2023 ᠣᠨ ᠤ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠨᠡᠷᠡᠰ ᠤᠨ ᠲᠠᠶᠢᠯᠪᠤᠷᠢ
ᠨᠡᠶᠢᠲᠡᠯᠡᠭᠰᠡᠨ ᠴᠠᠭ᠄
2023/1/5
      ᠵᠢᠷᠭᠤᠭ᠎ᠠ ᠶᠢ ᠲᠣᠭᠲᠠᠪᠤᠷᠢᠵᠢᠭᠤᠯᠬᠤ᠄ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠮᠥᠩᠭᠦᠨ ᠬᠦᠢᠯᠭᠡᠭᠡ ᠶᠢ ᠲᠣᠭᠲᠠᠪᠤᠷᠢᠵᠢᠭᠤᠯᠬᠤ᠂ ᠭᠠᠳᠠᠭᠠᠳᠤ ᠠᠷᠠᠯᠵᠢᠶ᠎ᠠ ᠶᠢ ᠲᠣᠭᠲᠠᠪᠤᠷᠢᠵᠢᠭᠤᠯᠬᠤ᠂ ᠭᠠᠳᠠᠭᠠᠳᠤ ᠪᠡᠯᠡ ᠮᠦᠩᠭᠦ ᠪᠠ ᠪᠡᠯᠡ ᠣᠷᠣᠭᠤᠯᠤᠯᠲᠠ ᠶᠢ ᠲᠣᠭᠲᠠᠪᠤᠷᠢᠵᠢᠭᠤᠯᠬᠤ᠂ ᠲᠥᠯᠥᠪᠯᠡᠭᠡ ᠶᠢ ᠳᠣᠭᠳᠠᠪᠤᠷᠢᠵᠢᠭᠤᠯᠬᠤ ᠶᠢ ᠵᠢᠭᠠᠵᠤ ᠪᠠᠶᠢᠨ᠎ᠠ᠃      ᠵᠢᠷᠭᠤᠭ᠎ᠠ ᠶᠢ ᠪᠠᠲᠤᠯᠠᠬᠤ᠄ ᠰᠠᠭᠤᠭᠠᠯᠢ ᠠᠷᠠᠳ ᠤᠨ ᠠᠵᠢᠯ ᠣᠯᠭᠤᠯᠲᠠ ᠶᠢ ᠪᠠᠳᠣᠯᠠᠬᠤ᠂ ᠦᠨᠳᠦᠰᠦᠨ ᠠᠷᠠᠳ ᠤᠨ ᠠᠮᠢᠳᠤᠷᠠᠯ ᠢ ᠪᠠᠲᠤᠯᠠᠬᠤ᠂ ᠵᠠᠬ᠎ᠠ ᠳᠡᠯᠭᠡᠭᠦᠷ ᠤᠨ ᠭᠤᠤᠯ ᠴᠣᠭᠴᠠ ᠶᠢ ᠪᠠᠲᠤᠯᠠᠬᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠠᠵᠤ ᠦᠢᠯᠡᠰ ᠪᠠ ᠬᠠᠩᠭᠠᠯᠭ᠎ᠠ ᠶᠢᠨ ᠬᠡᠯᠬᠢᠶᠡᠰᠦ ᠶᠢ ᠪᠠᠲᠤᠯᠠᠬᠤ᠂ ᠦᠨᠳᠦᠰᠦᠨ ᠱᠠᠲᠤᠨ ᠤ ᠠᠵᠢᠯ ᠢ ᠪᠠᠲᠤᠯᠠᠬᠤ ᠶᠢ ᠵᠢᠭᠠᠵᠤ ᠪᠠᠶᠢᠨ᠎ᠠ᠃      ᠬᠤᠶᠠᠷ ᠳᠠᠷᠤᠭ᠎ᠠ ᠶᠢᠨ ᠳᠦᠷᠢᠮ᠄ ᠭᠤᠣᠯ ᠮᠦᠷᠡᠨ ᠤ ᠳᠠᠷᠤᠭ᠎ᠠ ᠶᠢᠨ ᠳᠦᠷᠢᠮ᠂ ᠨᠠᠭᠤᠷ ᠴᠦᠬᠦᠷᠦᠮ ᠤᠨ ᠳᠠᠷᠤᠭ᠎ᠠ ᠶᠢᠨ ᠳᠦᠷᠢᠮ ᠢ ᠵᠢᠭᠠᠵᠤ ᠪᠠᠶᠢᠨ᠎ᠠ᠃      ᠭᠤᠷᠪᠠᠨ ᠣᠷᠣᠨ ᠵᠠᠢ ᠭᠤᠷᠪᠠᠨ ᠱᠤᠭᠤᠮ᠄ ︽ᠭᠤᠷᠪᠠᠨ ᠣᠷᠣᠨ ᠵᠠᠢ︾ ᠭᠡᠳᠡᠭ ᠨᠢ ᠬᠤᠲᠠ ᠪᠠᠯᠭᠠᠰᠤᠨ ᠤ ᠣᠷᠣᠨ ᠵᠠᠶ᠂ ᠮᠠᠯ ᠠᠵᠤ ᠠᠬᠤᠢ ᠶᠢᠨ ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠵᠦᠢᠯ ᠤᠨ ᠤᠯᠤᠰ ᠤᠨ ᠭᠠᠵᠠᠷ ᠰᠢᠷᠤᠢ ᠶᠢᠨ ᠣᠷᠣᠨ ᠵᠠᠶ ᠶᠢ ᠵᠢᠭᠠᠵᠤ ᠪᠠᠶᠢᠨ᠎ᠠ︔ ︽ᠭᠤᠷᠪᠠᠨ ᠱᠤᠭᠤᠮ︾ ᠭᠡᠳᠡᠭ ᠨᠢ ᠬᠤᠲᠠ ᠪᠠᠯᠭᠠᠰᠣᠨ ᠤ ᠨᠡᠭᠡᠭᠡᠨ ᠬᠦᠭᠵᠢᠭᠦᠯᠬᠦ ᠬᠤᠷᠢᠭ᠎ᠠ ᠱᠤᠭᠤᠮ᠂ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠪᠠ ᠠᠮᠢ ᠠᠬᠤᠶ ᠶᠢᠨ ᠬᠠᠮᠠᠭᠠᠯᠠᠯᠲᠠ ᠶᠢᠨ ᠬᠤᠷᠢᠭ᠎ᠠ ᠱᠤᠭᠤᠮ ᠵᠡᠷᠭᠡ ᠭᠤᠷᠪᠠᠨ ᠬᠤᠷᠢᠭ᠎ᠠ ᠱᠤᠭᠤᠮ ᠢ ᠵᠢᠭᠠᠵᠤ  ᠪᠠᠶᠢᠨ᠎ᠠ᠃      ᠭᠤᠷᠪᠠ ᠦᠭᠡᠶ ᠬᠥᠮᠦᠰ᠄ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠠᠴᠠ ᠡᠷᠭᠦᠨ ᠲᠡᠵᠢᠭᠡᠭᠰᠡᠨ ᠠᠮᠢᠳᠤᠷᠠᠯ ᠤᠨ ᠢᠷᠡᠯᠲᠡ ᠦᠭᠡᠶ᠂ ᠬᠥᠳᠡᠯᠮᠦᠷᠢᠯᠡᠬᠦ ᠴᠢᠳᠠᠪᠤᠷᠢ ᠦᠭᠡᠶ᠂ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ᠬᠥᠮᠦᠨ ᠦᠭᠡᠢ ᠪᠤᠶᠤ ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠬᠦ ᠬᠥᠮᠦᠨ ᠨᠢ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠠᠴᠠ ᠪᠣᠯᠵᠤ ᠠᠰᠠᠷᠠᠨ ᠲᠡᠵᠢᠭᠡᠬᠦ ᠬᠦᠮᠦᠨ ᠦᠭᠡᠶ ᠪᠣᠯᠣᠭᠰᠠᠨ ᠠᠷᠠᠳ ᠢᠷᠭᠡᠳ ᠢ ᠵᠢᠭᠠᠵᠤ ᠪᠠᠶᠢᠨ᠎ᠠ᠃      ᠲᠠᠪᠤᠨ ᠪᠠᠲᠤᠯᠠᠭᠠᠲᠤ ᠬᠥᠮᠦᠰ᠄ ᠢᠳᠡᠬᠦ᠂ ᠡᠮᠦᠰᠬᠦ᠂ ᠡᠮᠨᠡᠯᠭᠡ ᠳᠤ ᠦᠵᠡᠭᠦᠯᠬᠦ᠂ ᠣᠷᠣᠨ ᠰᠠᠭᠤᠴᠠ᠂ ᠣᠷᠣᠰᠢᠭᠤᠯᠬᠤ ᠶᠢ ᠪᠠᠲᠣᠯᠠᠬᠤ ︵ᠥᠨᠥᠴᠢᠨ ᠬᠡᠦᠬᠡᠳ ᠢ ᠠᠰᠠᠷᠠᠨ ᠬᠥᠮᠦᠵᠢᠭᠦᠯᠦᠨ᠎ᠡ︶ ᠶᠢ ᠵᠢᠭᠠᠵᠤ ᠪᠠᠶᠢᠨ᠎ᠠ᠃      ᠲᠠᠪᠤᠨ ᠬᠥᠮᠦᠵᠢᠯ ᠢ ᠵᠡᠷᠭᠡᠪᠡᠷ ᠠᠳᠬᠤᠬᠤ᠄ ᠶᠣᠰᠣ ᠰᠤᠷᠲᠠᠬᠤᠨ ᠤ ᠬᠥᠮᠦᠵᠢᠯ᠂ ᠤᠶᠤᠨ ᠤ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠢ ᠵᠢᠭᠠᠵᠤ ᠪᠠᠶᠢᠨ᠎ᠠ᠃      ᠦᠨᠳᠦᠰᠦᠲᠡᠨ ᠤ ᠪᠦᠯᠬᠦᠮᠳᠡᠯ ᠢ ᠡᠭᠦᠳᠦᠨ ᠪᠠᠶᠢᠭᠤᠯᠬᠤ ︽ᠨᠠᠢᠮᠠ ᠳᠤ ᠣᠷᠣᠭᠤᠯᠬᠤ︾᠄ ᠠᠯᠪᠠᠨ ᠪᠠᠶᠢᠭᠤᠯᠭ᠎ᠠ᠂ ᠰᠤᠷᠭᠠᠭᠤᠯᠢ᠂ ᠠᠵᠤ ᠠᠬᠤᠶᠢᠯᠠᠯ᠂ ᠱᠠᠰᠢᠨ ᠰᠤᠷᠲᠠᠬᠤᠨ ᠤ ᠲᠠᠯᠠᠪᠤᠷ᠂ ᠰᠣᠮᠣ ᠪᠠᠯᠭᠠᠰᠤ ︵ᠵᠡᠭᠡᠯᠢ ᠭᠤᠳᠤᠮᠵᠢ︶᠂ ᠭᠠᠴᠠᠭ᠎ᠠ ︵ᠨᠡᠶᠢᠭᠡᠮ ᠲᠣᠭᠤᠷᠢᠭ︶ ᠂ ᠴᠡᠷᠢᠭ ︵ᠴᠠᠭᠳᠠᠭ᠎ᠠ︶ ᠠᠩᠭᠢ᠂  ᠰᠦᠯᠵᠢᠶᠡᠨ ᠳᠤ ᠣᠷᠤᠭᠤᠯᠬᠤ ᠶᠢ ᠵᠢᠭᠠᠵᠤ ᠪᠠᠶᠢᠨ᠎ᠠ᠃      ᠳᠥᠷᠪᠡᠨ ᠬᠠᠮᠤᠭ ᠤᠨ ᠴᠢᠩᠭ᠎ᠠ᠄ ᠬᠠᠮᠤᠭ ᠤᠨ ᠴᠢᠩᠭ᠎ᠠ ᠪᠠᠷᠢᠮᠵᠢᠶ᠎ᠠ᠂ ᠬᠠᠮᠤᠭ ᠤᠨ ᠴᠢᠩᠭ᠎ᠠ ᠬᠢᠨᠠᠯᠲᠠ ᠬᠠᠮᠢᠶᠠᠷᠤᠯᠲᠠ᠂ ᠬᠠᠮᠤᠭ ᠤᠨ ᠴᠢᠩᠭ᠎ᠠ ᠰᠢᠳᠬᠡᠯ ᠣᠯᠭᠤᠬᠤ᠂ ᠬᠠᠮᠤᠭ ᠤᠨ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠵᠢᠭᠠᠵᠤ ᠪᠠᠶᠢᠨ᠎ᠠ᠃      ᠲᠠᠪᠤᠨ ᠶᠡᠭᠡ ᠡᠭᠦᠷᠭᠡ᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠪᠣᠯᠭᠠᠨ ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ᠂ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠦᠢᠯᠡᠳᠪᠦᠷᠢᠯᠡᠯ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠵᠤ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠴᠡᠭ ᠤᠷᠤᠨ ᠢ ᠪᠠᠶᠢᠭᠤᠯᠬᠤ ᠶᠢ ᠵᠢᠭᠠᠵᠤ ᠪᠠᠶᠢᠨ᠎ᠠ᠃      ᠭᠤᠷᠪᠠᠨ ᠱᠤᠭᠤᠮ ᠨᠢᠭᠡ ᠬᠠᠭᠤᠳᠠᠰᠤ᠄ ᠠᠮᠢ ᠠᠬᠤᠢ ᠶᠢᠨ ᠬᠠᠮᠠᠭᠠᠯᠠᠯᠲᠠ ᠶᠢᠨ ᠤᠯᠠᠭᠠᠨ ᠱᠤᠭᠤᠮ᠂ ᠣᠷᠴᠢᠨ ᠠᠬᠤᠢ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠤ ᠱᠤᠭᠤᠮ ᠪᠠ ᠠᠮᠢ ᠠᠬᠤᠢ ᠣᠷᠴᠢᠨ ᠲᠤᠭᠤᠷᠢᠨ ᠤ ᠵᠥᠪᠰᠢᠶᠡᠷᠡᠯ ᠤᠨ ᠲᠣᠳᠣᠷᠬᠠᠢ ᠬᠠᠭᠤᠳᠠᠰᠤ ᠶᠢ ᠵᠢᠭᠠᠵᠤ ᠪᠠᠶᠢᠨ᠎ᠠ      ᠭᠤᠷᠪᠠᠨ ᠨᠢᠭᠡ ᠪᠦᠯᠦᠭ᠄ ᠨᠢᠭᠡ ᠪᠦᠯᠦᠭ ᠬᠦᠮᠦᠰ ᠢ ᠡᠯᠰᠡᠨ ᠠᠵᠢᠯ ᠣᠯᠭᠤᠬᠤ᠂ ᠨᠢᠭᠡ ᠪᠦᠯᠦᠭ ᠬᠦᠮᠦᠰ ᠢ ᠳᠠᠶᠢᠴᠢᠯᠠᠨ ᠠᠵᠢᠯ ᠣᠯᠭᠤᠬᠤ᠂ ᠨᠢᠭᠡ ᠪᠦᠯᠦᠭ ᠮᠠᠯᠵᠢᠬᠤ ᠣᠷᠣᠨ ᠤ ᠬᠦᠳᠡᠯᠮᠦᠷᠢ ᠬᠦᠴᠦ ᠶᠢ ᠰᠢᠯᠵᠢᠭᠦᠯᠦᠨ ᠠᠵᠢᠯ ᠣᠯᠭᠤᠬᠤ ᠶᠢ ᠵᠢᠭᠠᠵᠤ ᠪᠠᠶᠢᠨ᠎ᠠ᠃      ᠠᠶᠤᠯᠭᠦᠢ ᠦᠢᠯᠡᠳᠪᠦᠷᠢᠯᠡᠯ ᠤᠨ ᠤᠬᠠᠭᠤᠯᠭ᠎ᠠ ᠶᠢᠨ ︽ᠲᠠᠪᠤ ᠳᠤ ᠣᠷᠣᠭᠤᠯᠬᠤ︾᠄ ᠠᠵᠤ ᠠᠬᠤᠶᠢᠯᠠᠯ᠂ ᠮᠠᠯᠵᠢᠬᠤ ᠣᠷᠣᠨ᠂ ᠨᠡᠶᠢᠭᠡᠮ ᠲᠣᠭᠤᠷᠢᠭ᠂ ᠰᠤᠷᠭᠠᠭᠤᠯᠢ᠂ ᠭᠡᠷ ᠪᠦᠯᠢ ᠳᠤ ᠣᠷᠣᠭᠤᠯᠬᠤ ᠶᠢ ᠵᠢᠭᠠᠵᠤ ᠪᠠᠶᠢᠨ᠎ᠠ᠃      ᠭᠤᠷᠪᠠ ᠠᠷᠪᠢᠨ᠂ ᠭᠤᠷᠪᠠ ᠴᠥᠭᠡᠨ᠂ ᠭᠤᠷᠪᠠ ᠤᠳᠠᠭᠠᠨ᠄ ᠪᠣᠳᠠᠲᠠᠶ ᠪᠠᠷ ᠬᠡᠯᠡᠪᠡᠯ᠄ ᠬᠤᠷᠠᠯ ᠠᠷᠪᠢᠨ᠂ ᠠᠵᠢᠯᠯᠠᠭ᠎ᠠ ᠠᠷᠪᠢᠨ᠂ ᠭᠠᠳᠠᠭᠰᠢ ᠭᠠᠷᠬᠤ ᠨᠢ ᠠᠷᠪᠢᠨ᠂ ᠪᠠᠶᠢᠴᠠᠭᠠᠨ ᠰᠤᠳᠤᠯᠤᠯᠲᠠ ᠶᠢᠨ ᠮᠡᠳᠡᠭᠦᠯᠦᠯᠲᠡ ᠴᠥᠭᠡᠨ᠂ ᠠᠵᠢᠯ ᠤᠨ ᠰᠡᠳᠬᠢᠮᠵᠢ ᠴᠥᠭᠡᠨ᠂ ᠪᠣᠳᠠᠲᠠᠶ ᠠᠰᠠᠭᠤᠳᠠᠯ ᠢ ᠰᠢᠢᠳᠪᠦᠷᠢᠯᠡᠬᠦ ᠨᠢ ᠴᠥᠭᠡᠨ᠂ ᠰᠢᠢᠳᠪᠦᠷᠢᠲᠦ ᠪᠤᠳᠤᠯᠭ᠎ᠠ ᠲᠣᠭᠲᠠᠭᠠᠬᠤ ᠨᠢ ᠤᠳᠠᠭᠠᠨ᠂ ᠠᠵᠢᠯᠯᠠᠭ᠎ᠠ ᠨᠢ ᠤᠳᠠᠭᠠᠨ᠂ ᠦᠷ᠎ᠡ ᠳ᠋ᠦᠩ ᠨᠢ ᠤᠳᠠᠭᠠᠨ ᠪᠠᠶᠢᠬᠤ ᠶᠢ ᠵᠢᠭᠠᠵᠤ ᠪᠠᠶᠢᠨ᠎ᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号