᠡᠯᠡᠬᠦ ᠵᠡᠷᠭᠡ ᠠᠵᠢᠯ ᠤᠨ ᠡᠷᠴᠢᠮ ᠢ ᠴᠢᠩᠭᠠᠷᠠᠭᠤᠯᠵᠤ᠂ ᠬᠠᠭᠤᠴᠢᠨ ᠮᠠᠰᠢᠨ ᠲᠡᠷᠭᠡᠨ ᠤ ᠠᠷᠠᠯᠵᠢᠶ᠎ᠠ᠂ ᠳᠠᠬᠢᠠ ᠡᠭᠦᠰᠴᠦ ᠪᠣᠯᠬᠤ ᠡᠬᠢ ᠪᠠᠶᠠᠯᠢᠭ ᠢ ᠰᠢᠢᠳᠪᠦᠷᠢᠯᠡᠬᠦ᠂ ᠲᠡᠷᠭᠡ ᠬᠥᠰᠬᠡ ᠶᠢ ᠠᠷᠠᠴᠢᠯᠠᠨ ᠬᠠᠮᠠᠭᠠᠯᠠᠬᠤ ᠵᠡᠷᠭᠡ ᠶᠢ ᠳᠦᠷᠢᠮᠵᠢᠭᠦᠯᠦᠨ᠂ ᠪᠥᠬᠦ ᠬᠤᠰᠢᠭᠤᠨ ᠤ ᠬᠤᠲᠠ ᠪᠠᠯᠭᠠᠰᠣᠨ ᠤ ᠵᠠᠰᠠᠯᠲᠠ ᠶᠢᠨ ᠦᠷ᠎ᠡ ᠪᠦᠲᠦᠮᠵᠢ ᠪᠠ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ᠭᠤᠷᠪᠠ ᠂ ᠬᠤᠳᠠ ᠬᠥᠳᠡᠭᠡ ᠶᠢᠨ ᠰᠠᠭᠤᠷᠢ ᠲᠥᠬᠦᠭᠡᠷᠦᠮᠵᠢ ᠶᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠤᠨ᠎ᠠ᠃ ᠠᠮᠢᠳᠤᠷᠠᠯ ᠤᠨ ᠪᠣᠬᠢᠷ ᠤᠰᠤ᠂ ᠬᠤᠭ ᠨᠣᠪᠰᠢ ᠶᠢ ᠬᠤᠷᠢᠶᠠᠨ ᠰᠢᠢᠳᠪᠦᠷᠢᠯᠡᠬᠦ ᠪᠠ ᠣᠷᠣᠰᠢᠨ ᠰᠠᠭᠤᠬᠤ ᠣᠷᠴᠢᠨ ᠲᠣᠭᠤᠷᠢᠨ ᠢ ᠬᠠᠮᠠᠭᠠᠯᠠᠬᠤ ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠮᠠᠯᠵᠢᠬᠤ ᠣᠷᠣᠨ ᠤ ᠣᠷᠴᠢᠨ ᠲᠤᠭᠤᠷᠢᠨ ᠢ ᠴᠡᠪᠡᠷᠯᠡᠬᠦ ᠠᠵᠢᠯᠯᠠᠭ᠎ᠠ ᠶᠢ ᠳᠦᠷᠢᠮᠵᠢᠭᠦᠯᠦᠨ᠎ᠠ᠃ ᠰᠠᠭᠤᠷᠢ ᠲᠦᠬᠦᠭᠡᠷᠦᠮᠵᠢ ᠶᠢᠨ ᠳᠤᠲᠠᠭᠳᠠᠯ ᠢ ᠨᠥᠬᠦᠪᠥᠷᠢᠯᠡᠵᠦ᠂ ᠮᠠᠯᠵᠢᠬᠤ ᠣᠷᠣᠨ ᠤ ᠲᠥᠪᠯᠡᠷᠡᠭᠦᠯᠦᠨ ᠤᠰᠤ ᠬᠠᠩᠭᠠᠬᠤ ᠥᠭᠡᠷᠡᠴᠢᠯᠡᠯᠲᠡ ᠶᠢᠨ ᠢᠨᠵᠧᠨᠧᠷᠢᠩ ᠢ ᠡᠬᠢᠯᠡᠭᠦᠯᠵᠦ᠂ ᠵᠢᠯ ᠳᠤ 267 ᠬᠤᠳᠳᠤᠭ᠂ 507 ᠤᠰᠤ ᠬᠠᠳᠠᠭᠠᠯᠠᠬᠤ ᠵᠣᠭᠤᠷᠢ ᠮᠠᠯᠲᠠᠵᠤ᠂ ᠮᠠᠯᠵᠢᠬᠤ ᠣᠷᠣᠨ ᠤ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠎ᠠ᠃ ︽ᠵᠣᠷᠯᠣᠩ ᠤᠨ ᠦᠭᠡᠷᠡᠴᠢᠯᠡᠯᠲᠡ︾᠎ ᠎ ᠶᠢ ᠭᠦᠨᠵᠡᠭᠡᠶ ᠠᠬᠢᠭᠤᠯᠣᠨ᠂ ᠵᠢᠯ ᠳᠤ 453 ᠲᠦᠮᠡᠨ ᠲᠥᠭᠦᠷᠢᠭ ᠤᠨ ᠪᠠᠯᠠ ᠣᠷᠣᠭᠤᠯᠵᠤ᠂ 298 ᠡᠷᠦᠬᠡ ᠳᠤ ᠰᠢᠨ᠎ᠡ ᠪᠠᠷ ᠵᠣᠷᠯᠣᠩ ᠪᠠᠶᠢᠭᠤᠯᠣᠨ᠂ 203 ᠡᠷᠦᠬᠡ ᠶᠢᠨ ᠵᠣᠷᠯᠣᠩ ᠢ ᠬᠠᠯᠠᠨ ᠰᠠᠶᠢᠵᠢᠷᠠᠭᠤᠯᠤᠨ᠎ᠠ᠃ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠲᠦᠷᠭᠡᠳᠬᠡᠵᠦ᠂ 2023 ᠣᠨ ᠳᠤ 20 ᠰᠠᠤᠷᠢ ᠥᠷᠲᠡᠭᠡ ᠶᠢᠨ ᠴᠠᠬᠢᠯᠭᠠᠨ ᠬᠤᠯᠪᠣᠭ᠎ᠠ ᠶᠢ ᠨᠡᠶᠢᠳᠡᠮ ᠪᠦᠷᠬᠦᠭᠦᠯᠬᠦ ᠦᠢᠯᠡᠴᠢᠯᠡᠭᠡᠨ ᠤ ᠲᠤᠷᠰᠢᠯᠲᠠ ᠶᠢᠨ ᠴᠡᠭ ᠤᠨ ᠲᠥᠷᠥᠯ ᠵᠦᠢᠯ ᠢ ᠡᠷᠡᠮᠡᠯᠵᠡᠯᠡᠨ ᠬᠡᠷᠡᠭᠵᠢᠭᠦᠯᠦᠨ᠎ᠡ᠃ ᠰᠦᠯᠵᠢᠶ᠎ᠡ ᠨᠡᠪᠳᠡᠷᠡᠬᠦᠯᠬᠦ ᠢᠨᠵᠧᠨᠧᠷᠢᠩ ᠢ ᠶᠡᠬᠡᠪᠡᠷ ᠠᠬᠢᠭᠤᠯᠵᠤ᠂ ᠵᠢᠯ ᠳᠤ 1291 ᠲᠦᠮᠡᠨ ᠲᠥᠭᠦᠷᠢᠭ ᠤᠨ ᠪᠠᠯᠠ ᠣᠷᠣᠭᠤᠯᠣᠨ᠂ 700 ᠮᠠᠯᠵᠢᠬᠤ ᠡᠷᠦᠬᠡ ᠳᠤ ᠤᠲᠠᠰᠤ ᠥᠬᠡᠶ ᠰᠦᠯᠵᠢᠶ᠎ᠡ ᠨᠡᠪᠲᠡᠷᠡᠭᠦᠯᠬᠦ ᠢᠨᠵᠧᠨᠧᠷᠢᠩ ᠢ ᠪᠡᠶᠡᠯᠡᠭᠦᠯᠵᠦ᠂ ᠪᠥᠬᠦ ᠬᠤᠰᠢᠭᠤᠨ ᠳᠤ ᠲᠤᠤᠷ ᠰᠦᠯᠵᠢᠶ᠎ᠡ ᠶᠢ ᠨᠡᠶᠢᠳᠡᠮ ᠪᠦᠷᠬᠦᠭᠦᠯᠦᠨ᠎ᠡ᠃ ᠰᠢᠨ᠎ᠡ ᠡᠨᠧᠷᠬᠢ ᠪᠠᠷ ᠴᠠᠬᠢᠯᠭᠠᠨ ᠭᠠᠷᠭᠠᠬᠤ ᠪᠠ ᠴᠠᠬᠢᠯᠭᠠᠨ ᠱᠤᠭᠤᠮ ᠤᠨ ᠥᠭᠡᠷᠡᠴᠢᠯᠡᠯᠲᠡ ᠶᠢᠨ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ 150 ᠺᠢᠯᠣᠮᠧᠲᠷ ᠴᠠᠬᠢᠯᠭᠠᠨ ᠱᠤᠭᠤᠮ ᠳᠠᠳᠠᠨ᠂ 234 ᠮᠠᠯᠵᠢᠬᠤ ᠡᠷᠦᠭᠡ ᠳᠤ ᠴᠠᠬᠢᠯᠭᠠᠨ  ᠨᠡᠪᠳᠡᠷᠡᠬᠦᠯᠦᠨ᠎ᠡ᠃ ᠵᠢᠯ ᠳᠤ 9.6 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠦ᠂ 331 ᠨᠣᠮᠧᠷᠲᠦ ᠤᠯᠤᠰ ᠤᠨ ᠳᠡᠰ ᠤᠨ ᠵᠠᠰᠠᠮᠠᠯ ᠵᠠᠮ ᠤᠨ ᠠᠷᠤ ᠨᠠᠭᠤᠷ ᠤᠨ ᠪᠦᠳᠦᠭᠦᠨ ᠠᠴᠠ ᠤᠯᠢᠶᠠᠰᠤᠲᠠᠶ ᠬᠥᠷᠬᠦ ᠬᠡᠰᠡᠭ᠂ 306 ᠨᠣᠮᠧᠷᠲᠦ ᠤᠯᠤᠰ ᠤᠨ ᠳᠡᠰ ᠤᠨ ᠵᠠᠰᠠᠮᠠᠯ ᠵᠠᠮ ᠤᠨ ᠪᠠᠯᠭᠠᠷᠭᠤᠣᠯ ᠠᠴᠠ ᠤᠯᠢᠶᠠᠰᠤᠲᠠᠶ ᠬᠥᠷᠬᠦ ᠬᠡᠰᠡᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠵᠢᠯ ᠳᠤ ᠪᠥᠬᠦ ᠱᠤᠭᠤᠮ ᠢᠶᠠᠷ ᠨᠡᠪᠲᠡᠷᠡᠭᠦᠯᠦᠨ᠎ᠡ᠃ ᠳᠠᠪᠣᠰᠤᠨ ᠨᠠᠭᠤᠷ — ᠴᠠᠭᠠᠨᠲᠤᠯᠤᠭᠠᠢ᠂ ᠠᠷᠤ ᠮᠠᠩᠬ᠎ᠠ — ᠬᠠᠯᠵᠠᠨ ᠭᠤᠪᠢ ᠬᠦᠷᠬᠦ 2 ᠵᠤᠷᠪᠤᠰ ᠭᠠᠴᠠᠭ᠎ᠠ ᠳᠤ ᠨᠡᠪᠲᠡᠷᠡᠬᠦ ᠵᠠᠮ ᠢ ᠬᠠᠲᠠᠭᠤᠷᠠᠭᠤᠯᠵᠤ᠂ ᠠᠷᠤ ᠳᠠᠪᠣᠰᠤ — ᠤᠯᠢᠶᠠᠰᠤᠲᠠᠶ᠂ ᠠᠷᠤ ᠳᠠᠪᠤᠰᠤ — ᠳᠦᠷᠪᠡᠯᠵᠢ ᠰᠠᠭᠤᠭᠠᠯᠢ ᠠᠷᠠᠳ ᠤᠨ ᠳᠤᠭᠤᠶᠢᠯᠠᠩ ᠬᠦᠷᠬᠦ ᠬᠤᠤᠰ ᠴᠢᠭᠯᠡᠯ ᠤᠨ ᠵᠠᠮ ᠢ ᠪᠦᠲᠦᠭᠡᠨ ᠪᠠᠶᠢᠭᠤᠯᠬᠤ ᠪᠠ 206 ᠨᠣᠮᠧᠷᠲᠦ ᠮᠤᠵᠢ ᠶᠢᠨ ᠳᠡᠰ ᠤᠨ ᠵᠠᠰᠠᠮᠠᠯ ᠵᠠᠮ ᠤᠨ ᠮᠠᠨᠳᠤᠬᠤᠪᠤᠯᠠᠭ — ᠪᠠᠶᠠᠨᠬᠤᠰᠢᠭᠤ ᠬᠦᠷᠬᠦ ᠬᠡᠰᠡᠭ ᠢ ᠠᠷᠠᠴᠢᠯᠠᠨ ᠬᠠᠮᠠᠭᠠᠯᠠᠬᠤ ᠢᠨᠵᠧᠨᠧᠷᠢᠩ ᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠷᠠᠳ ᠤᠨ ᠬᠡᠷᠡᠭᠯᠡᠭᠡᠨ ᠤ ᠨᠢᠰᠬᠡᠯ ᠤᠨ ᠪᠠᠭᠤᠳᠠᠯ ᠢ ᠪᠠᠶᠢᠭᠤᠯᠬᠤ ᠲᠥᠷᠥᠯ ᠵᠦᠢᠯ ᠤᠨ ᠲᠦᠰᠦᠯ ᠢ ᠵᠥᠪᠰᠢᠶᠡᠷᠡᠭᠦᠯᠬᠦ ᠪᠠᠷ ᠴᠢᠷᠮᠠᠶᠢᠨ᠎ᠡ᠃      ︵ᠵᠢᠷᠭᠤᠭ᠎ᠠ︶ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠬᠦᠴᠦᠨ ᠢᠶᠠᠨ ᠲᠦᠪᠯᠡᠷᠡᠬᠦᠯᠵᠣ᠂ ᠠᠷᠠᠳ ᠤᠨ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠴᠢᠷᠮᠠᠶᠢᠨ ᠬᠠᠩᠭᠠᠨ᠎ᠠ᠃      ᠨᠢᠭᠡ᠂ ᠠᠷᠭ᠎ᠠ ᠪᠦᠬᠦᠨ ᠢ ᠰᠦᠪᠡᠭᠴᠢᠯᠡᠵᠦ ᠠᠵᠢᠯ ᠣᠯᠭᠤᠯᠲᠠ ᠶᠢ ᠲᠣᠭᠲᠠᠪᠤᠷᠢᠵᠢᠭᠤᠯᠤᠨ᠎ᠠ᠃ ᠠᠵᠢᠯ ᠣᠯᠭᠤᠯᠲᠠ ᠶᠢᠨ ᠠᠷᠭ᠎ᠠ ᠵᠠᠮ ᠢ ᠦᠷᠭᠦᠯᠵᠢᠯᠡᠨ ᠥᠷᠭᠡᠳᠬᠡᠵᠦ᠂ ᠠᠵᠢᠯ ᠣᠯᠭᠤᠬᠤ ᠦᠢᠯᠡᠰ ᠪᠤᠰᠬᠠᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠣᠷᠢᠵᠢᠭᠤᠯᠣᠨ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠨ ᠤᠶᠤᠲᠠᠳ ᠤᠨ ᠠᠵᠢᠯ ᠣᠯᠵᠤ ᠦᠢᠯᠡᠰ ᠪᠣᠰᠬᠠᠬᠤ᠂ ᠬᠦᠴᠢᠷᠳᠡᠯ ᠲᠠᠢ ᠬᠥᠮᠦᠰ ᠢ ᠬᠠᠪᠰᠤᠷᠤᠨ ᠠᠵᠢᠯ ᠣᠯᠭᠤᠬᠤ᠂ ᠮᠠᠯᠴᠢᠳ ᠢ ᠰᠢᠯᠵᠢᠭᠦᠯᠦᠨ ᠠᠵᠢᠯ ᠣᠯᠭᠤᠬᠤ᠂ ᠴᠡᠷᠢᠭ ᠠᠴᠠ ᠬᠠᠯᠠᠭᠳᠠᠭᠰᠠᠳ ᠤᠨ ᠪᠡᠶ᠎ᠡ ᠪᠠᠨ ᠳᠠᠭᠠᠭᠠᠵᠤ ᠠᠵᠢᠯ ᠤᠯᠬᠤ ᠵᠡᠷᠭᠡ ᠠᠵᠢᠯ ᠢ ᠰᠠᠶᠢᠲᠤᠷ ᠬᠢᠵᠦ᠂ ᠦᠢᠯᠡᠰ ᠪᠣᠰᠬᠠᠬᠤ ᠰᠠᠭᠤᠷᠢᠨ ᠭᠠᠵᠠᠷ ᠤᠨ ᠥᠨᠳᠥᠷ ᠪᠦᠲᠦᠮᠵᠢᠲᠡᠶ ᠠᠰᠢᠭᠯᠠᠯᠲᠠ ᠶᠢ ᠠᠬᠢᠭᠤᠯᠣᠨ᠂ ︽ᠭᠤᠷᠪᠠᠨ ᠨᠢᠭᠡ ᠪᠦᠯᠦᠭ︾᠎ ᠤᠨ ᠲᠥᠷᠥ ᠶᠢᠨ ᠪᠣᠳᠣᠯᠭ᠎ᠠ ᠶᠢ ᠨᠠᠷᠢᠯᠢᠭ ᠣᠨᠤᠪᠴᠢᠲᠠᠢ ᠪᠠᠷ ᠨᠠᠶᠢᠳᠠᠪᠣᠷᠢᠵᠢᠭᠤᠯᠵᠣ᠂ ᠵᠢᠯ ᠳᠤ 6000 ᠠᠵᠢᠯ ᠤᠨ ᠪᠠᠶᠢᠷᠢ ᠪᠦᠷᠢᠳᠭᠡᠨ᠂ ᠬᠤᠲᠠ ᠪᠠᠯᠭᠠᠰᠣᠨ ᠤ 600 ᠬᠥᠮᠦᠨ ᠳᠤ ᠰᠢᠨ᠎ᠡ ᠪᠠᠷ ᠠᠵᠢᠯ ᠣᠯᠭᠤᠵᠤ᠂ 600 ᠬᠥᠮᠦᠨ ᠢ ᠰᠢᠯᠵᠢᠭᠦᠯᠦᠨ ᠠᠵᠢᠯ ᠣᠯᠭᠤᠨ᠂ 1000 ᠲᠦᠮᠡᠨ ᠲᠥᠭᠦᠷᠢᠭ ᠤᠨ ᠦᠢᠯᠡᠰ ᠪᠣᠰᠬᠠᠬᠤ ᠳᠠᠭᠠᠭᠠᠯᠲᠠᠲᠤ ᠵᠢᠭᠡᠯᠡᠯᠭᠡ ᠲᠠᠷᠬᠠᠭᠠᠵᠤ᠂ ᠬᠤᠲᠠ ᠪᠠᠯᠭᠠᠰᠣᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠶᠢ 4.5%᠎ ᠶᠢᠨ ᠳᠣᠲᠣᠷ᠎ᠠ ᠬᠢᠵᠠᠭᠠᠷᠯᠠᠨ᠎ᠠ᠃ ᠬᠤᠳᠠ ᠬᠥᠳᠡᠭᠡ ᠶᠢᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠤᠨ ᠡᠷᠴᠢᠮ ᠢ ᠴᠢᠩᠭᠠᠷᠠᠭᠤᠯᠤᠨ᠂ ᠪᠥᠬᠦ ᠵᠢᠯ ᠳᠤ 500᠎ ᠠᠴᠠ ᠳᠡᠭᠡᠭᠰᠢ ᠬᠥᠮᠦᠨ ᠤᠳᠠᠭ᠎ᠠ ᠳᠤ ᠪᠣᠯᠪᠠᠰᠤᠷᠠᠯ ᠬᠦᠷᠲᠡᠭᠡᠨ᠎ᠡ᠃      ᠬᠤᠶᠠᠷ᠂ ᠴᠢᠨᠠᠷᠯᠢᠭ ᠰᠤᠷᠭᠠᠨ ᠬᠥᠮᠦᠵᠢᠯ ᠤᠨ ᠡᠬᠢ ᠪᠠᠶᠠᠯᠢᠭ ᠤᠨ ᠬᠠᠩᠭᠠᠯᠭ᠎ᠠ ᠶᠢ ᠨᠡᠮᠡᠭᠳᠡᠬᠦᠯᠦᠨ᠎ᠡ᠃ ᠰᠣᠷᠭᠠᠨ ᠬᠦᠮᠦᠵᠢᠯ ᠢ ᠤᠷᠢᠳᠠᠪᠡᠷ ᠬᠦᠭᠵᠢᠬᠦᠯᠬᠦ ᠶᠢ ᠪᠠᠷᠢᠮᠳᠠᠯᠠᠵᠣ᠂ ᠪᠥᠬᠦ ᠬᠤᠰᠢᠭᠤᠨ ᠤ ︽ᠬᠡᠪ ᠤᠨ ᠵᠢᠭᠠᠨ ᠰᠤᠷᠭᠠᠯᠲᠠ ᠶᠢ ᠪᠠᠬᠢᠵᠢᠭᠦᠯᠬᠦ ᠣᠨ︾᠎ ᠤ ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠬᠤᠯᠪᠣᠭᠠᠲᠤ ᠰᠤᠷᠭᠠᠭᠤᠯᠢ ᠪᠠ ︽ᠭᠤᠷᠪᠠᠨ ᠱᠠᠲᠤ︾ ᠬᠠᠷᠢᠯᠴᠠᠨ ᠬᠠᠮᠵᠢᠯᠴᠠᠨ ᠬᠠᠮᠲᠤ ᠪᠠᠷ ᠪᠠᠶᠢᠭᠤᠯᠬᠤ ᠲᠣᠭᠲᠠᠴᠠ ᠶᠢᠨ ᠳᠠᠪᠠᠭᠤᠯᠢᠭ ᠢ ᠭᠦᠢᠴᠡᠳ ᠪᠠᠳᠠᠷᠠᠭᠤᠯᠤᠨ᠂ ᠰᠢᠯᠢᠳᠡᠭ ᠰᠤᠷᠭᠠᠭᠤᠯᠢ ᠲᠠᠢ ᠪᠣᠳᠠᠲᠤ ᠬᠠᠮᠲᠤᠷᠠᠯᠴᠠᠭ᠎ᠠ ᠪᠠᠨ ᠴᠢᠩᠭᠠᠳᠬᠠᠵᠤ᠂ ᠵᠢᠯ ᠳᠤ 11 ᠨᠡᠷᠡᠰ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠪᠠ ᠵᠢᠭᠠᠨ ᠰᠤᠳᠤᠯᠤᠭᠴᠢ ᠶᠢ ᠡᠯᠰᠡᠵᠤ᠂ ᠪᠠᠭᠰᠢ ᠶᠢᠨ ᠡᠩᠨᠡᠭᠡ ᠶᠢ ᠦᠷᠭᠦᠯᠵᠢᠯᠡᠨ ᠰᠢᠯᠢᠳᠡᠭᠵᠢᠭᠦᠯᠤᠨ᠎ᠠ᠃ ︽ᠬᠤᠶᠠᠷ ᠢ ᠬᠦᠩᠭᠡᠷᠡᠭᠦᠯᠬᠦ︾ ᠠᠵᠢᠯ ᠤᠨ ᠦᠷ᠎ᠡ ᠪᠦᠲᠦᠮᠵᠢ ᠶᠢ ᠪᠥᠬᠦ ᠲᠠᠯ᠎ᠠ ᠪᠠᠷ ᠬᠤᠷᠢᠶᠠᠩᠭᠤᠶᠢᠯᠠᠨ  ᠳ᠋ᠦᠩᠨᠡᠵᠦ᠂ ᠵᠢᠯ ᠳᠤ ᠪᠥᠬᠦ ᠠᠶᠢᠮᠠᠭ ᠤᠨ ︽ᠬᠤᠶᠠᠷ ᠢ ᠬᠦᠩᠭᠡᠷᠡᠭᠦᠯᠬᠦ︾ ᠠᠵᠢᠯ ᠤᠨ ᠠᠬᠤᠢ ᠲᠠᠯᠠᠪᠠᠢ ᠶᠢᠨ ᠰᠣᠯᠢᠯᠴᠠᠭᠠᠨ ᠤ ᠬᠤᠷᠠᠯ ᠢ ᠳᠠᠭᠠᠭᠠᠴᠢᠯᠠᠨ ᠡᠷᠭᠢᠯᠡᠨ᠎ᠡ᠃ ᠳᠡᠭᠡᠷ᠎ᠡ ᠱᠠᠲᠤᠨ ᠤ ᠲᠤᠰᠬᠠᠶ ᠪᠠᠯᠠ ᠮᠥᠩᠭᠦ ᠶᠢ ᠢᠳᠡᠪᠬᠢᠲᠡᠢ ᠡᠷᠡᠮᠵᠡᠯᠡᠨ᠂ ᠬᠤᠶᠠᠳᠤᠭᠠᠷ ᠪᠠᠭ᠎ᠠ ᠰᠤᠷᠭᠠᠭᠤᠯᠢ ᠶᠢᠨ ᠵᠢᠭᠠᠨ ᠰᠣᠷᠭᠠᠬᠤ ᠶᠡᠷᠦᠩᠬᠡᠶᠢᠯᠡᠭᠰᠡᠨ ᠠᠰᠠᠷ᠂ 7 ᠳᠤᠮᠳᠠᠳᠤ ᠪᠠᠭ᠎ᠠ ᠰᠤᠷᠭᠠᠭᠤᠯᠢ ᠶᠢᠨ ᠲᠠᠮᠢᠷ ᠤᠨ ᠲᠠᠯᠠᠪᠠᠶ ᠶᠢ ᠥᠭᠡᠷᠡᠴᠢᠯᠡᠬᠦ ᠶᠢ ᠠᠬᠢᠭᠤᠯᠵᠤ᠂ ᠨᠢᠭᠡᠳᠦᠭᠡᠷ᠂ ᠬᠤᠶᠠᠳᠤᠭᠠᠷ ᠬᠡᠤᠬᠡᠳ ᠤᠨ ᠴᠡᠴᠡᠷᠯᠢᠭ ᠤᠨ ᠲᠠᠮᠢᠷ ᠤᠨ ᠲᠠᠯᠠᠪᠠᠶ ᠶᠢ ᠡᠬᠢᠯᠡᠨ ᠪᠠᠶᠢᠭᠤᠯᠵᠤ᠂ ᠭᠤᠷᠪᠠᠳᠤᠭᠠᠷ ᠪᠠᠭ᠎ᠠ ᠰᠤᠷᠭᠠᠭᠤᠯᠢ ᠪᠠ ᠰᠤᠮᠤ ᠪᠠᠯᠭᠠᠰᠣᠨ ᠤ 6 ᠬᠡᠤᠬᠡᠳ ᠤᠨ ᠴᠡᠴᠡᠷᠯᠢᠭ ᠤᠨ ᠰᠤᠷᠭᠠᠭᠤᠯᠢ ᠡᠷᠭᠢᠯᠡᠬᠦ ᠨᠥᠬᠦᠴᠡᠯ ᠢ ᠳᠡᠭᠡᠭᠰᠢᠯᠡᠭᠦᠯᠬᠦ ᠢᠨᠵᠧᠨᠧᠷᠢᠩ ᠢ ᠪᠥᠬᠦ ᠲᠠᠯ᠎ᠠ ᠪᠠᠷ ᠠᠬᠢᠭᠤᠯᠤᠨ᠂ ᠳᠤᠮᠳᠠᠳᠤ ᠪᠠᠭ᠎ᠠ ᠰᠤᠷᠭᠠᠭᠤᠯᠢ ᠶᠢᠨ ᠪᠠᠭᠰᠢ ᠰᠤᠷᠤᠭᠴᠢᠳ ᠲᠤ ᠠᠮᠤᠷ ᠲᠦᠪᠰᠢᠨ᠂ ᠲᠠᠭᠠᠯᠠᠮᠵᠢᠲᠠᠶ ᠰᠤᠷᠤᠯᠴᠠᠯᠭ᠎ᠠ ᠠᠮᠢᠳᠤᠷᠠᠯ ᠤᠨ ᠣᠷᠴᠢᠨ ᠲᠣᠭᠤᠷᠢᠨ ᠢ ᠡᠬᠦᠳᠴᠦ ᠥᠭᠭᠦᠨ᠎ᠡ᠃      ᠭᠤᠷᠪᠠ᠂ ᠨᠡᠶᠢᠭᠡᠮ ᠤᠨ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ᠂ ᠨᠡᠶᠢᠭᠡᠮ ᠤᠨ ᠠᠪᠤᠷᠠᠨ ᠲᠣᠰᠠᠯᠠᠬᠤ᠂ ᠨᠡᠶᠢᠭᠡᠮ ᠤᠨ ᠠᠰᠠᠷᠠᠮᠵᠢ ᠶᠢᠨ ᠳᠦᠷᠦ ᠶᠢᠨ ᠪᠤᠳᠤᠯᠭ᠎ᠠ ᠶᠢᠨ ᠪᠠᠷᠢᠮᠵᠢᠶ᠎ᠠ᠂ ᠬᠦᠨᠳᠦ ᠶᠡᠭᠡ ᠡᠪᠡᠳᠴᠢᠨ ᠤ ᠡᠮ ᠡᠮᠨᠡᠯᠭᠡ ᠶᠢᠨ ᠳᠠᠭᠠᠳᠬᠠᠯ ᠪᠠ ᠠᠪᠣᠷᠠᠨ ᠲᠣᠰᠠᠯᠠᠬᠤ ᠲᠥᠷᠢᠮ ᠢ ᠳᠡᠬᠦᠯᠳᠡᠷᠵᠢᠬᠦᠯᠵᠣ᠂ ᠪᠦᠬᠦ ᠠᠷᠠᠳ ᠤᠨ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠬᠤ ᠳᠠᠩᠰᠠᠯᠠᠯᠲᠠ ᠶᠢᠨ ᠨᠤᠷᠮ᠎ᠠ ᠪᠠ ᠨᠠᠰᠤᠵᠢᠯ ᠤᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 95%᠎ ᠠᠴᠠ ᠳᠠᠪᠠᠭᠤᠯᠣᠨ᠂ ᠣᠨᠴᠠᠭᠠᠶ ᠬᠥᠮᠦᠰ ᠤᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ 100 %᠎ ᠳᠤ ᠬᠦᠷᠭᠡᠨ᠎ᠡ᠃ ᠨᠡᠶᠢᠭᠡᠮ ᠲᠣᠭᠤᠷᠢᠭ ᠤᠨ ᠡᠳᠦᠷ ᠳᠤᠲᠤᠮ ᠤᠨ ᠠᠰᠠᠷᠠᠨ ᠬᠠᠷᠠᠭᠠᠯᠵᠠᠬᠤ ᠲᠥᠪ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠨᠠᠰᠤᠵᠢᠯ ᠤᠨ ᠠᠰᠠᠷᠠᠮᠵᠢ ᠶᠢᠨ ᠬᠡᠷ ᠲᠤ ᠪᠠᠨ ᠰᠠᠭᠤᠵᠣ ᠪᠡᠶ᠎ᠡ ᠪᠠᠨ ᠰᠣᠪᠢᠯᠠᠬᠤ ᠦᠢᠯᠡᠴᠢᠯᠡᠭᠡᠨ ᠤ ᠬᠠᠷᠠᠯᠲᠠ ᠶᠢ ᠪᠥᠬᠦ ᠬᠦᠴᠦᠨ ᠢᠶᠠᠷ ᠢᠶᠠᠨ ᠪᠡᠶᠡᠯᠡᠬᠦᠯᠦᠨ᠂ ᠬᠤᠲᠠ ᠬᠥᠳᠡᠭᠡ ᠶᠢᠨ ᠣᠯᠠᠨ ᠲᠦᠮᠡᠨ ᠤ ᠦᠨᠳᠦᠰᠦᠨ ᠠᠮᠢᠳᠤᠷᠠᠯ ᠢ ᠬᠠᠮᠤᠭ ᠶᠡᠭᠡ ᠬᠡᠮᠵᠢᠶ᠎ᠡ ᠪᠠᠷ ᠪᠠᠲᠤᠯᠠᠨ᠎ᠠ᠃ ᠪᠥᠬᠦ ᠤᠯᠤᠰ ᠤᠨ ᠵᠢᠱᠢᠶᠡᠴᠢ ᠬᠡᠯᠪᠡᠷᠢ ᠶᠢᠨ ᠴᠡᠷᠢᠭ ᠠᠴᠠ ᠬᠠᠯᠠᠭᠳᠠᠭᠰᠠᠳ ᠤᠨ ᠦᠢᠯᠡᠴᠢᠯᠡᠭᠡᠨ ᠤ ᠲᠥᠪ ︵ᠥᠷᠲᠡᠭᠡ︶᠎ ᠤᠨ ᠪᠥᠲᠥᠭᠡᠨ ᠪᠠᠶᠢᠭᠤᠯᠤᠯᠲᠠ ᠶᠢ ᠪᠣᠳᠠᠲᠠᠶ ᠠᠳᠬᠤᠵᠤ᠂ ︽ᠬᠤᠶᠠᠷ ᠢ ᠬᠦᠷᠢᠶᠡᠯᠡᠬᠦ ᠵᠢᠱᠢᠶᠡᠴᠢ ᠬᠤᠲᠠ︾᠎ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠬᠢᠵᠢᠭᠦᠯᠦᠨ᠎ᠡ᠃ ᠣᠷᠣᠰᠢᠭᠤᠯᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠣᠷᠣᠰᠢᠭᠤᠯᠭ᠎ᠠ ᠶᠢᠨ ᠭᠠᠵᠠᠷ ᠪᠠ ᠴᠠᠭᠠᠨ ᠰᠤᠪᠤᠷᠭ᠎ᠠ ᠨᠡᠶᠢᠲᠡ ᠶᠢᠨ ᠣᠩᠭᠤᠨ ᠤ ᠲᠥᠷᠥᠯ ᠵᠦᠢᠯ ᠢ ᠠᠰᠢᠭᠯᠠᠯᠲᠠ ᠳᠤ ᠣᠷᠣᠭᠤᠯᠬᠤ ᠶᠢ ᠠᠬᠢᠭᠤᠯᠤᠨ᠎ᠠ᠃      ᠲᠦᠷᠪᠡ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠲᠡᠭᠦᠯᠳᠡᠷᠵᠢᠭᠦᠯᠦᠨ᠎ᠡ᠃ ︽ᠡᠷᠡᠭᠦᠯ ᠡᠩᠬᠡ ᠵᠡᠭᠦᠨ ᠦᠵᠦᠮᠦᠴᠢᠨ︾᠎ ᠎ ᠤ ᠪᠦᠲᠦᠭᠡᠨ ᠪᠠᠶᠢᠭᠤᠯᠤᠯᠲᠠ ᠶᠢ  ᠠᠬᠢᠭᠤᠯᠵᠤ᠂ ᠲᠤᠰᠬᠠᠶ ᠮᠡᠷᠭᠡᠵᠢᠯ ᠤᠨ ᠠᠵᠢᠯᠲᠠᠨ ᠤ ᠴᠢᠳᠠᠪᠤᠷᠢ᠂ ᠬᠡᠪ ᠴᠢᠨᠠᠷ ᠢ ᠳᠡᠭᠡᠭᠰᠢᠯᠡᠭᠦᠯᠬᠦ ᠪᠠᠷ ᠭᠤᠤᠯᠳᠠᠯᠭ᠎ᠠ ᠪᠣᠯᠭᠠᠵᠤ᠂ ᠦᠷᠭᠦᠯᠵᠢᠯᠡᠨ ︽ᠬᠤᠯᠪᠣᠭᠠᠳᠣ ᠡᠮᠨᠡᠯᠭᠡ ᠶᠢᠨ ᠬᠤᠷᠢᠶ᠎ᠠ︾᠎ ᠶᠢᠨ ᠦᠢᠯᠡᠳᠦᠯ ᠢ ᠭᠦᠢᠴᠡᠳ ᠪᠠᠳᠠᠷᠠᠭᠤᠯᠣᠨ᠂ ᠵᠢᠯ ᠳᠤ 3 ᠨᠡᠷᠡᠰ ᠪᠠᠴᠢᠮ ᠱᠠᠭᠠᠷᠳᠠᠭᠳᠠᠵᠤ ᠪᠠᠶᠢᠭ᠎ᠠ ᠴᠢᠳᠠᠪᠤᠷᠢᠲᠠᠨ ᠢ ᠲᠡᠳᠡᠨ ᠣᠷᠣᠭᠤᠯᠵᠤ᠂ ᠦᠨᠳᠦᠰᠦᠨ ᠱᠠᠲᠤᠨ ᠳᠤ ᠠᠩᠬ᠎ᠠ ᠣᠨᠣᠰᠢᠯᠠᠬᠤ᠂ ᠬᠠᠷᠢᠯᠴᠠᠨ ᠰᠢᠯᠵᠢᠭᠦᠯᠦᠨ ᠡᠮᠴᠢᠯᠡᠬᠦ᠂ ᠲᠦᠷᠭᠡᠨ ᠤᠳᠠᠭᠠᠨ ᠡᠪᠡᠳᠴᠢᠨ ᠢ ᠬᠤᠪᠢᠶᠠᠨ ᠡᠮᠴᠢᠯᠡᠬᠦ᠂ ᠳᠡᠭᠡᠷ᠎ᠡ ᠲᠣᠣᠷ᠎ᠠ ᠱᠠᠳᠣ ᠬᠤᠯᠪᠤᠭᠠᠯᠠᠨ ᠡᠮᠴᠢᠯᠡᠬᠦ ᠵᠠᠭᠪᠣᠷ ᠢ ᠪᠠᠶᠢᠭᠤᠯᠵᠣ᠂ ᠨᠢᠭᠲᠠᠷᠠᠭᠰᠠᠨ ᠬᠡᠯᠪᠡᠷᠢ ᠶᠢᠨ ᠬᠤᠰᠢᠭᠤ ᠬᠡᠪᠴᠢᠶᠡᠨ ᠤ ᠡᠮᠴᠢᠯᠡᠭᠡᠨ ᠤ ᠬᠠᠮᠲᠤ ᠶᠢᠨ ᠴᠣᠭᠴᠠ ᠶᠢᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠤᠨ ᠡᠮᠨᠡᠯᠭᠡ ᠶᠢᠨ ᠬᠤᠷᠢᠶ᠎ᠠ ᠶᠢᠨ ᠴᠢᠳᠠᠪᠬᠢ ᠶᠢ ᠳᠡᠭᠡᠭᠰᠢᠯᠡᠭᠦᠯᠦᠨ ᠪᠠᠭᠲᠠᠭᠠᠮᠵᠢ ᠶᠢ ᠥᠷᠭᠡᠳᠬᠡᠬᠦ ᠲᠥᠷᠥᠯ ᠵᠦᠢᠯ ᠳᠤ ᠲᠦᠰᠢᠭᠯᠡᠨ᠂ ᠬᠠᠷᠢᠯᠴᠠᠨ ᠰᠢᠯᠵᠢᠭᠦᠯᠦᠨ ᠡᠮᠴᠢᠯᠡᠬᠦ ᠮᠡᠳᠡᠭᠡ ᠵᠠᠩᠭᠢᠵᠢᠯᠲᠠ ᠶᠢᠨ ᠲᠠᠪᠴᠠᠩ ᠢ ᠪᠠᠶᠢᠭᠤᠯᠤᠨ᠂ ᠵᠢᠯ ᠳᠤ 3 ︽ᠰᠢᠯᠢᠳᠡᠭ ᠮᠣᠩᠭᠤᠯ ᠡᠮ ᠡᠮᠨᠡᠯᠭᠡ ᠶᠢᠨ ᠦᠷᠭᠦᠭᠡ︾᠎ ᠶᠢ ᠡᠭᠦᠳᠦᠨ ᠪᠠᠶᠢᠭᠤᠯᠵᠤ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠭᠤᠤᠯ ᠴᠣᠭᠴᠠ ᠶᠢᠨ ᠢᠨᠵᠧᠨᠧᠷᠢᠩ ᠢ ᠠᠵᠢᠯ ᠳᠠᠭᠤᠰᠬᠠᠨ᠂ ᠠᠷᠠᠳ ᠤᠨ ᠡᠮᠨᠡᠯᠭᠡ ᠶᠢᠨ ᠬᠤᠷᠢᠶ᠎ᠠ ᠶᠢ ︽ᠬᠤᠶᠠᠳᠤᠭᠠᠷ ᠳᠡᠰ ᠤᠨ ᠬᠥᠬᠡ ᠳᠡᠰ︾᠎ ᠤᠨ ᠡᠮᠨᠡᠯᠭᠡ ᠶᠢᠨ ᠬᠤᠷᠢᠶ᠎ᠠ ᠪᠠᠷ ᠮᠡᠳᠡᠭᠦᠯᠵᠦ ᠵᠥᠪᠰᠢᠶᠡᠷᠡᠭᠦᠯᠦᠨ᠎ᠡ᠃ ︽ᠨᠠᠰᠤᠲᠠᠶᠢᠴᠣᠳ ᠪᠠ ᠬᠡᠤᠭᠡᠳ︾᠎ ᠎ ᠤᠨ ᠡᠷᠡᠭᠦᠯ ᠮᠡᠨᠳᠦ ᠶᠢᠨ ᠦᠢᠯᠡᠴᠢᠯᠡᠭᠡ ᠶᠢ ᠰᠠᠶᠢᠲᠤᠷ ᠬᠢᠵᠦ᠂ ᠬᠡᠤᠬᠡᠳ ᠰᠠᠭᠠᠲᠠᠭᠤᠯᠬᠤ ᠦᠢᠯᠡᠴᠢᠯᠡᠭᠡᠨ ᠤ ᠬᠥᠭᠵᠢᠯᠲᠡ ᠶᠢ ᠢᠳᠡᠪᠬᠢᠲᠡᠶ ᠠᠬᠢᠭᠤᠯᠤᠨ᠂ ᠪᠥᠬᠦ ᠬᠤᠰᠢᠭᠤᠨ ᠤ ᠡᠮᠴᠢᠯᠡᠭᠡ ᠰᠤᠪᠢᠯᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ᠃      ᠲᠠᠪᠤ ᠂ ᠤᠯᠠᠨ ᠲᠦᠮᠡᠨ ᠤ ᠤᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠎ᠠ᠃ ᠨᠡᠶᠢᠭᠡᠮ ᠵᠢᠷᠤᠮ ᠤᠨ ᠭᠤᠣᠯᠯᠠᠭᠴᠢ ᠦᠷᠳᠡᠭ ᠤᠨ ᠦᠵᠡᠯᠲᠡ ᠶᠢ ᠦᠢᠯᠡᠳᠦᠯᠭᠡᠵᠢᠭᠦᠯᠵᠦ᠂ ︽ᠭᠠᠴᠠᠭᠠᠨ ᠤ ᠲᠦᠷᠢᠮ ᠠᠷᠠᠳ ᠤᠨ ᠭᠡᠷ᠎ᠡ︾᠎ ᠶᠢ ᠵᠢᠷᠣᠮᠯᠠᠨ᠂ ᠬᠤᠴᠣᠷᠤᠩᠭᠤᠢ ᠵᠠᠩ ᠳᠠᠳᠬᠠᠯ ᠢ ᠥᠭᠡᠷᠡᠴᠢᠯᠡᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠦᠴᠦᠨ ᠨᠡᠮᠡᠷᠢᠯᠡᠨ᠎ᠡ᠃ 11 ᠬᠥᠮᠦᠨ ᠤ ᠳᠦᠷᠢᠮᠲᠦ ᠬᠥᠯ ᠪᠥᠮᠪᠦᠭᠡ ᠶᠢᠨ ᠲᠠᠯᠠᠪᠤᠷ᠂ ᠪᠡᠶ᠎ᠡ ᠲᠠᠮᠢᠷ ᠤᠨ ᠴᠡᠴᠡᠷᠯᠢᠭ ᠵᠡᠷᠭᠡ ᠬᠡᠷ ᠤᠨ ᠭᠠᠳᠠᠨᠠᠬᠢ ᠪᠡᠶ᠎ᠡ ᠲᠠᠮᠢᠷ ᠤᠨ ᠲᠠᠯᠠᠪᠤᠷ ᠢ ᠪᠥᠲᠥᠭᠡᠨ ᠪᠠᠶᠢᠭᠤᠯᠵᠦ᠂ ᠪᠥᠬᠦ ᠬᠤᠰᠢᠭᠤᠨ ᠤ ᠠᠷᠠᠳ ᠤᠨ ᠨᠠᠭᠠᠳᠤᠮ ᠵᠢᠴᠢ ︽ᠳᠥᠷᠪᠡᠨ ᠴᠠᠭ ᠤᠨ ᠦᠵᠦᠮᠦᠴᠢᠨ ︾ ᠰᠣᠶᠣᠯ ᠵᠢᠭᠤᠯᠴᠢᠯᠠᠯ ᠤᠨ ᠨᠠᠶᠢᠷ ᠢ ᠡᠷᠭᠢᠯᠡᠨ᠂ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠶᠢ 12 ᠲᠠᠯᠠᠪᠤᠷ᠂ ᠤᠯᠠᠭᠠᠨᠮᠥ᠋ᠴᠢᠷ ᠤᠨ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠲᠣᠭᠯᠠᠯᠲᠠ ᠶᠢ 100 ᠲᠠᠯᠠᠪᠤᠷ ᠡᠷᠬᠢᠯᠡᠵᠦ ᠂ ᠣᠯᠠᠨ ᠲᠦᠮᠡᠨ ᠤ ᠦᠵᠡᠯ ᠰᠠᠨᠠᠭ᠎ᠠ ᠰᠣᠶᠣᠯ ᠤᠨ ᠬᠡᠷᠡᠭᠴᠡᠭᠡ ᠶᠢ ᠬᠠᠩᠭᠠᠨ᠎ᠠ᠃ ᠪᠣᠳᠠᠰ ᠤᠨ ᠪᠤᠰᠤ ᠰᠣᠶᠣᠯ ᠤᠨ ᠥᠪ ᠢ ᠤᠯᠠᠮᠵᠢᠯᠠᠨ ᠬᠠᠮᠠᠭᠠᠯᠠᠬᠤ᠂ ᠰᠣᠶᠣᠯ ᠤᠨ ᠨᠠᠷᠠᠲᠤ ᠲᠡᠮᠳᠡᠭᠲᠦ ᠶᠢ ᠡᠭᠦᠳᠬᠦ ᠠᠵᠢᠯ ᠢ ᠰᠠᠶᠢᠲᠤᠷ ᠠᠳᠬᠤᠨ᠂ ᠵᠢᠩᠰᠡᠲᠡᠢ ᠠᠭᠤᠶ ᠶᠢᠨ ᠪᠠᠭᠤᠷᠢ ᠶᠢ ᠭᠤᠷᠪᠠᠳᠤᠭᠠᠷ ᠵᠢᠯ ᠬᠠᠮᠠᠭᠠᠯᠠᠯᠲᠠ ᠶᠢᠨ ᠴᠢᠨᠠᠷᠲᠠᠶ ᠮᠠᠯᠲᠠᠬᠤ ᠠᠵᠢᠯ ᠢ ᠡᠬᠢᠯᠡᠭᠦᠯᠵᠦ᠂ ᠠᠯᠲᠠᠨ ᠤᠯᠣᠰ ᠤᠨ ᠬᠡᠷᠡᠮ ᠤᠨ ᠪᠠᠭᠤᠷᠢ ᠪᠠ ᠬᠤᠰᠢᠭᠤ ᠲᠠᠰ ᠤᠨ ᠭᠤᠤᠯᠳᠠᠯᠭ᠎ᠠ ᠲᠠᠢ ᠲᠡᠤᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠡ ᠶᠢ ᠬᠠᠮᠠᠭᠠᠯᠠᠬᠤ ᠡᠷᠴᠢᠮ ᠢᠶᠠᠨ ᠴᠢᠩᠭᠠᠷᠠᠭᠤᠯᠵᠤ᠂ ᠮᠠᠨ ᠤ ᠬᠤᠰᠢᠭᠤᠨ ᠤ ᠲᠡᠤᠬᠡ ᠰᠣᠶᠣᠯ ᠤᠨ ᠠᠵᠢᠯ ᠤᠨ ᠬᠦᠭᠵᠢᠯᠲᠡ ᠶᠢ ᠠᠬᠢᠭᠤᠯᠤᠨ᠎ᠠ᠃      ︵ᠳᠣᠯᠤᠭ᠎ᠠ︶ ᠠᠮᠤᠷ ᠲᠠᠶᠢᠪᠤᠩ ᠲᠣᠭᠲᠠᠭᠤᠨ ᠢ ᠬᠠᠮᠠᠭᠠᠯᠠᠬᠤ ᠳᠤ ᠬᠦᠴᠦᠨ ᠢᠶᠠᠨ ᠲᠦᠪᠯᠡᠷᠡᠬᠦᠯᠵᠣ  ᠂ ᠡᠶ᠎ᠡ ᠵᠣᠬᠢᠴᠠᠯ ᠲᠠᠢ ᠠᠮᠤᠷ ᠲᠣᠭᠲᠠᠭᠤᠨ ᠰᠢᠨ᠎ᠡ ᠪᠠᠶᠢᠳᠠᠯ ᠢ ᠬᠦᠴᠦᠯᠡᠨ ᠪᠠᠬᠢᠵᠢᠭᠦᠯᠦᠨ᠎ᠡ᠃      ᠨᠢᠭᠡ᠂ ᠦᠨᠳᠦᠰᠦᠲᠡᠨ ᠪᠦᠯᠭᠦᠮᠳᠡᠭᠰᠡᠨ ᠡᠶ᠎ᠡ ᠨᠠᠶᠢᠷᠠᠮᠳᠠᠭᠤ ᠪᠠᠶᠢᠳᠠᠯ ᠢ ᠪᠠᠬᠢᠵᠢᠭᠦᠯᠦᠨ ᠬᠥᠭᠵᠢᠭᠦᠯᠦᠨ᠎ᠡ᠃ ᠰᠢᠨ᠎ᠡ ᠴᠠᠭ ᠦᠶ᠎ᠡ ᠶᠢᠨ ᠦᠨᠳᠦᠰᠦᠲᠡᠨ ᠤ ᠠᠵᠢᠯ ᠤᠨ ᠭᠤᠣᠯ ᠰᠢᠵᠢᠮ ᠢ ᠪᠠᠲᠤ ᠡᠵᠡᠮᠳᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠬᠥᠮᠦᠵᠢᠯ ᠢ ᠪᠠᠶᠢᠩᠭᠤᠵᠢᠭᠤᠯᠤᠨ ᠥᠷᠨᠢᠭᠦᠯᠵᠦ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠤ ᠣᠶᠢᠯᠠᠭᠠᠭᠳᠠᠬᠤᠨ ᠪᠣᠯᠤᠨ ︽ᠭᠤᠷᠪᠠᠨ ᠰᠠᠯᠵᠤ ᠪᠣᠯᠤᠰᠢ ᠦᠭᠡᠢ︾ ︽ᠲᠠᠪᠤᠨ ᠬᠠᠮᠲᠤ ᠶᠢᠨ ᠲᠠᠨᠢᠯᠲᠠ︾᠎ ᠶᠢᠨ ᠦᠵᠡᠯ ᠰᠠᠨᠠᠭ᠎ᠠ ᠶᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠨᠠᠢᠮᠠ ᠳᠤ ᠣᠷᠣᠭᠤᠯᠬᠤ︾ ᠠᠵᠢᠯᠯᠠᠭ᠎ᠠ ᠶᠢ ᠨᠠᠷᠢᠨ ᠨᠢᠮᠪᠠᠢ ᠵᠣᠬᠢᠶᠠᠨ ᠪᠠᠶᠢᠭᠤᠯᠤᠨ ᠰᠠᠶᠢᠲᠤᠷ ᠥᠷᠨᠢᠭᠦᠯᠵᠦ᠂ ᠱᠠᠰᠢᠨ ᠰᠤᠷᠲᠠᠬᠤᠨ ᠤ ᠬᠡᠷᠡᠭ ᠶᠠᠪᠤᠳᠠᠯ ᠢ ᠬᠠᠤᠯᠢ ᠶᠣᠰᠣᠭᠠᠷ ᠬᠠᠮᠢᠶᠠᠷᠤᠨ ᠵᠢᠷᠤᠮᠵᠢᠭᠤᠯᠵᠤ᠂ ᠠᠵᠢᠯ ᠢᠶᠠᠨ ᠦᠨᠡᠨᠬᠦ ᠭᠦᠨᠵᠡᠭᠡᠶ ᠨᠠᠷᠢᠯᠢᠭ ᠪᠣᠳᠠᠲᠠᠶ ᠬᠢᠵᠦ᠂ ᠡᠷᠬᠡ ᠲᠡᠭᠰᠢ᠂ ᠪᠦᠯᠬᠦᠮᠳᠡᠯ ᠲᠠᠢ᠂ ᠬᠠᠷᠢᠯᠴᠠᠨ ᠬᠠᠪᠰᠤᠷᠤᠯᠴᠠᠭᠰᠠᠨ᠂ ᠡᠶ᠎ᠡ ᠵᠣᠬᠢᠴᠠᠯ ᠲᠠᠢ ᠨᠡᠶᠢᠭᠡᠮ ᠵᠢᠷᠤᠮ ᠤᠨ ᠦᠨᠳᠦᠰᠦᠲᠡᠨ ᠤ ᠬᠠᠷᠢᠴᠠᠭ᠎ᠠ ᠶᠢ ᠲᠠᠰᠤᠷᠠᠯᠲᠠ ᠥᠬᠡᠶ ᠪᠠᠬᠢᠵᠢᠭᠦᠯᠵᠦ᠂ ᠡᠬᠡ ᠤᠯᠤᠰ ᠤᠨ ᠤᠮᠠᠷᠠᠲᠤ ᠬᠢᠯᠢ ᠶᠢᠨ ᠠᠮᠤᠷ ᠳᠠᠶᠢᠪᠣᠩ᠂ ᠠᠷᠠᠳ ᠣᠯᠠᠨ ᠤ ᠠᠮᠤᠷ ᠲᠦᠪᠰᠢᠨ ᠠᠵᠤ ᠲᠦᠷᠦᠭᠦ ᠶᠢ ᠦᠨᠡᠨᠬᠦ ᠪᠠᠲᠤᠯᠠᠨ᠎ᠠ᠃      ᠬᠤᠶᠠᠷ᠂ ᠠᠮᠤᠷ ᠲᠦᠪᠰᠢᠨ ᠤ ᠬᠡᠮ ᠰᠣᠭᠤᠭ ᠢ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠴᠢᠩᠭ᠎ᠠ ᠪᠣᠳᠠᠲᠠᠶ ᠠᠳᠬᠤᠨ᠎ᠡ᠃ ᠰᠢ ᠶᠢᠨ ᠫᠢᠩ ᠶᠡᠷᠦᠩᠬᠡᠶ ᠱᠦᠵᠢ ᠶᠢᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠤᠰᠬᠠᠶ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠦᠨ᠂ ᠡᠯ᠎ᠡ ᠵᠦᠢᠯ ᠤᠨ ᠡ᠊ᠨᠳᠡᠯ ᠭᠠᠷᠬᠤ ᠶᠢ ᠪᠦᠲᠦᠮᠵᠢᠲᠡᠶ ᠬᠤᠷᠢᠭᠯᠠᠨ᠎ᠠ᠃ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠵᠢᠯᠣᠭᠤᠳᠬᠤ ᠰᠢᠰᠲ᠋ᠧᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠲᠥᠬᠦᠭᠡᠷᠦᠮᠵᠢ ᠪᠠ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠦᠶᠡᠷ ᠤᠰᠤ᠂ ᠭᠠᠩ ᠭᠠᠴᠢᠭ᠂ ᠭᠠᠯ ᠲᠦᠢᠮᠡᠷ ᠢ ᠰᠡᠷᠭᠡᠶᠢᠯᠡᠬᠦ  ᠪᠠ ᠠᠭᠤᠷᠬᠠᠶ ᠶᠢᠨ ᠠᠮᠤᠷ ᠲᠦᠪᠰᠢᠨ ᠢ ᠪᠠᠳᠣᠯᠠᠨ᠂ ᠠᠪᠤᠷᠠᠨ ᠲᠤᠰᠠᠯᠠᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠨᠦᠭᠡᠴᠡ ᠶᠢ ᠪᠠᠲᠤᠯᠠᠬᠤ ᠲᠣᠭᠳᠠᠯᠴᠠᠭ᠎ᠠ ᠶᠢ ᠲᠡᠭᠦᠯᠳᠡᠷᠵᠢᠭᠦᠯᠵᠦ᠂ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠪᠠ ᠪᠠᠴᠢᠮ ᠪᠠᠶᠢᠳᠠᠯ ᠢ ᠠᠷᠭᠠᠴᠠᠬᠤ ᠡᠳ᠋ ᠪᠣᠳᠠᠰ ᠤᠨ ᠠᠶᠤᠯᠭᠦᠶ ᠶᠢᠨ ᠬᠠᠮᠢᠶᠠᠷᠤᠯᠲᠠ ᠶᠢ ᠴᠢᠩᠭᠠᠳᠬᠠᠨ᠎ᠡ᠃ ᠠᠶᠣᠯᠬᠦᠢ ᠦᠢᠯᠡᠳᠪᠦᠷᠢᠯᠡᠯ ᠤᠨ ︽ᠲᠠᠪᠤ ᠳᠤ ᠣᠷᠤᠭᠤᠯᠬᠤ︾ ᠠᠵᠢᠯᠯᠠᠭ᠎ᠠ ᠶᠢ ᠭᠦᠨᠵᠡᠭᠡᠶ ᠲᠥᠯᠬᠢᠨ ᠠᠬᠢᠭᠤᠯᠵᠤ᠂ ᠪᠥᠬᠦ ᠨᠡᠶᠢᠭᠡᠮ ᠤᠨ ᠠᠶᠤᠯᠭᠦᠶ ᠦᠢᠯᠡᠳᠪᠦᠷᠢᠯᠡᠯ ᠤᠨ ᠣᠬᠠᠮᠰᠡᠷ ᠢ ᠲᠠᠰᠤᠷᠠᠯᠳᠠ ᠥᠭᠡᠢ ᠳᠡᠭᠡᠭᠰᠢᠯᠡᠭᠦᠯᠦᠨ᠎ᠡ᠃ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠢᠳᠡᠭᠡᠨ ᠤᠮᠳᠠᠭᠠᠨ ᠤ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠲᠤᠯᠠᠨ᠎ᠠ᠃ ᠤᠯᠤᠰ ᠤᠨ ᠪᠠᠲᠤᠯᠠᠨ ᠬᠠᠮᠠᠭᠠᠯᠠᠯᠲᠠ ᠶᠢᠨ ᠬᠥᠮᠦᠵᠢᠯ᠂ ᠡᠷᠦᠬᠡ ᠶᠢᠨ ᠴᠡᠷᠢᠭ᠂ ᠴᠡᠷᠢᠭ ᠠᠴᠠ ᠬᠠᠯᠠᠭᠳᠠᠭᠰᠠᠳ ᠤᠨ ᠬᠡᠷᠡᠭ ᠶᠠᠪᠤᠳᠠᠯ ᠵᠢᠴᠢ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ ᠠᠵᠢᠯ ᠢ ᠴᠢᠩᠭᠠᠳᠬᠠᠨ᠎ᠠ᠃      ᠭᠤᠷᠪᠠ᠂ ᠤᠯᠠᠨ ᠡᠪᠡᠳᠴᠢᠨ ᠢ ᠬᠠᠮᠲᠤ ᠳᠤᠨᠢ ᠰᠡᠷᠭᠡᠶᠢᠯᠡᠬᠦ ᠠᠵᠢᠯ ᠢ ᠰᠢᠨᠵᠢᠯᠡᠬᠦ ᠤᠬᠠᠭᠠᠨᠴᠢ ᠪᠠᠷ ᠣᠨᠣᠪᠴᠢᠳᠠᠢ ᠰᠠᠶᠢᠲᠤᠷ ᠬᠢᠨ᠎ᠠ᠃ ︽ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠪᠦᠷᠢᠨ ᠭᠦᠢᠴᠡᠳ᠂ ᠵᠦᠪ ᠣᠨᠣᠪᠴᠢᠲᠠᠶ᠂ ᠪᠥᠬᠦ ᠲᠠᠯ᠎ᠠ ᠪᠠᠷ ᠭᠡᠷᠡᠭᠵᠢᠬᠦᠯᠦᠨ᠂ ᠬᠢᠵᠢᠭ ᠤᠨ ᠪᠠᠶᠢᠳᠠᠯ ᠢ ᠪᠠᠶᠢᠩᠭᠤᠵᠢᠭᠤᠯᠣᠨ ᠰᠡᠷᠭᠡᠶᠢᠯᠡᠨ ᠡᠵᠡᠮᠳᠡᠬᠦ ᠠᠵᠢᠯ ᠢ ᠰᠢᠨᠵᠢᠯᠡᠬᠦ ᠤᠬᠠᠭᠠᠨᠴᠢ ᠪᠠᠷ᠂ ᠨᠠᠷᠢᠯᠢᠭ ᠣᠨᠣᠪᠴᠢᠳᠠᠢ᠂ ᠥᠨᠳᠥᠷ ᠪᠦᠲᠦᠮᠵᠢᠲᠡᠶ ᠰᠠᠶᠢᠲᠤᠷ ᠬᠢᠵᠦ᠂ ᠠᠷᠠᠳ ᠲᠦᠮᠡᠨ ᠤ ᠠᠮᠢ ᠨᠠᠰᠤ ᠪᠠ ᠪᠡᠶ᠎ᠡ ᠮᠠᠬᠠᠪᠣᠳ ᠤᠨ ᠠᠮᠣᠷ ᠲᠦᠪᠰᠢᠨ ᠢ ᠬᠠᠮᠤᠭ ᠶᠡᠭᠡ ᠬᠡᠮᠵᠢᠶ᠎ᠡ ᠪᠠᠷ ᠬᠠᠮᠠᠭᠠᠯᠠᠨ᠂ ᠬᠢᠵᠢᠭ ᠤᠨ ᠪᠠᠶᠢᠳᠠᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠵᠡᠭᠦᠯᠬᠦ ᠨᠥᠯᠥᠭᠡ ᠶᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠨ᠎ᠠ᠃ ᠬᠤᠯᠤᠭᠠᠨ᠎ᠠ ᠬᠤᠷᠤᠬᠠᠢ ᠶᠢ ᠤᠰᠠᠳᠬᠠᠬᠤ᠂ ᠣᠷᠣᠨ ᠨᠤᠲᠤᠭ ᠤᠨ ᠴᠢᠨᠠᠷᠲᠠᠶ ᠬᠠᠯᠳᠠᠪᠤᠷᠢᠲᠤ ᠡᠪᠡᠳᠴᠢᠨ ᠢ ᠬᠠᠮᠲᠤ ᠳᠤᠨᠢ ᠰᠡᠷᠭᠡᠶᠢᠯᠡᠬᠦ ᠠᠵᠢᠯ ᠢ ᠰᠠᠶᠢᠲᠤᠷ ᠪᠡᠶᠡᠯᠡᠬᠦᠯᠦᠨ᠂ 170 ᠲᠦᠮᠡᠨ ᠮᠥ ᠨᠣᠳᠤᠭ ᠪᠡᠯᠴᠢᠭᠡᠷ ᠳᠠᠬᠢ ᠬᠤᠯᠤᠭᠠᠨ᠎ᠠ ᠶᠢᠨ ᠬᠥᠨᠥᠭᠡᠯ᠂ 180 ᠲᠦᠮᠡᠨ ᠮᠥ ᠨᠣᠳᠤᠭ ᠪᠡᠯᠴᠢᠭᠡᠷ ᠳᠠᠬᠢ ᠬᠤᠷᠣᠬᠠᠶ ᠶᠢᠨ ᠬᠥᠨᠥᠭᠡᠯ ᠢ ᠰᠡᠷᠭᠡᠶᠢᠯᠡᠨ᠂ ᠬᠢᠵᠢᠭ ᠤᠨ ᠲᠠᠷᠢᠯᠭ᠎ᠠ ᠲᠠᠷᠢᠬᠤ ᠵᠣᠬᠢᠰᠲᠠᠢ ᠶᠢ ᠨᠢ ᠪᠦᠬᠦᠨ ᠢ ᠲᠠᠷᠢᠵᠣ᠂ ᠠᠷᠠᠳ ᠣᠯᠠᠨ ᠤ ᠠᠮᠢ ᠨᠠᠰᠤ ᠪᠡᠶ᠎ᠡ ᠮᠠᠬᠠᠪᠣᠳ ᠤᠨ ᠠᠮᠤᠷ ᠲᠦᠪᠰᠢᠨ ᠢ ᠪᠥᠬᠦ ᠬᠦᠴᠦᠨ ᠢᠶᠠᠷ ᠢᠶᠠᠨ ᠪᠠᠳᠣᠯᠠᠨ᠎ᠠ᠃      ᠲᠦᠷᠪᠡ ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠣᠬᠢᠴᠠᠯ ᠪᠠ ᠲᠣᠭᠲᠠᠭᠤᠨ ᠢ ᠪᠦᠬᠦ ᠬᠦᠴᠦᠨ ᠢᠶᠠᠷ ᠪᠠᠳᠣᠯᠠᠨ᠎ᠠ᠃ ︽ᠬᠠᠣᠯᠢ ᠪᠠᠷ ᠵᠠᠰᠠᠬᠤ ᠵᠡᠭᠦᠨ ᠦᠵᠦᠮᠦᠴᠢᠨ︾᠂ ︽ᠠᠮᠤᠷ ᠲᠣᠭᠳᠠᠭᠤᠨ ᠵᠡᠭᠦᠨ ᠦᠵᠦᠮᠦᠴᠢᠨ︾ ᠎ ᠤ ᠪᠠᠶᠢᠭᠤᠯᠤᠯᠲᠠ ᠶᠢ ᠠᠬᠢᠭᠤᠯᠣᠨ᠂ ᠰᠢᠨ᠎ᠡ ᠴᠠᠭ ᠦᠶ᠎ᠡ ᠶᠢᠨ ︽ᠹᠧᠩ ᠴᠢᠶᠣᠣ ᠶᠢᠨ ᠲᠤᠷᠰᠢᠯᠭ᠎ᠠ︾᠎ ᠶᠢ ᠪᠠᠷᠢᠮᠲᠠᠯᠠᠨ᠂ ᠵᠥᠷᠢᠴᠡᠯ ᠵᠢᠭᠤᠷᠠᠯᠳᠤᠭᠠᠨ ᠢ ᠤᠯᠠᠨ ᠲᠠᠯ᠎ᠠ ᠪᠠᠷ ᠰᠢᠢᠳᠪᠦᠷᠢᠯᠡᠬᠦ ᠲᠣᠭᠲᠠᠴᠠ ᠶᠢ ᠪᠦᠷᠢᠨᠰᠢᠬᠦᠯᠵᠦ᠂ ᠵᠥᠷᠢᠴᠡᠯ ᠢ ᠡᠬᠢᠨ ᠤ ᠬᠤᠭᠤᠴᠠᠭ᠎ᠠ ᠳᠤᠨᠢ᠂ ᠦᠨᠳᠦᠰᠦᠨ ᠱᠠᠲᠤᠨ ᠳᠤᠨᠢ ᠰᠢᠢᠳᠪᠦᠷᠢᠯᠡᠬᠦ ᠪᠠᠷ ᠴᠢᠷᠮᠠᠶᠢᠨ᠎ᠠ᠃ ︽ᠤᠶᠤᠨᠲᠤ ᠳᠣᠲᠣᠭᠠᠳᠤ ᠶᠢ ᠬᠠᠮᠠᠭᠠᠯᠠᠬᠤ︾ ᠰᠢᠰᠲ᠋ᠧᠮ ᠢ ᠪᠥᠬᠦ ᠲᠠᠯ᠎ᠠ ᠪᠠᠷ ᠡᠬᠢᠯᠡᠨ ᠬᠡᠷᠡᠭᠯᠡᠵᠦ᠂ ᠫᠤᠤ ᠵᠡᠪᠰᠡᠭ ᠰᠣᠮᠣ ᠳᠠᠷᠢ ᠬᠤᠷᠢᠶᠠᠨ ᠬᠠᠳᠠᠭᠠᠯᠠᠬᠤ᠂ ᠱᠠᠯᠢᠭ ᠵᠠᠪᠬᠠᠶ ᠪᠠ ᠬᠠᠤᠯᠢ ᠪᠤᠰᠤ ᠬᠡᠪᠯᠡᠭᠳᠡᠬᠦᠨ ᠳᠤ ᠴᠣᠬᠢᠯᠲᠠ ᠦᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠴᠠᠬᠢᠯᠭᠠᠨ ᠬᠤᠯᠪᠣᠭ᠎ᠠ ᠶᠢᠨ ᠮᠡᠭᠡᠯᠡᠯ᠂ ᠬᠦᠴᠦᠷᠬᠡᠭᠯᠡᠯ ᠤᠨ ᠶᠠᠯᠠᠲᠤ ᠠᠵᠢᠯᠯᠠᠭ᠎ᠠ ᠵᠡᠷᠭᠡ ᠬᠠᠤᠯᠢ ᠶᠢ ᠵᠥᠷᠢᠴᠡᠭᠰᠡᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠮᠥᠩᠭᠦᠨ ᠭᠦᠢᠯᠭᠡᠭᠡᠨ ᠤ ᠲᠦᠭᠰᠢᠭᠦᠷᠢ ᠶᠢ ᠠᠷᠢᠯᠭᠠᠬᠤ ᠪᠠ ᠨᠡᠮᠡᠭᠳᠡᠯ ᠢ ᠬᠢᠵᠠᠭᠠᠷᠯᠠᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠣᠷᠣᠨ ᠪᠦᠰᠡ ᠶᠢᠨ ᠴᠢᠨᠠᠷᠲᠠᠶ᠂ ᠰᠢᠰᠲ᠋ᠧᠮ ᠤᠨ ᠴᠢᠨᠠᠷᠲᠠᠶ ᠮᠥᠩᠭᠦᠨ ᠭᠦᠢᠯᠭᠡᠭᠡᠨ ᠤ ᠲᠦᠭᠰᠢᠭᠦᠷᠢ ᠭᠠᠷᠬᠤ ᠦᠭᠡᠢ ᠬᠤᠷᠢᠭ᠎ᠠ ᠱᠤᠭᠤᠮ ᠢ ᠪᠠᠲᠤ ᠰᠠᠬᠢᠨ᠎ᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡ᠂ ᠨᠢᠭᠦᠯᠡᠰᠦᠩᠭᠦᠶ ᠶᠢᠨ ᠦᠢᠯᠡᠰ ᠤᠨ ᠡᠷᠡᠭᠦᠯ ᠢᠶᠠᠷ ᠬᠥᠭᠵᠢᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠱᠠᠰᠢᠨ ᠰᠤᠷᠲᠠᠬᠤᠨ᠂ ᠣᠯᠠᠨ ᠲᠦᠮᠡᠨ ᠤ ᠪᠦᠯᠬᠦᠮ ᠤᠨ ᠠᠵᠢᠯ ᠤᠨ ᠰᠢᠨ᠎ᠡ ᠶᠢ ᠡᠬᠦᠳᠬᠦ ᠶᠢ ᠵᠣᠷᠢᠭᠵᠢᠭᠤᠯᠤᠨ᠂ ᠡᠮᠡᠭᠲᠡᠶᠢᠴᠦᠳ᠂ ᠬᠡᠤᠬᠡᠳ᠂ ᠨᠠᠰᠤᠲᠠᠶᠢᠴᠤᠳ᠂ ᠵᠡᠮᠳᠡᠭᠴᠦᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠨ᠂ ︽ᠲᠠᠪᠣᠳᠣᠭᠠᠷ ᠣᠳᠠᠭᠠᠨ ᠎ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ︾᠎ ᠶᠢᠨ ᠠᠵᠢᠯ ᠢ ᠡᠮᠬᠢ ᠵᠢᠷᠤᠮ ᠲᠠᠢ ᠪᠠᠷ ᠳᠥᠯᠭᠢᠨ ᠠᠬᠢᠭᠤᠯᠵᠤ᠂ ᠲᠥᠷᠥ ᠲᠦᠪᠰᠢᠨ ᠠᠷᠠᠳ ᠠᠮᠤᠭᠤᠯᠠᠩ ᠨᠡᠶᠢᠭᠡᠮ ᠤᠨ ᠣᠷᠴᠢᠨ ᠲᠣᠭᠤᠷᠢᠨ ᠢ ᠴᠢᠷᠮᠠᠶᠢᠨ ᠪᠠᠲᠤᠯᠠᠨ᠎ᠠ᠃      ︵ᠨᠠᠢᠮᠠ︶ ᠲᠣᠰ ᠪᠡᠶ᠎ᠡ ᠶᠢᠨ ᠪᠠᠶᠢᠭᠤᠯᠤᠯᠲᠠ ᠳᠤ ᠬᠦᠴᠦᠨ ᠢᠶᠠᠨ ᠲᠦᠪᠯᠡᠷᠡᠬᠦᠯᠵᠣ᠂ ᠲᠡᠷᠢᠭᠦᠨ ᠳᠤ ᠵᠣᠭᠰᠣᠵᠣ᠂ ᠲᠡᠷᠢᠭᠦᠨ ᠳᠤ ᠣᠷᠣᠬᠤ ᠪᠠᠷ ᠴᠢᠷᠮᠠᠶᠢᠬᠤ ᠰᠢᠨ᠎ᠡ ᠪᠠᠶᠢᠳᠠᠯ ᠢ ᠴᠢᠷᠮᠠᠶᠢᠨ ᠡᠬᠦᠳᠦᠨ᠎ᠡ᠃ ᠪᠥᠬᠦ ᠬᠤᠰᠢᠭᠤᠨ ᠤ ᠵᠠᠰᠠᠭ ᠤᠨ ᠣᠷᠳᠣᠨ ᠤ ᠰᠢᠰᠲ᠋ᠧᠮ ᠤᠨ ᠬᠢᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠢᠮᠠᠭᠲᠠ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠲᠤᠤᠱᠯᠠᠭᠤᠯᠤᠨ᠂ ︽ ᠬᠤᠶᠠᠷ ᠢ ᠲᠣᠭᠳᠠᠭᠠᠭᠰᠠᠨ︾ ᠠᠴᠢ ᠬᠤᠯᠪᠣᠭᠳᠠᠯ ᠢ ᠬᠦᠨᠵᠡᠭᠡᠢ ᠣᠶᠢᠯᠠᠭᠠᠵᠣ᠂ ︽ᠳᠥᠷᠪᠡᠨ ᠤᠬᠠᠮᠰᠠᠷ︾᠎ ᠢ ᠴᠢᠩᠭᠠᠳᠬᠠᠨ᠂ ︽ᠳᠥᠷᠪᠡᠨ ᠢᠲᠡᠭᠡᠯ︾᠎ ᠢ ᠪᠠᠳᠣᠳᠬᠠᠵᠣ᠂ ︽ᠬᠤᠶᠠᠷ ᠢ ᠬᠠᠮᠠᠭᠠᠯᠠᠬᠤ︾᠎ ᠶᠢ ᠪᠡᠶᠡᠯᠡᠬᠦᠯᠦᠨ᠂ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠰᠠᠶᠢᠳᠣᠷ ᠨᠠᠶᠢᠳᠠᠪᠤᠷᠢᠵᠢᠭᠤᠯᠵᠤ᠂ ᠦᠷ᠎ᠡ ᠪᠦᠳᠦᠮᠵᠢ ᠭᠠᠷᠭᠠᠬᠤ ᠶᠢ ᠠᠬᠢᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠠᠬᠢᠭᠤᠯᠵᠤ᠂ ︽ᠭᠤᠷᠪᠠᠨ ᠴᠢᠬᠤᠯᠠ ᠨᠢᠭᠡ ᠲᠣᠮᠣ︾ ᠬᠡᠷᠡᠭ ᠶᠠᠪᠣᠳᠠᠯ ᠢ ᠬᠠᠮᠳᠣᠪᠡᠷ ᠵᠦᠪᠯᠡᠬᠦ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠬᠤᠰᠢᠭᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠶᠣᠰᠣᠭᠠᠷ ᠬᠢᠨᠠᠯᠲᠠ ᠲᠠᠯᠪᠢᠬᠤ᠂ ᠬᠤᠰᠢᠭᠤ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ ᠲᠦᠷᠢᠮ ᠳᠣᠭᠳᠠᠭᠠᠯ ᠢᠶᠠᠷ ᠵᠠᠰᠠᠭ ᠤᠨ ᠣᠷᠳᠣᠨ ᠤ ᠰᠢᠢᠳᠪᠦᠷᠢᠳᠣ ᠪᠣᠳᠣᠯᠭ᠎ᠠ ᠲᠣᠭᠲᠠᠭᠠᠬᠤ ᠠᠵᠢᠯᠯᠠᠭ᠎ᠠ ᠶᠢ ᠴᠢᠩᠭ᠎ᠠ ᠬᠢᠵᠠᠭᠠᠷᠯᠠᠨ᠎ᠠ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾᠎ ᠢ ᠭᠤᠶᠢᠪᠢᠰᠢ ᠦᠭᠡᠢ ᠵᠠᠯᠠᠷᠠᠭᠤᠯᠣᠨ᠂ ᠰᠢᠨ᠎ᠡ ᠬᠡᠪ ᠰᠤᠷᠲᠠᠯ ᠢ ᠪᠤᠢ ᠪᠣᠯᠭᠠᠵᠤ᠂ ᠤᠯᠠᠨ ᠲᠦᠮᠡᠨ ᠤ ᠳᠡᠷᠭᠡᠳᠡᠬᠢ ᠢᠯᠵᠠᠷᠠᠯ ᠪᠠ ᠬᠡᠪ ᠰᠤᠷᠲᠠᠯ ᠤᠨ ᠠᠰᠠᠭᠤᠳᠠᠯ ᠢ ᠡᠷᠡᠰ ᠴᠡᠭᠴᠡᠯᠡᠨ ᠵᠠᠰᠠᠨ᠎ᠠ᠃ ︽ᠭᠤᠷᠪᠠᠨ ᠵᠦᠢᠯ ᠤᠨ ᠠᠯᠪᠠᠨ ᠤ ᠵᠠᠷᠤᠳᠠᠯ︾᠎ ᠢ ᠴᠢᠩᠭ᠎ᠠ ᠬᠢᠵᠠᠭᠠᠷᠯᠠᠵᠤ᠂ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠢᠯᠡ ᠲᠣᠳᠣ ᠤᠳᠤᠷᠢᠳᠤᠮᠵᠢ ᠶᠢ ᠴᠢᠩᠭᠠᠳᠬᠠᠵᠤ᠂ ︽ᠭᠤᠷᠪᠠᠨ ᠤᠯᠠᠨ᠂ ᠭᠤᠷᠪᠠᠨ ᠴᠥᠭᠡᠨ᠂ ᠭᠤᠷᠪᠠᠨ ᠤᠳᠠᠭᠠᠨ ︾ ᠠᠰᠠᠭᠤᠳᠠᠯ ᠢ ᠡᠷᠡᠰ ᠬᠤᠷᠢᠭᠯᠠᠵᠤ᠂ ᠥᠷᠢᠰᠥᠯᠳᠦᠨ ᠬᠥᠭᠵᠢᠬᠦ ᠪᠠᠶᠢᠳᠠᠯ ᠢ ᠪᠤᠢ ᠪᠣᠯᠭᠠᠨ᠎ᠠ᠃      ᠲᠥᠯᠥᠭᠡᠯᠡᠭᠴᠢᠳ ᠡ︕ ᠵᠠᠭᠤᠨ ᠵᠢᠯ ᠤᠨ ᠠᠶᠠᠨ ᠵᠠᠮ ᠤᠨ ᠰᠢᠨ᠎ᠡ ᠭᠠᠷᠤᠭ᠎ᠠ ᠠᠴᠠ ᠴᠤᠭ ᠪᠠᠳᠠᠷᠠᠩᠭᠤᠢ ᠎ ᠪᠠᠷ ᠲᠠᠬᠢᠨ ᠮᠣᠷᠳᠠᠶ᠎ᠠ᠃ ᠪᠢᠳᠡ ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠳᠡᠭᠡᠷ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠠᠷᠠᠳ ᠲᠦᠮᠡᠨ ᠤ ᠨᠠᠶᠢᠳᠠᠯᠭ᠎ᠠ ᠶᠢ ᠪᠠᠲᠤ ᠴᠡᠭᠡᠵᠢᠯᠡᠨ᠂ ᠬᠥᠭᠵᠢᠯᠲᠡ ᠶᠢᠨ ᠬᠠᠷᠢᠭᠤᠴᠠᠯᠭ᠎ᠠ ᠶᠢ ᠵᠣᠷᠢᠭᠲᠠᠶ ᠪᠠᠷ ᠡᠭᠦᠷᠭᠡᠯᠡᠵᠦ᠂   ᠣᠮᠤᠭ ᠳᠡᠬᠦᠯᠳᠡᠷ ᠠᠵᠢᠯᠯᠠᠨ᠂ ᠨᠡᠶᠢᠭᠡᠮ ᠵᠢᠷᠤᠮ ᠤᠨ ᠣᠳᠣᠬᠢᠴᠢᠯᠠᠭᠰᠠᠨ ᠤᠯᠤᠰ ᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠵᠠᠮ ᠳᠤ ᠵᠡᠭᠦᠨ ᠦᠵᠦᠮᠦᠴᠢᠨ ᠬᠤᠰᠢᠭᠤᠨ ᠤ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠵᠡᠭᠡᠶ᠎ᠡ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号