ᠡᠳ᠋ ᠤᠨ ᠵᠠᠰᠠᠭ ᠤᠨ ᠶᠠᠮᠤᠨ ᠤ ᠬᠤᠷᠠᠯᠳᠤᠭᠤᠯᠤᠭᠰᠠᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ᠂ | ᠡᠳ᠋ ᠤᠨ ᠵᠠᠰᠠᠭ ᠤᠨ ᠶᠠᠮᠤᠨ ᠤ ᠬᠤᠯᠪᠣᠭᠳᠠᠯ ᠪᠥᠬᠦᠶ ᠬᠠᠷᠢᠭᠤᠴᠠᠯᠭᠠᠲᠠᠨ ᠠᠴᠠ ᠰᠢᠨ᠎ᠡ ᠡᠨᠧᠷᠭᠢ ᠶᠢᠨ ᠮᠠᠰᠢᠨ | ᠲᠡᠷᠭᠡ ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠡᠷᠡᠭᠵᠢᠬᠦᠯᠬᠦ | ᠪᠠ ᠰᠢᠯᠢᠳᠡᠭᠵᠢᠭᠦᠯᠬᠦ ᠲᠤᠬᠠᠢ ᠪᠣᠳᠠᠲᠠᠶ ᠠᠭᠤᠯᠭ᠎ᠠ ᠶᠢ ᠲᠠᠨᠢᠯᠴᠠᠭᠤᠯᠵᠤ᠂ ᠰᠢᠨ᠎ᠡ ᠡᠨᠧᠷᠭᠢ ᠶᠢᠨ ᠮᠠᠰᠢᠨ ᠲᠡᠷᠭᠡ | ᠬᠤᠳᠠᠯᠳᠤᠨ ᠠᠪᠬᠤ ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ 2027 ᠣᠨ ᠤ ᠡᠴᠦᠰ ᠪᠣᠯᠲᠠᠯ᠎ᠠ | ᠤᠷᠲᠤᠳᠬᠠᠨ᠎ᠠ ᠭᠡᠵᠦ ᠲᠤᠳᠤᠷᠬᠠᠶᠢᠯᠠᠪᠠ᠃ | ᠲᠠᠨᠢᠯᠴᠠᠭᠤᠯᠭ᠎ᠠ ᠶᠢ ᠦᠨᠳᠦᠰᠦᠯᠡᠪᠡᠯ᠂ ᠰᠢᠨ᠎ᠡ ᠡᠨᠧᠷᠭᠢ ᠶᠢᠨ ᠮᠠᠰᠢᠨ ᠲᠡᠷᠭᠡ ᠬᠤᠳᠠᠯᠳᠤᠨ ᠠᠪᠬᠤ | ᠭᠠᠶᠢᠯᠢ ᠶᠢ ᠬᠡᠯᠲᠦᠷᠢᠭᠦᠯᠬᠦ ᠲᠥᠷᠥ ᠶᠢᠨ ᠪᠣᠳᠣᠯᠭ᠎ᠠ ᠶᠢ 4 ᠵᠢᠯ ᠤᠷᠲᠤᠳᠬᠠᠬᠤ ᠪᠤᠯᠤᠨ᠎ᠠ᠂ ᠲᠤᠬᠠᠶᠢᠯᠠᠪᠠᠯ 2027 | ᠣᠨ ᠤ 12 ᠰᠠᠷ᠎ᠠ ᠶᠢᠨ 31 ᠤ ᠡᠳᠦᠷ ᠪᠣᠯᠲᠠᠯ᠎ᠠ ᠤᠷᠲᠤᠳᠬᠠᠨ᠎ᠠ᠃ ᠡᠭᠦᠨ ᠳᠤ᠂ 2024 ᠣᠨ ᠤ 1 ᠳ᠋ᠤᠭᠡᠷ | ᠰᠠᠷ᠎ᠠ ᠶᠢᠨ 1 ᠤ ᠡᠳᠦᠷ ᠠᠴᠠ 2025 ᠣᠨ ᠤ 12 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ | ᠬᠤᠳᠠᠯᠳᠤᠨ ᠠᠪᠤᠭᠰᠠᠨ ᠰᠢᠨ᠎ᠡ ᠡᠨᠧᠷᠭᠢ ᠶᠢᠨ ᠮᠠᠰᠢᠨ ᠲᠡᠷᠭᠡ ᠶᠢᠨ ᠲᠡᠷᠭᠡ ᠬᠥᠰᠬᠡ ᠬᠤᠳᠠᠯᠳᠤᠨ ᠠᠪᠤᠬᠰᠠᠨ | ᠭᠠᠶᠢᠯᠢ ᠶᠢ ᠭᠡᠯᠳᠦᠷᠢᠭᠦᠯᠵᠦ᠂ ᠮᠠᠰᠢᠨ ᠲᠡᠷᠭᠡ ᠨᠢᠭᠡᠪᠦᠷᠢ ᠶᠢᠨ ᠭᠠᠶᠢᠯᠢ ᠬᠡᠯᠳᠦᠷᠢᠬᠦᠯᠬᠦ ᠵᠤᠭᠤᠰᠤᠨ ᠲᠤᠭ᠎ᠠ ᠶᠢ 3 | ᠲᠦᠮᠡᠨ ᠲᠦᠭᠦᠷᠢᠭ ᠠᠴᠠ ᠭᠡᠳᠦᠷᠡᠬᠦᠯᠬᠦ ᠦᠭᠡᠢ︔ 2026 ᠤᠨ ᠤ 1 ᠰᠠᠷ᠎ᠠ ᠶᠢᠨ 1 ᠤ ᠡᠳᠦᠷ ᠠᠴᠠ 2027 | ᠣᠨ ᠤ 12 ᠰᠠᠷ᠎ᠠ ᠶᠢᠨ 31 ᠤ ᠡᠳᠦᠷ ᠪᠣᠯᠲᠠᠯᠠᠬᠢ ᠬᠤᠭᠤᠴᠠᠭᠠᠨ ᠳᠤ ᠬᠤᠳᠠᠯᠳᠤᠨ ᠠᠪᠤᠭᠰᠠᠨ ᠰᠢᠨ᠎ᠡ | ᠡᠨᠧᠷᠭᠢ ᠶᠢᠨ ᠮᠠᠰᠢᠨ ᠲᠡᠷᠭᠡ ᠶᠢᠨ ᠲᠡᠷᠭᠡ ᠬᠥᠰᠬᠡ ᠬᠤᠳᠠᠯᠳᠤᠨ ᠠᠪᠤᠬᠰᠠᠨ ᠭᠠᠶᠢᠯᠢ ᠶᠢ ᠬᠠᠭᠠᠰ ᠢᠶᠠᠷ | ᠭᠡᠯᠳᠦᠷᠢᠭᠦᠯᠵᠦ᠂ ᠮᠠᠰᠢᠨ ᠲᠡᠷᠭᠡ ᠨᠢᠭᠡᠪᠦᠷᠢ ᠶᠢᠨ ᠭᠠᠶᠢᠯᠢ ᠬᠡᠯᠳᠦᠷᠢᠬᠦᠯᠬᠦ ᠵᠤᠭᠤᠰᠤᠨ ᠲᠤᠭ᠎ᠠ ᠶᠢ 1.5 ᠲᠦᠮᠡᠨ | ᠲᠥᠭᠦᠷᠢᠭ ᠠᠴᠠ ᠭᠡᠳᠦᠷᠡᠬᠦᠯᠬᠦ ᠦᠭᠡᠢ᠃ |