ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠨᠠᠷ ᠡᠷᠢᠶᠡᠨ ᠬᠤᠲᠠ ᠳᠤ ᠬᠦᠷᠴᠦ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠰᠤᠷᠤᠯᠴᠠᠨ ᠰᠢᠨᠵᠢᠯᠡᠨ ᠪᠠᠶᠢᠴᠠᠭᠠᠪᠠ
ᠨᠡᠶᠢᠲᠡᠯᠡᠭᠰᠡᠨ ᠴᠠᠭ᠄
2023/10/11
      ᠡᠷᠢᠶᠡᠨ ᠬᠤᠲᠠ ᠶᠢᠨ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠲᠡᠷᠢᠭᠦᠨ ᠤ ᠲᠤᠷᠰᠢᠯᠭ᠎ᠠ ᠪᠠ ᠠᠷᠭ᠎ᠠ ᠶᠢ ᠰᠤᠷᠤᠯᠴᠠᠨ ᠲᠣᠯᠢᠯᠠᠵᠤ᠂ ᠳᠡᠭᠡᠷ᠎ᠡ ᠪᠠᠷᠢᠮᠵᠢᠶ᠎ᠠ ᠪᠠᠷ ᠵᠡᠭᠦᠨ ᠬᠠᠲᠠᠪᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠶᠢᠨ ᠲᠥᠯᠥᠭᠡ᠂ 10 ᠰᠠᠷ᠎ᠠ ᠶᠢᠨ 7 ᠤ ᠡᠳᠦᠷ᠂ ᠬᠤᠰᠢᠭᠤ ᠨᠠᠮ ᠤᠨ ᠬᠤᠷᠢᠶᠠᠨ ᠤ ᠱᠦᠵᠢ ᠬᠢᠩᠭᠠᠨ ᠨᠠᠷ ᠡᠷᠢᠶᠡᠨ ᠬᠤᠲᠠ ᠳᠤ ᠬᠦᠷᠴᠦ ᠲᠤᠬᠠᠢ ᠶᠢᠨ ᠭᠠᠵᠠᠷ ᠲᠤᠨᠢ ᠰᠢᠨᠵᠢᠯᠡᠨ ᠪᠠᠶᠢᠴᠠᠭᠠᠪᠠ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠢᠦᠢ ᠶᠢᠩ ᠵᠢᠶᠠᠨ᠂ ᠬᠤᠰᠢᠭᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠰᠢᠭᠤ ᠨᠠᠮ ᠤᠨ ᠬᠤᠷᠢᠶᠠᠨ ᠤ ᠠᠯᠪᠠᠨ ᠭᠡᠷ ᠤᠨ ᠡᠷᠬᠢᠯᠡᠭᠴᠢ ᠸᠠᠩ ᠬᠤᠩ ᠶᠠᠨ ᠪᠠᠷ᠎ᠠ ᠪᠣᠯᠵᠤ ᠰᠢᠨᠵᠢᠯᠡᠨ ᠪᠠᠶᠢᠴᠠᠭᠠᠪᠠ᠃      ᠰᠢᠨᠵᠢᠯᠡᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠳᠤᠮᠳᠠᠳᠤ ᠮᠣᠩᠭᠤᠯ ᠤᠨ ᠠᠵᠤ ᠠᠬᠤᠢ ᠶᠢᠨ ᠬᠠᠮᠲᠤᠷᠠᠯᠴᠠᠭᠠᠨ ᠤ ᠲᠣᠭᠤᠷᠢᠭ᠂ ᠣᠶᠤᠨᠲᠤ ᠪᠣᠭᠤᠮᠲᠠ ᠶᠢᠨ ᠬᠠᠮᠢᠶᠠᠷᠤᠯᠲᠠ ᠶᠢᠨ ᠲᠥᠪ᠂ ᠬᠤᠸᠠᠨ ᠢᠦᠢ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠣᠭᠤᠷᠢᠭ᠂ ᠡᠾᠦ᠋ᠢ ᠲᠦᠩ ᠤᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠲᠣᠭᠤᠷᠢᠭ᠂ ᠬᠢᠯᠢ ᠶᠢᠨ ᠠᠷᠠᠳ ᠤᠨ ᠵᠠᠬ᠎ᠠ ᠶᠢᠨ ᠠᠷᠠᠯᠵᠢᠶᠠᠨ ᠤ ᠲᠣᠭᠤᠷᠢᠭ ᠵᠢᠴᠢ ᠲᠡᠮᠦᠷ ᠵᠠᠮ ᠤᠨ ᠲᠡᠷᠭᠡᠨ ᠦᠷᠳᠡᠭᠡ ᠶᠢᠨ ᠲᠣᠬᠢᠷᠠᠭᠤᠯᠤᠯᠲᠠ ᠵᠢᠯᠣᠭᠤᠳᠤᠯᠭ᠎ᠠ ᠶᠢᠨ ᠲᠥᠪ ᠢ ᠲᠣᠭᠤᠷᠢᠨ ᠦᠵᠡᠪᠡ᠃ ᠡᠷᠢᠶᠡᠨ ᠬᠤᠲᠠ ᠶᠢᠨ ᠪᠣᠭᠤᠮᠲᠠ ᠶᠢᠨ ᠪᠠᠷᠠᠭᠠᠨ ᠤ ᠪᠣᠭᠤᠮᠲᠠ ᠥᠩᠭᠡᠷᠡᠬᠦ᠂ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ᠂ ᠪᠠᠷᠠᠭᠠᠨ ᠤ ᠭᠦᠢᠯᠭᠡᠭᠡᠨ ᠤ ᠲᠣᠭᠤᠷᠢᠭ ᠵᠢᠴᠢ ᠢᠵᠢ ᠪᠦᠷᠢᠳᠦᠭᠰᠡᠨ ᠦᠢᠯᠡᠴᠢᠯᠡᠭᠡᠨ ᠤ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠡᠵᠡᠩᠨᠡᠯᠲᠡ ᠵᠡᠷᠭᠡ ᠲᠠᠯ᠎ᠠ ᠶᠢᠨ ᠠᠷᠭ᠎ᠠ ᠬᠡᠯᠪᠡᠷᠢ ᠶᠢ ᠨᠠᠷᠢᠨ ᠣᠶᠢᠯᠠᠭᠠᠵᠤ᠂ ᠪᠣᠭᠤᠮᠲᠠ ᠶᠢᠨ ᠠᠵᠤ ᠦᠢᠯᠡᠰ ᠤᠨ ᠬᠥᠭᠵᠢᠯᠲᠡ᠂ ᠪᠣᠭᠤᠮᠲᠠ ᠪᠠᠷ ᠥᠩᠭᠡᠷᠡᠬᠦ ᠠᠷᠠᠯᠵᠢᠶ᠎ᠠ ᠵᠡᠷᠭᠡ ᠲᠠᠯ᠎ᠠ ᠶᠢᠨ ᠲᠡᠷᠢᠭᠦᠨ ᠤ ᠲᠤᠷᠰᠢᠯᠭ᠎ᠠ ᠶᠢ ᠰᠢᠩᠭᠡᠬᠡᠨ ᠠᠪᠴᠤ᠂ ᠪᠣᠭᠤᠮᠲᠠ ᠶᠢᠨ ᠬᠥᠭᠵᠢᠯᠲᠡ ᠶᠢ ᠬᠡᠷᠬᠢᠨ ᠨᠠᠩ ᠰᠠᠶᠢᠨ ᠠᠬᠢᠭᠤᠯᠬᠤ᠂ ᠪᠣᠭᠤᠮᠲᠠ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠵᠡᠷᠭᠡ ᠲᠠᠯ᠎ᠠ ᠪᠠᠷ ᠭᠦᠨᠵᠡᠭᠡᠢ ᠰᠤᠳᠤᠯᠤᠨ ᠶᠠᠷᠢᠯᠴᠠᠵᠤ᠂ ᠠᠵᠢᠯ ᠤᠨ ᠰᠡᠳᠬᠢᠮᠵᠢ ᠪᠠᠨ ᠬᠤᠪᠢᠶᠠᠯᠴᠠᠭᠰᠠᠨ ᠪᠠᠶᠢᠨ᠎ᠠ᠃ ᠬᠢᠩᠭᠠᠨ ᠢᠯᠡᠷᠬᠡᠶᠢᠯᠡᠬᠦ ᠳᠡᠭᠡᠨ᠂ ᠵᠡᠭᠦᠨ ᠬᠠᠲᠠᠪᠴᠢ ᠪᠣᠭᠤᠮᠲᠠ ᠶᠢᠨ ᠪᠦᠲᠦᠭᠡᠨ ᠪᠠᠶᠢᠭᠤᠯᠤᠯᠲᠠ ᠬᠥᠭᠵᠢᠯᠲᠡ ᠶᠢᠨ ᠶᠠᠪᠤᠴᠠ ᠳᠤ ᠬᠡᠳᠦᠶᠢᠪᠡᠷ ᠵᠣᠬᠢᠬᠤ ᠬᠡᠮᠵᠢᠶᠡᠨ ᠤ ᠲᠤᠷᠰᠢᠯᠭ᠎ᠠ ᠬᠤᠷᠠᠮᠳᠤᠭᠤᠯᠤᠭᠰᠠᠨ ᠪᠣᠯᠪᠠᠴᠤ ᠡᠷᠢᠶᠡᠨ ᠬᠤᠲᠠ ᠶᠢᠨ ᠪᠣᠭᠤᠮᠲᠠ ᠶᠢᠨ ᠠᠷᠠᠯᠵᠢᠶᠠᠨ ᠤ ᠬᠥᠭᠵᠢᠯᠲᠡ ᠶᠢᠨ ᠰᠢᠨ᠎ᠡ ᠵᠠᠭᠪᠤᠷ ᠢ ᠰᠤᠷᠤᠯᠴᠠᠵᠤ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠬᠦ ᠴᠢᠬᠤᠯᠠᠲᠠᠢ ᠪᠠᠶᠢᠨ᠎ᠠ ᠭᠡᠵᠡᠢ᠃ ᠬᠤᠶᠠᠷ ᠲᠠᠯ᠎ᠠ ᠪᠠᠷ ᠢᠶᠠᠨ ᠪᠠᠶᠢᠩᠭᠤ ᠶᠢᠨ ᠴᠢᠨᠡᠷᠲᠡᠢ ᠨᠡᠪᠲᠡᠷᠡᠯᠴᠡᠨ ᠬᠤᠯᠪᠣᠭ᠎ᠠ ᠠᠪᠬᠤ ᠲᠣᠭᠲᠠᠴᠠ ᠶᠢ ᠪᠠᠶᠢᠭᠤᠯᠵᠤ᠂ ᠳᠠᠪᠠᠭᠤᠯᠢᠭ ᠢᠶᠠᠨ ᠬᠠᠷᠢᠯᠴᠠᠨ ᠨᠥᠬᠦᠪᠦᠷᠢᠯᠡᠬᠦ ᠶᠢ ᠴᠢᠩᠭᠠᠳᠬᠠᠵᠤ ᠂ ᠰᠣᠯᠢᠯᠴᠠᠭ᠎ᠠ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠮᠠᠨ ᠤ ᠤᠯᠤᠰ ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠶᠢ ᠪᠦᠲᠦᠭᠡᠨ ᠪᠠᠶᠢᠭᠤᠯᠬᠤ ᠳᠤ ᠬᠤᠪᠢ ᠨᠡᠮᠡᠷᠢ ᠦᠵᠡᠭᠦᠯᠬᠦ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠵᠡᠭᠦᠨ ᠦᠵᠦᠮᠦᠴᠢᠨ ᠬᠤᠰᠢᠭᠤᠨ ᠤ ᠬᠢᠨ ᠲᠤᠰ ᠤᠳᠠᠭ᠎ᠠ ᠶᠢᠨ ᠰᠢᠨᠵᠢᠯᠡᠨ ᠪᠠᠶᠢᠴᠠᠭᠠᠵᠤ ᠰᠤᠷᠤᠯᠴᠠᠬᠤ ᠪᠠᠷ ᠠᠵᠠ ᠲᠣᠬᠢᠶᠠᠯ ᠪᠣᠯᠭᠠᠵᠤ᠂ ᠰᠢᠯᠢᠳᠡᠭ ᠲᠤᠷᠰᠢᠯᠭ᠎ᠠ ᠶᠢ ᠰᠢᠩᠭᠡᠬᠡᠨ ᠠᠪᠴᠤ᠂ ᠬᠤᠰᠢᠭᠤᠨ ᠤ ᠪᠣᠳᠠᠲᠤ ᠪᠠᠶᠢᠳᠠᠯ ᠪᠣᠯᠣᠨ ᠪᠣᠭᠤᠮᠲᠠ ᠶᠢᠨ ᠪᠠᠶᠢᠷᠢ ᠲᠣᠭᠲᠠᠭᠠᠯᠲᠠ ᠲᠠᠢ ᠪᠠᠨ ᠤᠶᠠᠯᠳᠤᠭᠤᠯᠵᠤ᠂ ᠬᠥᠭᠵᠢᠯᠲᠡ ᠶᠢᠨ ᠰᠡᠳᠬᠢᠴᠡ ᠪᠠᠨ ᠲᠣᠳᠣᠷᠬᠠᠶᠢᠯᠠᠵᠤ᠂ ᠬᠥᠭᠵᠢᠯᠲᠡ ᠶᠢᠨ ᠴᠢᠭᠯᠡᠯ ᠢᠶᠠᠨ ᠣᠨᠣᠪᠴᠢᠲᠠᠢ ᠣᠯᠵᠤ᠂ ᠰᠢᠨᠵᠢᠯᠡᠨ ᠪᠠᠶᠢᠴᠠᠭᠠᠵᠤ ᠰᠤᠷᠤᠯᠴᠠᠭᠰᠠᠨ ᠦᠷ᠎ᠡ ᠪᠦᠲᠦᠭᠡᠯ ᠢᠶᠠᠨ ᠦᠨᠡᠨᠬᠦ ᠠᠵᠢᠯ ᠢᠶᠠᠨ ᠲᠥᠯᠥᠪᠵᠢᠭᠦᠯᠬᠦ ᠰᠡᠳᠬᠢᠴᠡ᠂ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠪᠣᠯᠭᠠᠨ ᠬᠤᠪᠢᠷᠠᠭᠤᠯᠵᠤ᠂ ᠵᠡᠭᠦᠨ ᠬᠠᠲᠠᠪᠴᠢ ᠪᠣᠭᠤᠮᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯᠣᠨ᠎ᠠ᠃      ᠬᠤᠰᠢᠭᠤ ᠨᠠᠮ ᠤᠨ ᠬᠤᠷᠢᠶ᠎ᠠ ᠶᠢᠨ ᠠᠯᠪᠠᠨ ᠭᠡᠷ᠂ ᠤᠯᠢᠶᠠᠰᠤᠲᠠᠢ ᠪᠠᠯᠭᠠᠰᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠣᠭᠤᠮᠲᠠ ᠶᠢᠨ ᠵᠥᠪᠯᠡᠯ᠂ ᠣᠶ ᠰᠢᠭᠤᠢ ᠨᠤᠲᠤᠭ ᠪᠡᠯᠴᠢᠭᠡᠷ ᠤᠨ ᠲᠣᠪᠴᠢᠶ᠎ᠠ ᠶᠢᠨ ᠬᠠᠮᠢᠶ᠎ᠠ ᠪᠦᠬᠦᠢ ᠤᠳᠤᠷᠢᠳᠤᠯᠭ᠎ᠠ ᠰᠢᠨᠵᠢᠯᠡᠨ ᠪᠠᠶᠢᠴᠠᠭᠠᠬᠤ ᠳᠤ ᠣᠷᠣᠯᠴᠠᠪᠠ᠃
 
ᠢᠷᠡᠯᠲᠡ᠄ ᠵᠡᠭᠦᠨ ᠦᠵᠦᠮᠦᠴᠢᠨ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号